
12 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠬᠤ》 ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ — 《ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠤ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠰᠢᠯᠢᠳᠡᠭᠵᠢᠭᠦᠯᠦᠨ ᠳᠡᠭᠡᠭᠰᠢᠯᠡᠭᠦᠯᠬᠦ》 ᠲᠤᠰᠬᠠᠶ ᠲᠠᠯᠠᠪᠤᠷ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠡᠷᠬᠢᠯᠡᠭᠴᠢ ᠴᠧᠨ ᠰᠢᠶᠤᠤ ᠪᠧᠶ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠹᠧᠩ ᠴᠢ ᠵᠢ ᠤᠷᠢᠵᠤ᠂ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠰᠣᠨᠢᠨ ᠮᠡᠳᠡᠭᠡ ᠨᠡᠶ᠋ᠢᠲᠡᠯᠡᠬᠦ ᠪᠠ ᠤᠯᠠᠮᠵᠢᠯᠠᠨ ᠲᠠᠷᠬᠠᠭ᠋ᠠᠬᠤ ᠭᠠᠵᠠᠷ᠎ᠤᠨ ᠳᠠᠷᠤᠭ᠎ᠠ ᠯᠢ ᠵᠢᠩ ᠡᠷᠭᠢᠯᠡᠪᠡ᠃