ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [ 2023] 28 ᠳ᠋ᠤᠭ᠋ᠠᠷ ᠲᠣᠭ᠋ᠠᠲᠤ
《 ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ 》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
ᠡᠳᠦᠭᠡ 《 ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ 》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2023 ᠣᠨ᠎ᠤ 3 ᠳ᠋ᠤᠭ᠋ᠠᠷ ᠰᠠᠷ᠎ᠠ ᠵᠢᠨ 29᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ )᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ
ᠨᠢᠭᠡᠳᠦᠭᠡᠷ ᠵᠦᠢ᠍ᠯ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠠᠵᠢᠯ᠎ᠢ ᠵᠢᠷᠤᠮᠵᠢᠭᠤᠯᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠬᠥᠳᠡᠭᠡ ᠵᠢᠨ ᠲᠥᠯᠦᠪᠵᠢᠭᠦᠯᠭᠡ ᠵᠢᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ ᠵᠢᠨ ᠲᠥᠯᠦᠪᠵᠢᠭᠦᠯᠭᠡ ᠵᠢᠨ ᠳᠦᠷᠢᠮ》 《ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠲᠣᠭᠲᠠᠯᠴᠠᠭ᠎ᠠ ᠵᠢ ᠪᠠᠢ᠌ᠭᠤᠯᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ᠎ᠤᠳ》 《ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠳᠤᠮᠳᠠ ᠭᠤᠷᠪᠠᠨ ᠵᠤᠷᠪᠤᠰ ᠡᠵᠡᠮᠰᠢᠯ ᠱᠤᠭᠤᠮ᠎ᠢ ᠨᠢᠭᠡᠳᠦᠯᠲᠡᠢ ᠲᠥᠯᠥᠪᠯᠡᠨ ᠢᠯᠭ᠋ᠠᠨ ᠲᠣᠭᠲᠠᠭ᠋ᠠᠵᠤ ᠨᠠᠢ᠌ᠳᠠᠪᠤᠷᠢᠵᠢᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠢᠴᠢᠭ ᠮᠠᠲᠸᠷᠢᠶᠠᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠵᠥᠪᠰᠢᠶᠡᠷᠡᠭᠦᠯᠬᠦ᠎ᠪᠠᠷ ᠮᠡᠳᠡᠭᠦᠯᠬᠦ ᠬᠣᠲᠠ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ᠎ᠳᠤ ᠵᠥᠪᠰᠢᠶᠡᠷᠡᠭᠦᠯᠬᠦ᠎ᠪᠠᠷ ᠮᠡᠳᠡᠭᠦᠯᠬᠦ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠬᠢᠨᠠᠨ ᠪᠠᠢ᠌ᠴᠠᠭ᠋ᠠᠯᠭ᠋ᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ᠎ᠳᠤ ᠲᠣᠰ ᠠᠷᠭ᠎ᠠ ᠵᠢ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠨᠢ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠣᠯᠠᠨ ᠨᠡᠢ᠌ᠲᠡ ᠵᠢᠨ ᠲᠥᠯᠥᠭᠡᠯᠡᠭᠴᠢ᠎ᠪᠠᠷ ᠪᠦᠷᠢᠯᠳᠦᠭᠰᠡᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠵᠥᠪᠯᠡᠯ᠎ᠢ ᠪᠠᠢ᠌ᠭᠤᠯᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠂ ᠲᠤᠰᠬᠠᠢ ᠲᠥᠯᠦᠪᠵᠢᠭᠦᠯᠭᠡ᠂ ᠨᠠᠷᠢᠨ ᠲᠣᠳᠣᠷᠬᠠᠢ ᠲᠥᠯᠦᠪᠵᠢᠭᠦᠯᠭᠡ ᠵᠡᠷᠭᠡ ᠵᠢᠨ ᠨᠠᠢ᠌ᠷᠠᠭᠤᠯᠤᠨ ᠵᠣᠬᠢᠶᠠᠵᠤ ᠬᠡᠷᠡᠭᠵᠢᠭᠦᠯᠦᠨ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠬᠤ ᠬᠡᠷᠡᠭᠲᠡᠢ᠃
ᠳᠥᠷᠪᠡᠳᠦᠭᠡᠷ ᠵᠦᠢ᠍ᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠶᠣᠰᠣᠭ᠋ᠠᠷ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠬᠡᠷᠡᠭᠲᠡᠢ᠃ ᠲᠥᠯᠦᠪᠵᠢᠭᠦᠯᠭᠡ ᠵᠢᠨ ᠡᠬᠡ ᠨᠣᠣᠷᠠᠭ ᠪᠦᠷᠢᠯᠳᠦᠭᠰᠡᠨ᠎ᠤ ᠳᠠᠷᠠᠭ᠎ᠠ᠂ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠲᠤᠰᠬᠠᠢ ᠮᠡᠷᠭᠡᠵᠢᠯᠲᠡᠨ᠂ ᠰᠠᠯᠠᠭ᠎ᠠ ᠮᠥᠴᠢᠷ ᠪᠤᠶᠤ ᠨᠢᠭᠡᠴᠢ᠂ ᠨᠡᠢ᠌ᠭᠡᠮ ᠨᠡᠢ᠌ᠲᠡ᠎ᠠᠴᠠ ᠰᠠᠨᠠᠯ ᠬᠤᠷᠢᠶᠠᠬᠤ ᠵᠢᠨ ᠬᠠᠮᠲᠤ ᠬᠠᠤᠯᠢ ᠶᠣᠰᠣᠭ᠋ᠠᠷ ᠲᠥᠯᠦᠪᠵᠢᠭᠦᠯᠭᠡ ᠵᠢᠨ ᠡᠬᠡ ᠨᠣᠣᠷᠠᠭ ᠵᠶ᠋ᠠᠨ ᠵᠠᠷᠯᠠᠨ ᠨᠡᠢ᠌ᠲᠡᠯᠡᠬᠦ ᠬᠡᠷᠡᠭᠲᠡᠢ᠃ ᠵᠠᠷᠯᠠᠨ ᠨᠡᠢ᠌ᠲᠡᠯᠡᠬᠦ ᠬᠤᠭᠤᠴᠠᠭ᠎ᠠ ᠵᠢ 30 ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃
ᠲᠠᠪᠤᠳᠤᠭ᠋ᠠᠷ ᠵᠦᠢ᠍ᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠡᠬᠡ ᠨᠣᠣᠷᠠᠭ ᠵᠶ᠋ᠠᠨ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠬᠢᠨᠠᠨ ᠵᠥᠪᠯᠡᠭᠦᠯᠬᠦ᠎ᠪᠠᠷ ᠳᠡᠪᠰᠢᠭᠦᠯᠬᠦ ᠬᠡᠷᠡᠭᠲᠡᠢ᠃
ᠵᠢᠷᠭᠤᠳᠤᠭ᠋ᠠᠷ ᠵᠦᠢ᠍ᠯ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠳᠡᠭᠡᠭᠰᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨ᠎ᠡ᠂ ᠠᠢ᠌ᠮᠠᠭ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠵᠦ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠬᠢᠯᠭᠡᠬᠦ ᠬᠡᠷᠡᠭᠲᠡᠢ᠃ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠵᠢᠨ ᠠᠭᠤᠯᠭ᠎ᠠ᠎ᠳᠤ ᠭᠣᠣᠯᠳᠠᠭᠤ᠄
(ᠨᠢᠭᠡ) ᠦᠷ᠎ᠡ ᠪᠦᠲᠦᠭᠡᠯ᠎ᠤᠨ ᠪᠦᠷᠢᠨ ᠪᠦᠲᠦᠨ ᠴᠢᠨᠠᠷ᠎ᠤᠨ ᠬᠢᠨᠠᠨ ᠪᠠᠢ᠌ᠴᠠᠭ᠋ᠠᠯᠲᠠ᠃ ᠭᠣᠣᠯᠳᠠᠭᠤ ᠲᠥᠯᠦᠪᠵᠢᠭᠦᠯᠭᠡ ᠵᠢᠨ ᠲᠣᠪᠬᠢᠮᠠᠯ᠂ ᠲᠥᠯᠦᠪᠵᠢᠭᠦᠯᠭᠡ ᠵᠢᠨ ᠲᠣᠳᠣᠷᠬᠠᠢ᠌ᠯᠠᠯᠲᠠ᠂ ᠬᠣᠯᠪᠣᠭᠳᠠᠯ ᠪᠦᠬᠦᠢ ᠮᠠᠲᠸᠷᠢᠶᠠᠯ (ᠲᠣᠰ ᠭᠠᠵᠠᠷ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠢᠨᠠᠨ ᠵᠥᠪᠯᠡᠭᠰᠡᠨ ᠰᠠᠨᠠᠯ᠂ ᠨᠡᠢ᠌ᠭᠡᠮ᠎ᠤᠨ ᠠᠯᠪᠠᠨ ᠵᠠᠷᠯᠠᠯ ᠵᠡᠷᠭᠡ ᠪᠠᠭᠲᠠᠨ᠎ᠠ)᠂ ᠲᠤᠰᠬᠠᠢ ᠰᠡᠳᠦᠪᠲᠦ ᠰᠤᠳᠤᠯᠭ᠋ᠠᠨ᠎ᠤ ᠮᠡᠳᠡᠭᠦᠯᠦᠯᠲᠡ᠂ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ᠂ ᠠᠮᠠᠯᠠᠯᠲᠠ ᠵᠢᠨ ᠵᠦᠢ᠍ᠯᠡᠰ ᠵᠶ᠋ᠠᠨ ᠨᠠᠢ᠌ᠳᠠᠪᠤᠷᠢᠵᠢᠭᠤᠯᠤᠭᠰᠠᠨ ᠮᠡᠳᠡᠭᠦᠯᠦᠯᠲᠡ᠂ ᠲᠥᠯᠦᠪᠵᠢᠭᠦᠯᠭᠡ ᠵᠢᠨ ᠦᠷ᠎ᠡ ᠪᠦᠲᠦᠭᠡᠯ᠎ᠤᠨ ᠲᠣᠭ᠎ᠠ ᠪᠠᠷᠢᠮᠲᠠ ᠵᠢᠨ ᠬᠥᠮᠥᠷᠭᠡ ᠵᠢᠴᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠤᠨ ᠮᠡᠳᠡᠭᠦᠯᠦᠯᠲᠡ ᠵᠡᠷᠭᠡ ᠠᠭᠤᠯᠭ᠎ᠠ ᠵᠢᠨ ᠪᠦᠷᠢᠨ ᠪᠦᠲᠦᠨ ᠴᠢᠨᠠᠷ᠎ᠲᠤ ᠬᠢᠨᠠᠨ ᠪᠠᠢ᠌ᠴᠠᠭ᠋ᠠᠯᠲᠠ ᠬᠢᠨ᠎ᠡ᠃
(ᠬᠣᠶᠠᠷ) ᠦᠷ᠎ᠡ ᠪᠦᠲᠦᠭᠡᠯ᠎ᠤᠨ ᠵᠦᠢ ᠶᠣᠰᠣᠴᠢ ᠴᠢᠨᠠᠷ᠎ᠤᠨ ᠬᠢᠨᠠᠨ ᠪᠠᠢ᠌ᠴᠠᠭ᠋ᠠᠯᠲᠠ᠃ ᠭᠣᠣᠯᠳᠠᠭᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠨᠡᠭᠡᠭᠡᠨ ᠠᠰᠢᠭᠯᠠᠵᠤ ᠬᠠᠮᠠᠭ᠋ᠠᠯᠠᠬᠤ ᠬᠠᠷᠠᠯᠲᠠ᠂ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠋ᠠᠨ᠎ᠤ ᠨᠠᠢ᠌ᠳᠠᠪᠤᠷᠢᠵᠢᠭᠤᠯᠤᠯᠲᠠ ᠵᠢᠴᠢ ᠵᠠᠳᠠᠯᠤᠯᠲᠠ᠂ ᠭᠣᠣᠯ ᠴᠣᠭᠴᠠᠲᠤ ᠴᠢᠳᠠᠮᠵᠢ ᠵᠢᠨ ᠣᠷᠣᠨ᠎ᠤ ᠨᠠᠢ᠌ᠳᠠᠪᠤᠷᠢᠵᠢᠭᠤᠯᠤᠯᠲᠠ ᠬᠢᠭᠡᠳ ᠰᠢᠯᠢᠳᠡᠭᠵᠢᠭᠦᠯᠦᠯᠲᠡ ᠵᠡᠷᠭᠡ᠂ ᠠᠮᠢ ᠠᠬᠤᠢ᠂ ᠬᠣᠲᠠ ᠪᠠᠯᠭ᠋ᠠᠰᠤ ᠵᠢᠴᠢ ᠮᠠᠯ ᠲᠠᠷᠢᠶᠠᠯᠠᠩ᠎ᠤᠨ ᠰᠢᠰᠲᠸᠮ᠎ᠤᠨ ᠪᠠᠢ᠌ᠷᠢᠰᠢᠯ᠂ ᠬᠣᠲᠠ ᠪᠠᠯᠭ᠋ᠠᠰᠤ (ᠲᠣᠰᠬᠤᠨ ᠪᠠᠯᠭ᠋ᠠᠰᠤ) ᠵᠢᠨ ᠲᠣᠭᠲᠠᠯᠴᠠᠭ᠋ᠠᠨ᠎ᠤ ᠪᠠᠢ᠌ᠷᠢᠰᠢᠭᠤᠯᠤᠯᠲᠠ᠂ ᠣᠷᠣᠨ ᠪᠦᠰᠡ ᠵᠢ ᠵᠣᠬᠢᠴᠠᠭᠤᠯᠬᠤ ᠭᠣᠣᠯᠳᠠᠯᠭ᠋ᠠᠲᠤ ᠭᠠᠵᠠᠷ ᠣᠷᠣᠨ᠎ᠤ ᠣᠷᠣᠨ ᠵᠠᠢ ᠵᠢᠨ ᠪᠦᠲᠦᠴᠡ᠂ ᠬᠥᠳᠡᠭᠡ ᠲᠣᠰᠬᠤᠨ᠎ᠤ ᠣᠷᠣᠨ ᠵᠠᠢ ᠵᠢᠨ ᠪᠠᠢ᠌ᠷᠢᠰᠢᠭᠤᠯᠤᠯᠲᠠ ᠵᠡᠷᠭᠡ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠎ᠠ ᠪᠠ ᠲᠡᠦᠬᠡ ᠰᠣᠶᠣᠯ᠎ᠤᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢᠴᠢ ᠣᠷᠣᠨ ᠵᠠᠢ ᠵᠢᠨ ᠬᠠᠮᠢᠶᠠᠷᠴᠤ ᠡᠵᠡᠮᠳᠡᠬᠦ ᠱᠠᠭ᠋ᠠᠷᠳᠠᠯᠭ᠎ᠠ᠂ ᠬᠣᠲᠠ (ᠰᠢᠶᠠᠨ) ᠵᠢᠨ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠣᠷᠣᠨ᠎ᠤ ᠬᠤᠪᠢᠶᠠᠷᠢᠯᠠᠯ ᠪᠠ ᠬᠡᠷᠡᠭᠯᠡᠭᠡ ᠵᠢ ᠬᠠᠮᠢᠶᠠᠷᠤᠨ ᠵᠠᠬᠢᠷᠬᠤ ᠳᠦᠷᠢᠮ᠂ ᠴᠢᠬᠤᠯᠠ ᠶᠡᠬᠡ ᠰᠠᠭᠤᠷᠢ ᠪᠡᠯᠡᠳᠬᠡᠮᠵᠢ ᠵᠢᠨ ᠲᠣᠣᠷ᠎ᠤᠨ ᠪᠠᠢ᠌ᠷᠢᠰᠢᠭᠤᠯᠤᠯᠲᠠ᠂ ᠬᠣᠲᠠ ᠬᠥᠳᠡᠭᠡ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠠᠢ᠌ᠷᠢᠰᠢᠭᠤᠯᠤᠯᠲᠠ ᠪᠠ ᠳᠦᠬᠦᠷᠵᠢᠭᠦᠯᠬᠦ ᠱᠠᠭ᠋ᠠᠷᠳᠠᠯᠭ᠎ᠠ᠂ ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ᠎ᠤᠨ ᠳᠣᠲᠣᠷᠠᠬᠢ᠂ ᠬᠣᠲᠠ ᠵᠢᠨ ᠪᠦᠲᠦᠴᠡ ᠵᠢᠨ ᠴᠢᠨᠠᠷᠲᠠᠢ ᠵᠦᠯᠭᠡ ᠭᠠᠵᠠᠷ᠂ ᠤᠰᠤᠨ ᠴᠣᠭᠴᠠ ᠵᠡᠷᠭᠡ ᠵᠠᠳᠠᠭ᠋ᠠᠢ ᠣᠷᠣᠨ ᠵᠠᠢ ᠵᠢᠨ ᠡᠵᠡᠮᠰᠢᠯ᠎ᠤᠨ ᠬᠡᠪᠴᠢᠶ᠎ᠡ ᠪᠠ ᠲᠡᠩᠴᠡᠭᠦᠷᠢᠲᠡᠢ᠎ᠪᠠᠷ ᠲᠠᠷᠬᠠᠭ᠋ᠠᠬᠤ ᠱᠠᠭ᠋ᠠᠷᠳᠠᠯᠭ᠎ᠠ᠂ ᠬᠤᠷ᠎ᠠ ᠤᠰᠤ ᠵᠢ ᠪᠦᠲᠦᠮᠵᠢᠲᠡᠢ ᠠᠰᠢᠭᠯᠠᠬᠤ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢᠨ ᠡᠵᠡᠮᠰᠢᠯ᠎ᠤᠨ ᠱᠠᠭ᠋ᠠᠷᠳᠠᠯᠭ᠎ᠠ᠂ ᠡᠯ᠎ᠡ ᠲᠥᠷᠥᠯ᠎ᠤᠨ ᠲᠡᠦᠬᠡ ᠰᠣᠶᠣᠯ᠎ᠤᠨ ᠦᠯᠡᠳᠡᠭᠳᠡᠯ᠎ᠤᠨ ᠬᠠᠮᠠᠭ᠋ᠠᠯᠠᠯᠲᠠ ᠵᠢᠨ ᠬᠡᠪᠴᠢᠶ᠎ᠡ ᠪᠠ ᠱᠠᠭ᠋ᠠᠷᠳᠠᠯᠭ᠎ᠠ᠂ ᠰᠠᠯᠬᠢ ᠨᠡᠪᠲᠡᠷᠡᠭᠦᠯᠬᠦ ᠬᠣᠩᠭᠢᠯ ᠵᠠᠮ᠎ᠤᠨ ᠪᠠᠢ᠌ᠷᠢᠰᠢᠯ ᠪᠠ ᠡᠵᠡᠮᠰᠢᠯ᠎ᠤᠨ ᠱᠠᠭ᠋ᠠᠷᠳᠠᠯᠭ᠎ᠠ᠂ ᠬᠣᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠦᠴᠦᠯᠡᠴᠡ ᠵᠢᠨ ᠣᠷᠣᠨ᠎ᠤ ᠬᠤᠪᠢᠶᠠᠷᠢᠯᠠᠯ ᠵᠢᠴᠢ ᠪᠠᠭᠲᠠᠭ᠋ᠠᠮᠵᠢ ᠵᠢᠨ ᠨᠣᠷᠮ᠎ᠠ᠂ ᠨᠢᠭᠲᠠᠴᠠ ᠵᠡᠷᠭᠡ ᠡᠵᠡᠮᠰᠢᠯ᠎ᠤᠨ ᠭᠦᠢ᠍ᠴᠡᠳᠬᠡᠯ ᠲᠣᠭ᠎ᠠ᠂ ᠥᠨᠳᠥᠷ᠎ᠤᠨ ᠬᠡᠮᠵᠢᠶ᠎ᠡ᠂ ᠳᠦᠷᠰᠦ ᠲᠥᠯᠥᠪ ᠵᠡᠷᠭᠡ ᠣᠷᠣᠨ ᠵᠠᠢ ᠵᠢᠨ ᠳᠦᠷᠰᠦ ᠪᠠᠢ᠌ᠳᠠᠯ᠎ᠢ ᠡᠵᠡᠮᠰᠢᠬᠦ ᠱᠠᠭ᠋ᠠᠷᠳᠠᠯᠭ᠎ᠠ᠂ ᠲᠥᠪ ᠪᠣᠯᠬᠤ ᠬᠣᠲᠠ ᠲᠣᠭᠣᠷᠢᠭ (ᠲᠡᠭᠦᠷᠭᠡ ᠪᠠᠯᠭ᠋ᠠᠰᠤ) ᠬᠣᠲᠠ (ᠬᠣᠲᠠ ᠪᠠᠯᠭ᠋ᠠᠰᠤ) ᠵᠢᠨ ᠴᠢᠳᠠᠮᠵᠢ ᠵᠢᠨ ᠪᠠᠢ᠌ᠷᠢᠰᠢᠭᠤᠯᠤᠯᠲᠠ ᠪᠠ ᠬᠡᠷᠡᠭᠯᠡᠬᠦ ᠭᠠᠵᠠᠷ᠎ᠤᠨ ᠪᠦᠲᠦᠴᠡ ᠵᠡᠷᠭᠡ᠂ ᠲᠥᠯᠦᠪᠵᠢᠭᠦᠯᠭᠡ ᠵᠢᠨ ᠬᠡᠷᠡᠭᠵᠢᠭᠦᠯᠬᠦ ᠵᠢ ᠪᠠᠲᠤᠯᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠂ ᠳᠡᠭᠡᠳᠦ ᠱᠠᠲᠤᠨ᠎ᠤ ᠲᠥᠯᠦᠪᠵᠢᠭᠦᠯᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠢᠴᠢ ᠳᠣᠣᠷᠠᠳᠤ ᠱᠠᠲᠤᠨ᠎ᠤ ᠲᠥᠯᠦᠪᠵᠢᠭᠦᠯᠭᠡ ᠵᠢ ᠵᠢᠯᠤᠭᠣᠳᠬᠤ ᠪᠠ ᠬᠢᠵᠠᠭ᠋ᠠᠷᠯᠠᠬᠤ ᠴᠢᠨᠠᠷᠲᠠᠢ ᠱᠠᠭ᠋ᠠᠷᠳᠠᠯᠭ᠎ᠠ ᠵᠡᠷᠭᠡ ᠲᠠᠯ᠎ᠠ ᠵᠢᠨ ᠦᠷ᠎ᠡ ᠪᠦᠲᠦᠭᠡᠯ᠎ᠤᠨ ᠵᠦᠢ ᠶᠣᠰᠣᠴᠢ ᠴᠢᠨᠠᠷ᠎ᠲᠤ ᠬᠢᠨᠠᠨ ᠪᠠᠢ᠌ᠴᠠᠭ᠋ᠠᠯᠲᠠ ᠬᠢᠨ᠎ᠡ᠃
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠬᠢᠨᠠᠨ ᠪᠠᠢ᠌ᠴᠠᠭ᠋ᠠᠬᠤ ᠠᠭᠤᠯᠭ᠎ᠠ ᠵᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠪᠣᠯᠣᠨ᠎ᠠ᠃
ᠳᠣᠯᠣᠳᠤᠭ᠋ᠠᠷ ᠵᠦᠢ᠍ᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠵᠢᠨ ᠰᠠᠨᠠᠯ᠎ᠢ ᠦᠨᠳᠦᠰᠦᠯᠡᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ᠎ᠡ᠃
ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠢ᠌ᠮᠠᠭ ᠬᠣᠲᠠ ᠵᠢᠨ ᠵᠢᠭ᠋ᠠᠪᠤᠷᠢ ᠠᠪᠤᠯᠲᠠ ᠵᠢ ᠣᠯᠣᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠢᠯᠵᠢᠭᠦᠯᠦᠨ ᠰᠢᠢ᠍ᠳᠪᠦᠷᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ ᠰᠠᠨᠠᠯ᠎ᠢ ᠬᠤᠷᠢᠶᠠᠵᠤ ᠬᠤᠷᠢᠶᠠᠩᠭᠤᠢ᠌ᠯᠠᠬᠤ ᠵᠢᠨ ᠬᠠᠮᠲᠤ ᠬᠣᠯᠪᠣᠭᠳᠠᠯ ᠪᠦᠬᠦᠢ ᠰᠠᠨᠠᠯ᠎ᠢ ᠴᠠᠭ ᠲᠤᠬᠠᠢᠳᠤᠨᠢ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠬᠠᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠢ 15 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠬᠠᠷᠢᠭᠤ ᠰᠠᠨᠠᠯ ᠥᠭᠬᠦ ᠬᠡᠷᠡᠭᠲᠡᠢ᠃
ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ ᠬᠠᠷᠢᠭᠤ ᠲᠤᠰᠬᠠᠭᠰᠠᠨ ᠰᠠᠨᠠᠯ᠎ᠢ ᠦᠨᠳᠦᠰᠦᠯᠡᠨ᠂ ᠲᠣᠰ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ᠎ᠪᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢᠨ ᠬᠠᠮᠲᠤ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠢ ᠵᠢᠯᠤᠭᠣᠳᠴᠤ ᠪᠠᠢ᠌ᠭ᠋ᠠᠳ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ᠎ᠨᠢ ᠵᠠᠰᠠᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ᠂ ᠲᠥᠯᠦᠪᠵᠢᠭᠦᠯᠭᠡ ᠵᠢᠨ ᠦᠷ᠎ᠡ ᠪᠦᠲᠦᠭᠡᠯ ᠵᠶ᠋ᠡᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ᠎ᠡ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠦᠷ᠎ᠡ ᠪᠦᠲᠦᠭᠡᠯ᠎ᠳᠤ ᠬᠠᠮᠲᠤᠷᠠᠭᠰᠠᠨ ᠬᠢᠨᠠᠨ ᠪᠠᠢ᠌ᠴᠠᠭ᠋ᠠᠯᠲᠠ ᠬᠢᠵᠦ᠂ ᠬᠢᠨᠠᠨ ᠪᠠᠢ᠌ᠴᠠᠭ᠋ᠠᠯᠲᠠ᠎ᠪᠠᠷ ᠪᠠᠲᠤᠯᠠᠭᠳᠠᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠰᠠᠨᠠᠯ ᠳᠤᠷᠠᠳᠴᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ᠎ᠡ᠂ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠬᠦ ᠡᠷᠬᠡ ᠵᠢᠨ ᠬᠢᠵᠠᠭ᠋ᠠᠷᠲᠤ ᠪᠠᠭᠲᠠᠬᠤ ᠵᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠥᠪᠰᠢᠶᠡᠷᠡᠭᠦᠯᠬᠦ᠎ᠪᠠᠷ ᠳᠡᠪᠰᠢᠭᠦᠯᠦᠨ᠎ᠡ; ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠬᠦ ᠡᠷᠬᠡ ᠵᠢᠨ ᠬᠢᠵᠠᠭ᠋ᠠᠷᠲᠤ ᠪᠠᠭᠲᠠᠬᠤ ᠵᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠵᠥᠪᠰᠢᠶᠡᠷᠡᠭᠦᠯᠬᠦ᠎ᠪᠠᠷ ᠳᠡᠪᠰᠢᠭᠦᠯᠦᠨ᠎ᠡ᠃ ᠬᠢᠨᠠᠨ ᠪᠠᠢ᠌ᠴᠠᠭ᠋ᠠᠯᠲᠠ᠎ᠪᠠᠷ ᠦᠯᠦ ᠪᠠᠲᠤᠯᠠᠭᠳᠠᠭᠰᠠᠨ᠎ᠨᠢ ᠬᠣᠯᠪᠣᠭᠳᠠᠯ ᠪᠦᠬᠦᠢ ᠬᠢᠨᠠᠨ ᠪᠠᠢ᠌ᠴᠠᠭ᠋ᠠᠭᠰᠠᠨ ᠰᠠᠨᠠᠯ ᠵᠶ᠋ᠡᠨ ᠴᠠᠭ ᠲᠤᠬᠠᠢᠳᠤᠨᠢ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠬᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ ᠬᠠᠮᠲᠤᠷᠠᠨ ᠬᠢᠨᠠᠨ ᠪᠠᠢ᠌ᠴᠠᠭ᠋ᠠᠬᠤ ᠳᠡᠰ ᠳᠠᠷᠠᠭ᠋ᠠᠯᠠᠯ᠎ᠢ ᠳᠠᠬᠢᠨᠲᠠ ᠭᠦᠢ᠍ᠴᠡᠳᠬᠡᠨ᠎ᠡ᠃
ᠠᠷᠪᠠᠳᠤᠭ᠋ᠠᠷ ᠵᠦᠢ᠍ᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠦᠷ᠎ᠡ ᠪᠦᠲᠦᠭᠡᠯ᠎ᠢ ᠲᠣᠰ ᠭᠠᠵᠠᠷ ᠣᠷᠣᠨ᠎ᠤ᠎ᠪᠠᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲᠸᠮ᠎ᠳᠤ᠎ᠪᠠᠨ ᠣᠷᠣᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠳᠤ ᠱᠠᠲᠤ ᠳᠠᠷᠠᠭ᠋ᠠᠯᠠᠨ ᠬᠤᠷᠢᠶᠠᠩᠭᠤᠢ᠌ᠯᠠᠵᠤ ᠡᠮᠬᠢᠳᠬᠡᠨ ᠣᠷᠣᠭᠤᠯᠬᠤ ᠬᠡᠷᠡᠭᠲᠡᠢ᠃
ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠨᠡᠢ᠌ᠲᠡᠯᠡᠬᠦ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠢᠯᠡ ᠨᠡᠢ᠌ᠲᠡᠯᠡᠵᠦ ᠪᠣᠯᠬᠤ ᠦᠭᠡᠢ ᠬᠡᠮᠡᠨ ᠲᠣᠭᠲᠠᠭ᠋ᠠᠭᠰᠠᠨ ᠠᠭᠤᠯᠭ᠎ᠠ ᠡᠭᠦᠨ᠎ᠳᠤ ᠪᠠᠭᠲᠠᠬᠤ ᠦᠭᠡᠢ᠃
ᠠᠷᠪᠠᠨ ᠨᠢᠭᠡᠳᠦᠭᠡᠷ ᠵᠦᠢ᠍ᠯ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠵᠥᠪᠰᠢᠶᠡᠷᠡᠭᠦᠯᠦᠮᠡᠭᠴᠡ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠳᠤᠷ᠎ᠠ᠎ᠪᠠᠷ ᠵᠠᠰᠠᠪᠤᠷᠢ ᠣᠷᠣᠭᠤᠯᠬᠤ᠂ ᠲᠣᠭᠲᠠᠭ᠋ᠠᠯ᠎ᠠᠴᠠ ᠵᠥᠷᠢᠴᠡᠵᠦ ᠬᠤᠪᠢᠷᠠᠭ᠋ᠠᠬᠤ ᠪᠦᠷ ᠪᠣᠯᠬᠤ ᠦᠭᠡᠢ᠃ ᠳᠣᠣᠷᠠᠳᠤ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠨᠢ ᠳᠡᠭᠡᠳᠦ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠳᠠᠭ᠋ᠠᠵᠤ᠂ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ᠂ ᠨᠠᠷᠢᠨ ᠲᠣᠳᠣᠷᠬᠠᠢ ᠲᠥᠯᠦᠪᠵᠢᠭᠦᠯᠭᠡ᠎ᠨᠢ ᠶᠡᠷᠦᠩᠬᠡᠢ ᠲᠥᠯᠦᠪᠵᠢᠭᠦᠯᠭᠡ ᠵᠢ ᠳᠠᠭ᠋ᠠᠬᠤ ᠬᠡᠷᠡᠭᠲᠡᠢ; ᠤᠷᠢᠳ ᠵᠶ᠋ᠠᠷ ᠲᠥᠯᠥᠪᠵᠢᠭᠦᠯᠦᠨ ᠳᠠᠷᠠᠭ᠎ᠠ᠎ᠳᠤ᠎ᠨᠢ ᠬᠡᠷᠡᠭᠵᠢᠭᠦᠯᠬᠦ ᠵᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠵᠥᠷᠢᠴᠡᠵᠦ ᠡᠯ᠎ᠡ ᠲᠥᠷᠥᠯ᠎ᠤᠨ ᠨᠡᠭᠡᠭᠡᠨ ᠠᠰᠢᠭᠯᠠᠵᠤ ᠪᠦᠲᠦᠭᠡᠨ ᠪᠠᠢ᠌ᠭᠤᠯᠬᠤ ᠠᠵᠢᠯᠯᠠᠭ᠎ᠠ ᠬᠢᠵᠦ ᠪᠣᠯᠬᠤ ᠦᠭᠡᠢ; 《ᠣᠯᠠᠨ ᠲᠥᠯᠦᠪᠵᠢᠭᠦᠯᠭᠡ ᠵᠢ ᠨᠢᠭᠡ ᠪᠣᠯᠭ᠋ᠠᠬᠤ》 ᠵᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠲᠣᠭᠲᠠᠯᠴᠠᠭ᠎ᠠ᠎ᠠᠴᠠ ᠭᠠᠳᠠᠨ᠎ᠠ ᠪᠤᠰᠤᠳ ᠣᠷᠣᠨ ᠵᠠᠢ ᠵᠢᠨ ᠲᠥᠯᠦᠪᠵᠢᠭᠦᠯᠭᠡ ᠲᠣᠬᠢᠷᠠᠭᠤᠯᠵᠤ ᠪᠣᠯᠬᠤ ᠦᠭᠡᠢ᠃
ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ 《ᠨᠢᠭᠡ ᠵᠢᠯ᠎ᠳᠤ ᠨᠢᠭᠡ ᠤᠳᠠᠭ᠎ᠠ ᠬᠠᠮ ᠰᠢᠨᠵᠢᠯᠡᠭᠡ ᠵᠠᠳᠠᠯᠤᠯᠲᠠ ᠬᠢᠬᠦ᠂ ᠲᠠᠪᠤᠨ ᠵᠢᠯ᠎ᠳᠤ ᠨᠢᠭᠡ ᠤᠳᠠᠭ᠎ᠠ ᠦᠨᠡᠯᠡᠨ ᠵᠢᠱ᠌ᠢᠬᠦ》 ᠱᠠᠭ᠋ᠠᠷᠳᠠᠯᠭ᠎ᠠ ᠶᠣᠰᠣᠭ᠋ᠠᠷ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠡᠷᠡᠭᠵᠢᠭᠦᠯᠦᠭᠰᠡᠨ ᠦᠷ᠎ᠡ ᠳ᠋ᠦᠩ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠯᠲᠠ ᠪᠠ ᠦᠨᠡᠯᠡᠯᠲᠡ ᠬᠢᠬᠦ ᠬᠡᠷᠡᠭᠲᠡᠢ᠃ ᠲᠥᠯᠦᠪᠵᠢᠭᠦᠯᠭᠡ ᠵᠢᠨ ᠬᠠᠮ ᠰᠢᠨᠵᠢᠯᠡᠭᠡ ᠵᠠᠳᠠᠯᠤᠯᠲᠠ ᠦᠨᠡᠯᠡᠯᠲᠡ ᠵᠢᠨ ᠦᠷ᠎ᠡ ᠳ᠋ᠦᠩ᠎ᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ ᠵᠠᠰᠠᠪᠤᠷᠢ ᠣᠷᠣᠭᠤᠯᠬᠤ ᠪᠠ ᠬᠢᠨᠠᠨ ᠪᠣᠳᠣᠯᠲᠠ᠂ ᠬᠠᠤᠯᠢ ᠬᠡᠷᠡᠭᠵᠢᠭᠦᠯᠦᠯᠲᠡ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠢᠮᠳᠠᠭᠤᠯᠤᠨ ᠪᠠᠢ᠌ᠴᠠᠭ᠋ᠠᠬᠤ ᠵᠢᠨ ᠴᠢᠬᠤᠯᠠ ᠯᠠᠪᠯᠠᠯᠲᠠ ᠪᠣᠯᠭ᠋ᠠᠬᠤ ᠵᠢᠨ ᠬᠠᠮᠲᠤ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠥᠯᠦᠪᠵᠢᠭᠦᠯᠭᠡ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠠᠭᠤᠯᠭ᠎ᠠ ᠪᠣᠯᠭ᠋ᠠᠨ᠎ᠠ᠃
ᠠᠷᠪᠠᠨ ᠬᠣᠶᠠᠳᠤᠭ᠋ᠠᠷ ᠵᠦᠢ᠍ᠯ ᠳᠣᠣᠷᠠᠬᠢ ᠪᠠᠢ᠌ᠳᠠᠯ᠎ᠠᠴᠠ ᠨᠢᠭᠡ᠎ᠨᠢ ᠪᠠᠢ᠌ᠪᠠᠯ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠭᠲᠠᠭᠰᠠᠨ ᠡᠷᠬᠡ ᠵᠢᠨ ᠬᠢᠵᠠᠭ᠋ᠠᠷᠯᠠᠯ ᠪᠠ ᠳᠡᠰ ᠳᠠᠷᠠᠭ᠋ᠠᠯᠠᠯ ᠶᠣᠰᠣᠭ᠋ᠠᠷ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠵᠤ ᠪᠣᠯᠣᠨ᠎ᠠ᠄
(ᠨᠢᠭᠡ) ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ᠂ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠨᠥᠬᠥᠴᠡᠯ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ;
(ᠬᠣᠶᠠᠷ) ᠲᠥᠷᠥ ᠵᠢᠨ ᠶᠠᠪᠤᠳᠠᠯ᠎ᠤᠨ ᠬᠣᠷᠢᠶ᠎ᠠ ᠴᠢᠬᠤᠯᠠ ᠶᠡᠬᠡ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠵᠥᠪᠰᠢᠶᠡᠷᠡᠭᠰᠡᠨ᠎ᠠᠴᠠ ᠲᠥᠯᠦᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ;
(ᠭᠤᠷᠪᠠ) ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠲᠥᠯᠦᠪᠵᠢᠭᠦᠯᠭᠡ ᠬᠤᠪᠢᠷᠠᠯᠲᠠ ᠭᠠᠷᠴᠤ᠂ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠱᠠᠭ᠋ᠠᠷᠳᠠᠯᠭ᠎ᠠ ᠳᠤᠷᠠᠳᠤᠭᠰᠠᠨ;
(ᠳᠥᠷᠪᠡ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠲᠣᠬᠢᠷᠠᠭᠤᠯᠤᠭᠰᠠᠨ᠎ᠠᠴᠠ ᠲᠥᠯᠦᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ;
(ᠲᠠᠪᠤ) ᠲᠥᠯᠦᠪᠵᠢᠭᠦᠯᠭᠡ ᠵᠢᠨ ᠬᠠᠮ ᠰᠢᠨᠵᠢᠯᠡᠭᠡ ᠵᠠᠳᠠᠯᠤᠯᠲᠠ ᠬᠢᠵᠦ ᠦᠨᠡᠯᠡᠨ ᠵᠢᠱ᠌ᠢᠭᠡᠳ ᠲᠥᠯᠦᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ;
(ᠵᠢᠷᠭᠤᠭ᠎ᠠ) ᠲᠥᠯᠦᠪᠵᠢᠭᠦᠯᠭᠡ ᠵᠢ ᠬᠢᠨᠠᠨ ᠵᠥᠪᠰᠢᠶᠡᠷᠡᠭᠰᠡᠨ ᠪᠠᠢ᠌ᠭᠤᠯᠭ᠎ᠠ ᠵᠢᠨ ᠦᠵᠡᠬᠦ᠎ᠪᠠᠷ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠴᠢᠬᠤᠯᠠᠲᠠᠢ ᠪᠤᠰᠤᠳ ᠪᠠᠢ᠌ᠳᠠᠯ;
(ᠳᠣᠯᠣᠭ᠎ᠠ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠃
ᠳᠡᠭᠡᠷᠡᠬᠢ ᠪᠠᠢ᠌ᠳᠠᠯ᠎ᠳᠤ ᠨᠡᠢ᠌ᠴᠡᠵᠦ ᠲᠥᠯᠦᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯ ᠤᠤᠯ᠎ᠤᠨ ᠵᠥᠪᠰᠢᠶᠡᠷᠡᠭᠰᠡᠨ ᠪᠠᠢ᠌ᠭᠤᠯᠭ᠎ᠠ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠤᠯᠢ᠎ᠪᠠᠷ ᠲᠣᠭᠲᠠᠭ᠋ᠠᠭᠰᠠᠨ ᠵᠢᠷᠤᠮ ᠵᠶ᠋ᠠᠷ ᠵᠠᠰᠠᠪᠤᠷᠢ ᠣᠷᠣᠭᠤᠯᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠳᠣᠣᠷᠠᠬᠢ ᠪᠠᠢ᠌ᠳᠠᠯ᠎ᠠᠴᠠ ᠨᠢᠭᠡ᠎ᠨᠢ ᠪᠠᠢ᠌ᠪᠠᠯ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠭᠲᠠᠭᠰᠠᠨ ᠡᠷᠬᠡ ᠵᠢᠨ ᠬᠢᠵᠠᠭ᠋ᠠᠷᠯᠠᠯ ᠪᠠ ᠳᠡᠰ ᠳᠠᠷᠠᠭ᠋ᠠᠯᠠᠯ ᠵᠶ᠋ᠠᠷ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠵᠤ ᠪᠣᠯᠣᠨ᠎ᠠ᠄
(ᠨᠢᠭᠡ) ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠲᠣᠮᠣ ᠬᠡᠯᠪᠡᠷᠢ ᠵᠢᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠪᠠᠢ᠌ᠵᠤ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠭᠰᠡᠨ ᠪᠢᠴᠢᠭ ᠮᠠᠲᠸᠷᠢᠶᠠᠯ᠎ᠢ ᠦᠨᠳᠦᠰᠦᠯᠡᠨ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠤᠨ᠎ᠠ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠡᠷ ᠵᠥᠪᠰᠢᠶᠡᠷᠡᠭᠦᠯᠦᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠪᠠᠢ᠌ᠵᠤ᠂ ᠶᠡᠷᠦᠩᠬᠡᠢ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠬᠦ ᠡᠷᠬᠡ ᠵᠢᠨ ᠬᠢᠵᠠᠭ᠋ᠠᠷᠲᠤ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠪᠢᠴᠢᠭ ᠮᠠᠲᠸᠷᠢᠶᠠᠯ᠎ᠢ ᠦᠨᠳᠦᠰᠦᠯᠡᠨ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠤᠨ᠎ᠠ᠃
ᠠᠷᠪᠠᠨ ᠳᠥᠷᠪᠡᠳᠦᠭᠡᠷ ᠵᠦᠢ᠍ᠯ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠪᠤᠶᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ᠎ᠳᠤ ᠳᠣᠣᠷᠠᠬᠢ ᠳᠡᠰ ᠳᠠᠷᠠᠭ᠋ᠠᠯᠠᠯ ᠵᠶ᠋ᠠᠷ ᠶᠠᠪᠤᠭᠤᠯᠤᠨ᠎ᠠ᠄
(ᠨᠢᠭᠡ) ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ᠎ᠪᠠᠷ ᠵᠢᠱ᠌ᠢᠵᠦ ᠪᠠᠢ᠌ᠭ᠎ᠠ ᠪᠣᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠵᠢᠨ ᠤᠴᠢᠷ ᠰᠢᠯᠲᠠᠭ᠋ᠠᠨ ᠵᠢᠴᠢ ᠴᠢᠬᠤᠯᠠ ᠪᠦᠬᠦᠢ ᠴᠢᠨᠠᠷ᠎ᠤᠨ ᠲᠤᠬᠠᠢ ᠵᠢᠭ᠋ᠠᠪᠤᠷᠢ ᠠᠪᠤᠯᠲᠠ ᠵᠢ ᠮᠡᠳᠡᠭᠦᠯᠬᠦ ᠵᠢᠨ ᠬᠠᠮᠲᠤ ᠵᠠᠰᠠᠪᠤᠷᠢ ᠣᠷᠣᠭᠤᠯᠬᠤ ᠪᠣᠳᠠᠲᠠᠢ ᠲᠥᠰᠥᠯ ᠵᠶ᠋ᠠᠨ ᠳᠠᠭ᠋ᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠢ᠌ᠮᠠᠭ ᠬᠣᠲᠠ ᠵᠢᠨ ᠵᠢᠭ᠋ᠠᠪᠤᠷᠢ ᠠᠪᠤᠯᠲᠠ ᠵᠢ ᠳᠤᠰᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠢᠯᠵᠢᠭᠦᠯᠵᠦ ᠰᠤᠳᠤᠯᠤᠭᠤᠯᠤᠨ ᠰᠢᠢ᠍ᠳᠪᠦᠷᠢᠯᠡᠭᠦᠯᠦᠨ᠎ᠡ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠲᠥᠰᠥᠯ᠎ᠳᠤ ᠨᠤᠲᠠᠯᠠᠯᠲᠠ ᠬᠢᠵᠦ᠂ ᠨᠤᠲᠠᠯᠠᠭᠤᠯᠤᠭ᠋ᠠᠳ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠨᠥᠬᠥᠴᠡᠯ᠎ᠳᠤ ᠨᠡᠢ᠌ᠴᠡᠪᠡᠯ᠂ ᠠᠢ᠌ᠮᠠᠭ ᠬᠣᠲᠠ᠎ᠳᠤ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠠᠵᠢᠯ ᠥᠷᠨᠢᠭᠦᠯᠬᠦ ᠬᠠᠷᠢᠭᠤ ᠵᠠᠬᠢᠳᠠᠯ ᠶᠠᠪᠤᠭᠤᠯᠤᠨ᠎ᠠ; ᠨᠥᠬᠥᠴᠡᠯ᠎ᠳᠤ ᠨᠡᠢ᠌ᠴᠡᠬᠦ ᠦᠭᠡᠢ ᠪᠣᠯ᠂ ᠬᠠᠷᠢᠭᠤ ᠵᠠᠬᠢᠳᠠᠯ ᠶᠠᠪᠤᠭᠤᠯᠤᠨ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠨ᠎ᠠ᠃ ᠬᠠᠷᠢᠭᠤ ᠵᠠᠬᠢᠳᠠᠯ᠎ᠢ ᠬᠠᠮᠲᠤᠳᠤᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠬᠠᠭᠤᠯᠤᠨ ᠢᠯᠡᠭᠡᠨ᠎ᠡ᠃
(ᠭᠤᠷᠪᠠ) ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠠᠷᠢᠭᠤ ᠵᠠᠬᠢᠳᠠᠯ᠎ᠤᠨ ᠱᠠᠭ᠋ᠠᠷᠳᠠᠯᠭ᠎ᠠ ᠶᠣᠰᠣᠭ᠋ᠠᠷ᠂ ᠲᠥᠯᠦᠪᠵᠢᠭᠦᠯᠭᠡ ᠵᠢᠨ ᠬᠠᠮ ᠰᠢᠨᠵᠢᠯᠡᠭᠡ ᠵᠠᠳᠠᠯᠤᠯᠲᠠ ᠬᠢᠵᠦ ᠦᠨᠡᠯᠡᠨ ᠵᠢᠱ᠌ᠢᠭᠰᠡᠨ ᠳ᠋ᠦᠩᠨᠡᠯᠲᠡ ᠵᠢ ᠦᠨᠳᠦᠰᠦᠯᠡᠨ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠲᠥᠰᠥᠯ᠎ᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠲᠣᠰ ᠠᠷᠭ᠎ᠠ ᠵᠢᠨ ᠳᠥᠷᠪᠡᠳᠦᠭᠡᠷ ᠵᠦᠢ᠍ᠯ᠎ᠠᠴᠠ ᠠᠷᠪᠠᠨ ᠨᠢᠭᠡᠳᠦᠭᠡᠷ ᠵᠦᠢ᠍ᠯ ᠬᠦᠷᠲᠡᠯᠡᠬᠢ ᠲᠣᠭᠲᠠᠭ᠋ᠠᠯ ᠵᠶ᠋ᠠᠷ ᠭᠦᠢ᠍ᠴᠡᠳᠬᠡᠨ᠎ᠡ᠃
(ᠳᠥᠷᠪᠡ) ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ ᠲᠣᠮᠣ ᠬᠡᠯᠪᠡᠷᠢ ᠵᠢᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠪᠤᠶᠤ ᠥᠪᠡᠷᠲᠡᠭᠡᠨ ᠵᠠᠰᠠᠬᠤ ᠣᠷᠣᠨ᠎ᠤ ᠵᠥᠪᠰᠢᠶᠡᠷᠡᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠡᠷᠡᠭᠯᠡᠬᠦ ᠭᠠᠵᠠᠷ᠎ᠲᠤ ᠪᠠᠭᠲᠠᠭᠰᠠᠨ᠎ᠠᠴᠠ ᠪᠣᠯᠵᠤ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ ( ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠪᠤᠶᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠠ ᠲᠤᠯᠭ᠋ᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠵᠢ ᠦᠨᠳᠦᠰᠦᠯᠡᠵᠦ᠂ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠲᠥᠰᠥᠯ (ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠥᠯ)᠎ᠢ ᠨᠠᠢ᠌ᠷᠠᠭᠤᠯᠤᠨ ᠵᠣᠬᠢᠶᠠᠵᠤ᠂ ᠠᠢ᠌ᠮᠠᠭ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠪᠠᠷ ᠠᠩᠬ᠎ᠠ ᠬᠢᠨᠠᠭᠤᠯᠤᠭᠰᠠᠨᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠲᠥᠰᠥᠯ (ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠥᠯ)᠎ᠳᠤ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠬᠢᠬᠦ ᠵᠢᠨ ᠬᠠᠮᠲᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠨᠤᠲᠠᠯᠠᠯᠲᠠ ᠬᠢᠨ᠎ᠡ; ᠬᠢᠨᠠᠨ ᠪᠠᠢ᠌ᠴᠠᠭ᠋ᠠᠯᠲᠠ ᠨᠤᠲᠠᠯᠠᠯᠲᠠ᠎ᠪᠠᠷ ᠪᠠᠲᠤᠯᠠᠭᠳᠠᠭᠰᠠᠨ ᠲᠥᠯᠦᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠲᠥᠰᠥᠯ (ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠥᠯ) ᠪᠣᠯᠣᠨ ᠮᠡᠳᠡᠭᠦᠯᠦᠨ ᠵᠥᠪᠰᠢᠶᠡᠷᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠮᠠᠲᠸᠷᠢᠶᠠᠯ᠎ᠲᠠᠢ ᠬᠠᠮᠲᠤ ᠮᠡᠳᠡᠭᠦᠯᠦᠨ ᠵᠥᠪᠰᠢᠶᠡᠷᠡᠭᠦᠯᠵᠦ᠂ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠭᠰᠡᠨ ᠪᠢᠴᠢᠭ ᠮᠠᠲᠸᠷᠢᠶᠠᠯ᠎ᠢ ᠣᠯᠣᠭᠰᠠᠨ᠎ᠤ ᠳᠠᠷᠠᠭ᠎ᠠ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠪᠠᠢ᠌ᠷᠢᠰᠢᠭᠤᠯᠤᠯᠲᠠ ᠵᠢᠴᠢ ᠬᠡᠪᠴᠢᠶ᠎ᠡ ᠵᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡ ᠪᠦᠲᠦᠨ ᠲᠥᠯᠥᠪᠯᠡᠭᠡᠨ᠎ᠤ ᠵᠢᠷᠤᠭ》᠎ᠤᠨ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠳᠤ ᠳᠠᠪᠬᠤᠴᠠᠭᠤᠯᠤᠨ ᠨᠡᠮᠡᠵᠦ ᠣᠷᠣᠭᠤᠯᠬᠤ ᠵᠢᠨ ᠬᠠᠮᠲᠤ ᠲᠣᠰ ᠠᠷᠭ᠎ᠠ ᠵᠢᠨ ᠠᠷᠪᠠᠨ ᠨᠢᠭᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠠᠷᠪᠠᠨ ᠲᠠᠪᠤᠳᠤᠭ᠋ᠠᠷ ᠵᠦᠢ᠍ᠯ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠭᠰᠠᠨ᠎ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠤᠷ᠎ᠠ᠎ᠪᠠᠷ ᠡᠵᠡᠯᠡᠨ ᠬᠡᠷᠡᠭᠯᠡᠬᠦ ᠪᠤᠶᠤ ᠲᠡᠭᠦᠨ᠎ᠤ ᠬᠡᠷᠡᠭᠴᠡᠭᠡ ᠵᠢ ᠬᠤᠪᠢᠷᠠᠭᠤᠯᠵᠤ ᠪᠣᠯᠬᠤ ᠦᠭᠡᠢ᠃ ᠤᠯᠤᠰ᠎ᠤᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠡᠷᠢᠭ᠎ᠤᠨ ᠶᠠᠪᠤᠳᠠᠯ᠎ᠤᠨ ᠪᠡᠯᠡᠳᠬᠡᠮᠵᠢ ᠵᠡᠷᠭᠡ ᠭᠣᠣᠯᠳᠠᠯᠭ᠋ᠠᠲᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠭᠠᠵᠠᠷ ᠰᠣᠩᠭᠣᠬᠤ᠎ᠳᠤ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠵᠠᠢ᠌ᠯᠠᠬᠤ᠎ᠳᠤ ᠦᠨᠡᠨ ᠬᠦ᠌ ᠪᠡᠷᠬᠡ᠎ᠲᠠᠢ ᠪᠠᠢ᠌ᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠨ ᠬᠡᠷᠡᠭᠯᠡᠬᠦ ᠪᠤᠶᠤ ᠭᠠᠵᠠᠷ ᠰᠢᠷᠣᠢ ᠲᠠᠲᠠᠪᠤᠷᠢᠯᠠᠨ ᠠᠪᠬᠤ᠎ᠲᠠᠢ ᠬᠣᠯᠪᠣᠭᠳᠠᠪᠠᠯ᠂ ᠡᠷᠬᠡᠪᠰᠢ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠬᠦ ᠬᠡᠷᠡᠭᠲᠡᠢ᠃
ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠢᠯᠭ᠋ᠠᠨ ᠲᠣᠭᠲᠠᠭ᠋ᠠᠮᠠᠭᠴᠠ᠂ ᠵᠥᠪᠰᠢᠶᠡᠷᠡᠯ᠎ᠢ ᠳᠠᠮᠵᠢᠬᠤ ᠦᠭᠡᠢ ᠪᠣᠯ᠂ ᠳᠤᠷ᠎ᠠ᠎ᠪᠠᠷ ᠲᠣᠬᠢᠷᠠᠭᠤᠯᠬᠤ ᠵᠢ ᠴᠠᠭ᠋ᠠᠵᠠᠯᠠᠨ᠎ᠠ᠃ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠪᠤᠷᠢ ᠵᠢ ᠬᠢᠨᠠᠨ ᠰᠢᠨᠵᠢᠭᠰᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠴᠢᠬᠤᠯᠠ ᠴᠢᠨᠠᠷ᠎ᠲᠤ ᠦᠨᠡᠯᠡᠯᠲᠡ ᠬᠢᠭᠰᠡᠨ ᠪᠠ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠲᠠᠪᠤᠨ ᠵᠢᠯ᠎ᠳᠤ ᠨᠢᠭᠡ ᠤᠳᠠᠭ᠎ᠠ ᠦᠨᠡᠯᠡᠨ ᠵᠢᠱ᠌ᠢᠬᠦ》 ᠵᠢ ᠬᠡᠷᠡᠭᠵᠢᠭᠦᠯᠦᠭᠰᠡᠨ ᠪᠠᠢ᠌ᠳᠠᠯ᠎ᠢ ᠦᠨᠳᠦᠰᠦᠯᠡᠵᠦ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠡᠰᠡᠭ ᠲᠠᠯ᠎ᠠ᠎ᠳᠤ ᠵᠠᠰᠠᠪᠤᠷᠢ ᠣᠷᠣᠭᠤᠯᠬᠤ ᠲᠥᠰᠥᠯ᠎ᠢ ᠨᠠᠢ᠌ᠷᠠᠭᠤᠯᠤᠨ ᠵᠣᠬᠢᠶᠠᠵᠤ᠂ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠵᠠᠰᠠᠪᠤᠷᠢ ᠣᠷᠣᠭᠤᠯᠬᠤ ᠲᠥᠰᠥᠯ᠎ᠳᠤ ᠣᠷᠣᠭᠤᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠵᠥᠪᠰᠢᠶᠡᠷᠡᠭᠦᠯᠬᠦ᠎ᠪᠠᠷ ᠮᠡᠳᠡᠭᠦᠯᠦᠨ᠎ᠡ᠃ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠵᠠᠭ᠋ᠠᠭ ᠬᠢᠵᠠᠭ᠋ᠠᠷᠲᠤ ᠲᠣᠬᠢᠷᠠᠭᠤᠯᠤᠯᠲᠠ ᠭᠠᠷᠤᠭᠰᠠᠨ ᠪᠣᠯ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠵᠥᠪᠰᠢᠶᠡᠷᠡᠭᠰᠡᠨ ᠪᠢᠴᠢᠭ ᠮᠠᠲᠸᠷᠢᠶᠠᠯ᠎ᠢ ᠦᠨᠳᠦᠰᠦᠯᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠠᠷᠠᠭ᠋ᠠᠯᠵᠠᠭᠰᠠᠨ ᠲᠣᠬᠢᠷᠠᠭᠤᠯᠤᠯᠲᠠ ᠬᠢᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠰᠢᠨᠡᠳᠬᠡᠨ᠎ᠡ᠃
ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ ᠬᠤᠪᠢᠶᠠᠷᠢᠯᠠᠨ ᠲᠣᠭᠲᠠᠭ᠋ᠠᠮᠠᠭᠴᠠ᠂ ᠵᠠᠷᠴᠢᠮ ᠳᠡᠭᠡᠷ᠎ᠡ᠎ᠪᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ᠂ ᠤᠯᠤᠰ᠎ᠤᠨ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠲᠣᠬᠢᠷᠠᠭᠤᠯᠤᠯᠲᠠ ᠵᠡᠷᠭᠡ᠎ᠠᠴᠠ ᠪᠣᠯᠵᠤ ᠦᠨᠡᠨ ᠬᠦ᠌ ᠲᠣᠬᠢᠷᠠᠭᠤᠯᠬᠤ ᠴᠢᠬᠤᠯᠠᠲᠠᠢ ᠪᠣᠯ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠵᠠᠰᠠᠪᠤᠷᠢ ᠣᠷᠣᠭᠤᠯᠬᠤ ᠳᠡᠰ ᠳᠠᠷᠠᠭ᠋ᠠᠯᠠᠯ ᠵᠶ᠋ᠠᠷ ᠭᠦᠢ᠍ᠴᠡᠳᠬᠡᠨ᠎ᠡ᠃
ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ 《ᠭᠤᠷᠪᠠᠨ ᠵᠤᠷᠪᠤᠰ ᠡᠵᠡᠮᠰᠢᠯ᠎ᠤᠨ ᠱᠤᠭᠤᠮ》᠎ᠳᠤ ᠵᠠᠰᠠᠪᠤᠷᠢ ᠣᠷᠤᠭᠤᠯᠬᠤ᠎ᠳᠤ ᠲᠣᠭᠲᠠᠭ᠋ᠠᠯ ᠭᠠᠷᠭ᠋ᠠᠭᠰᠠᠨ ᠪᠣᠯ᠂ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠠᠷᠪᠠᠨ ᠵᠢᠷᠭᠤᠳᠤᠭ᠋ᠠᠷ ᠵᠦᠢ᠍ᠯ ᠬᠣᠲᠠ ᠵᠢᠨ ᠬᠠᠷᠢᠶ᠎ᠠ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠂ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ᠂ ᠲᠣᠰ ᠠᠷᠭ᠎ᠠ᠎ᠳᠠᠬᠢ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶ᠎ᠠ ᠪᠦᠬᠦᠢ ᠲᠣᠭᠲᠠᠭ᠋ᠠᠯ ᠵᠶ᠋ᠡᠷ ᠯᠠᠪᠯᠠᠯᠲᠠ ᠪᠣᠯᠭ᠋ᠠᠨ ᠭᠦᠢ᠍ᠴᠡᠳᠬᠡᠨ᠎ᠡ᠃
ᠠᠷᠪᠠᠨ ᠳᠣᠯᠣᠳᠤᠭ᠋ᠠᠷ ᠵᠦᠢ᠍ᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠠᠷᠭ᠎ᠠ᠎ᠪᠠᠷ ᠯᠠᠪᠯᠠᠯᠲᠠ ᠪᠣᠯᠭ᠋ᠠᠵᠤ᠂ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠢ᠌ᠲᠤᠷ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠭᠠᠵᠠᠷ ᠰᠢᠷᠣᠢ ᠵᠢᠨ ᠠᠰᠢᠭᠯᠠᠯᠲᠠ ᠵᠢᠨ ᠶᠡᠷᠦᠩᠬᠡᠢ ᠲᠥᠯᠦᠪᠵᠢᠭᠦᠯᠭᠡ ᠵᠢᠨ ᠬᠢᠨᠠᠨ ᠪᠠᠢ᠌ᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [ 2009] 65 ᠳ᠋ᠤᠭ᠋ᠠᠷ ᠲᠣᠭ᠋ᠠᠲᠤ)᠂ 《ᠬᠣᠲᠠ ᠵᠢᠨ ᠶᠡᠷᠦᠩᠬᠡᠢ ᠲᠥᠯᠦᠪᠵᠢᠭᠦᠯᠭᠡ᠎ᠳᠤ ᠵᠠᠰᠠᠪᠤᠷᠢ ᠣᠷᠣᠭᠤᠯᠬᠤ ᠠᠵᠢᠯ᠎ᠤᠨ ᠳᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [ 2017] 85 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 3 ᠳ᠋ᠤᠭ᠋ᠠᠷ ᠰᠠᠷ᠎ᠠ ᠵᠢᠨ 29᠎ᠤ ᠡᠳᠦᠷ ᠳᠠᠷᠤᠮᠠᠯᠯᠠᠨ ᠲᠠᠷᠬᠠᠭ᠋ᠠᠪᠠ