ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 10 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ (ᠦᠬᠡᠷ ᠬᠣᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ (ᠦᠬᠡᠷ ᠬᠣᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2023 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ (ᠦᠬᠡᠷ ᠬᠣᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ
ᠥᠪᠡᠷᠲᠡᠭᠡᠨ ᠵᠠᠰᠠᠬᠤ ᠣᠷᠣᠨ᠎ᠤ ᠠᠯᠠᠰᠢᠨ ᠦᠬᠡᠷ ᠠᠯᠠᠰᠢᠨ ᠬᠣᠨᠢᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠣᠯᠪᠣᠭᠳᠠᠯ ᠪᠦᠬᠦᠢ ᠠᠵᠢᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠠᠵᠢᠯ ᠲᠥᠷᠥᠯ᠎ᠤᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠬᠤ ᠪᠠ ᠬᠦᠴᠦᠷᠬᠡᠭᠵᠢᠭᠦᠯᠦᠨ ᠪᠤᠵᠠᠭ᠋ᠠᠢ᠌ᠷᠠᠭᠤᠯᠬᠤ ᠵᠢ ᠲᠣᠪᠣᠢ᠌ᠯᠭ᠋ᠠᠵᠣ᠂ ᠬᠥᠲᠥᠯᠥᠨ ᠳᠠᠭ᠋ᠠᠭᠤᠯᠵᠤ ᠳᠠᠢ᠌ᠴᠢᠯᠠᠬᠤ ᠦᠢ᠍ᠯᠡᠳᠦᠯ᠎ᠢ᠎ᠨᠢ ᠪᠠᠳᠠᠷᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ (ᠦᠬᠡᠷ ᠬᠣᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠣᠳᠬᠤ ᠪᠡᠯᠡ ᠮᠥᠩᠭᠥ (ᠳᠣᠷᠣᠭᠰᠢ ᠬᠥᠲᠥᠯᠥᠨ ᠵᠢᠯᠤᠭᠣᠳᠬᠤ ᠪᠡᠯᠡ ᠮᠥᠩᠭᠥ ᠭᠡᠵᠦ ᠲᠣᠪᠴᠢᠯᠠᠨ᠎ᠠ) ᠵᠢ ᠲᠣᠬᠢᠷᠠᠭᠤᠯᠬᠤ᠎ᠪᠠᠷ ᠳᠠᠮᠵᠢᠭᠤᠯᠤᠨ᠂ ᠵᠠᠰᠠᠭ ᠪᠠᠩᠬᠢ ᠠᠵᠤ ᠠᠬᠤᠢ᠌ᠯᠠᠯ ᠭᠤᠷᠪᠠᠨ ᠲᠠᠯ᠎ᠠ ᠵᠢᠨ ᠬᠠᠮᠲᠤᠷᠠᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠪᠡᠯᠡ ᠮᠥᠩᠭᠥᠨ᠎ᠤ ᠬᠥᠰᠢᠭᠦᠷᠭᠡ ᠵᠢᠨ ᠦᠷ᠎ᠡ ᠨᠥᠯᠥᠭᠡ ᠵᠢ ᠶᠡᠬᠡᠰᠬᠡᠨ᠂ ᠠᠵᠤ ᠠᠬᠤᠢ᠌ᠯᠠᠯ᠎ᠤᠨ ᠡᠷᠭᠢᠮᠡᠯ ᠪᠡᠯᠡ ᠮᠥᠩᠭᠥᠨ᠎ᠤ ᠪᠡᠯᠡ ᠲᠣᠬᠢᠷᠠᠭᠤᠯᠬᠤ ᠠᠰᠠᠭᠤᠳᠠᠯ᠎ᠢ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠯᠠᠰᠢᠨ ᠦᠬᠡᠷ ᠠᠯᠠᠰᠢᠨ ᠬᠣᠨᠢᠨ᠎ᠤ ᠬᠥᠲᠥᠴᠢ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠴᠢᠩᠭ᠋ᠠᠷᠠᠭᠤᠯᠤᠨ᠂ ᠠᠯᠠᠰᠢᠨ ᠦᠬᠡᠷ ᠠᠯᠠᠰᠢᠨ ᠬᠣᠨᠢᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠦᠨ᠎ᠡ᠃ ᠬᠥᠲᠥᠯᠥᠨ ᠵᠢᠯᠤᠭᠣᠳᠬᠤ ᠪᠡᠯᠡ ᠮᠥᠩᠭᠥ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠰᠡᠳᠬᠢᠴᠡ
ᠬᠥᠲᠥᠯᠥᠨ ᠵᠢᠯᠤᠭᠣᠳᠬᠤ ᠪᠡᠯᠡ ᠮᠥᠩᠭᠥ ᠲᠣᠬᠢᠷᠠᠭᠤᠯᠬᠤ᠎ᠪᠠᠷ ᠳᠠᠮᠵᠢᠭᠤᠯᠵᠤ ᠪᠠᠩᠬᠢ ᠵᠢᠨ ᠪᠠᠷᠢᠴᠠᠭ᠎ᠠ ᠦᠭᠡᠢ᠂ ᠳᠠᠭ᠋ᠠᠭ᠋ᠠᠯᠲᠠ ᠦᠭᠡᠢ ᠢᠲᠡᠭᠡᠮᠵᠢᠲᠦ ᠵᠢᠭᠡᠯᠡᠯᠭᠡ ᠵᠢᠨ ᠵᠣᠭᠣᠰ᠎ᠢ ᠬᠥᠭᠵᠢᠭᠡᠵᠦ ᠢᠲᠡᠭᠡᠮᠵᠢ ᠵᠢ᠎ᠨᠢ ᠨᠡᠮᠡᠭᠳᠡᠭᠦᠯᠦᠨ᠂ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ ᠪᠥᠭᠡᠳ ᠦᠨᠡᠲᠡᠢ ᠪᠠᠢ᠌ᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠤᠨ᠎ᠠ; ᠴᠥᠷᠬᠡᠯᠡᠭᠡ ᠬᠠᠮᠢᠶᠠᠷᠤᠯᠲᠠ ᠪᠠ ᠲᠤᠰᠬᠠᠢ ᠡᠷᠥᠭᠡ ᠵᠢᠨ ᠬᠠᠮᠢᠶᠠᠷᠤᠯᠲᠠ᠎ᠪᠠᠷ ᠳᠠᠮᠵᠢᠭᠤᠯᠤᠨ᠂ ᠲᠤᠰᠬᠠᠢ ᠵᠣᠭᠣᠰ᠎ᠢ ᠲᠤᠰᠬᠠᠢ ᠬᠡᠷᠡᠭᠯᠡᠬᠦ ᠵᠢ ᠪᠡᠶᠡᠯᠡᠭᠦᠯᠵᠦ᠂ ᠪᠡᠯᠡ ᠮᠥᠩᠭᠥᠨ᠎ᠤ ᠠᠶᠤᠯ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ; ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ ᠵᠢ ᠲᠠᠲᠠᠨ ᠣᠷᠣᠭᠤᠯᠵᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ᠎ᠪᠠᠷ ᠪᠤᠢ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ ᠪᠦᠬᠦ ᠶᠠᠪᠤᠴᠠ ᠵᠢᠨ ᠬᠢᠨᠠᠨ ᠡᠵᠡᠮᠳᠡᠬᠦ ᠬᠠᠮᠢᠶᠠᠷᠤᠯᠲᠠ ᠬᠡᠷᠡᠭᠵᠢᠭᠦᠯᠬᠦ᠎ᠪᠠᠷ ᠳᠠᠮᠵᠢᠭᠤᠯᠤᠨ᠂ ᠪᠡᠯᠡ ᠮᠥᠩᠭᠥᠨ᠎ᠤ ᠳᠠᠯᠳᠠ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ᠎ᠡ᠃
ᠬᠣᠶᠠᠷ᠂ ᠪᠡᠯᠡ ᠮᠥᠩᠭᠥᠨ᠎ᠤ ᠢᠷᠡᠯᠲᠡ᠂ ᠬᠡᠷᠡᠭᠴᠡᠭᠡ ᠵᠢᠴᠢ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠂ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ ᠪᠠ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠬᠠᠷᠢᠶ᠎ᠠ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠭᠤᠷᠪᠠᠨ ᠲᠠᠯ᠎ᠠ᠎ᠪᠠᠷ ᠵᠶ᠋ᠠᠨ ᠬᠠᠮᠲᠤ᠎ᠪᠠᠷ ᠪᠡᠯᠡ ᠮᠥᠩᠭᠥ ᠴᠤᠭᠯᠠᠭᠤᠯᠬᠤ᠎ᠪᠠᠷ ᠳᠠᠮᠵᠢᠨ ᠪᠡᠯᠡ ᠮᠥᠩᠭᠥᠨ᠎ᠤ ᠬᠥᠮᠥᠷᠭᠡ ᠪᠠᠢ᠌ᠭᠤᠯᠵᠤ᠂ ᠠᠯᠠᠰᠢᠨ ᠦᠬᠡᠷ ᠠᠯᠠᠰᠢᠨ ᠬᠣᠨᠢᠨ᠎ᠤ ᠬᠥᠲᠥᠴᠢ ᠠᠵᠤ ᠠᠬᠤᠢ᠌ᠯᠠᠯ᠎ᠤᠨ ᠢᠲᠡᠭᠡᠮᠵᠢ ᠵᠢ ᠨᠡᠮᠡᠭᠳᠡᠭᠦᠯᠦᠨ᠂ ᠪᠠᠩᠬᠢ ᠵᠢᠨ ᠪᠠᠷᠢᠴᠠᠭ᠎ᠠ ᠦᠭᠡᠢ᠂ ᠳᠠᠭ᠋ᠠᠭ᠋ᠠᠯᠲᠠ ᠦᠭᠡᠢ ᠢᠲᠡᠭᠡᠮᠵᠢᠲᠦ ᠵᠢᠭᠡᠯᠡᠯᠭᠡ ᠵᠢ 1:10 ᠵᠢᠨ ᠬᠠᠷᠢᠴᠠᠯ ᠵᠶ᠋ᠠᠷ ᠬᠥᠭᠵᠢᠭᠡᠨ ᠭᠥᠢ᠍ᠯᠭᠡᠭᠡᠵᠦ ᠪᠠᠢ᠌ᠭ᠋ᠠᠳ ᠲᠠᠯᠪᠢᠭᠤᠯᠵᠤ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠵᠦ ᠬᠤᠳᠠᠯᠳᠤᠨ ᠠᠪᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠤᠨ ᠬᠤᠳᠠᠯᠳᠤᠬᠤ ᠬᠤᠭᠤᠴᠠᠭ᠋ᠠᠨ᠎ᠳᠠᠬᠢ ᠭᠦᠢ᠍ᠯᠭᠡᠭᠡᠨ᠎ᠤ ᠪᠡᠯᠡ ᠮᠥᠩᠭᠥ ᠳᠤᠲᠠᠭᠳᠠᠬᠤ ᠠᠰᠠᠭᠤᠳᠠᠯ᠎ᠢ ᠨᠠᠮᠳᠠᠭᠤᠯᠤᠨ᠎ᠠ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 2 ᠳ᠋ᠥᠩᠰᠢᠭᠤᠷ ᠲᠥᠭᠥᠷᠢᠭ᠎ᠤᠨ ᠬᠥᠲᠥᠯᠥᠨ ᠵᠢᠯᠤᠭᠣᠳᠬᠤ ᠪᠡᠯᠡ ᠮᠥᠩᠭᠥ ᠲᠣᠬᠢᠷᠠᠭᠤᠯᠤᠨ᠎ᠠ; ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠨᠢ ᠭᠤᠶᠤᠴᠢᠯᠠᠭᠰᠠᠨ ᠵᠢᠭᠡᠯᠡᠯᠭᠡ ᠵᠢᠨ ᠵᠣᠭᠣᠰ᠎ᠤᠨ ᠲᠣᠭ᠎ᠠ ᠵᠢᠨ 10 %᠎ᠪᠠᠷ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ ᠲᠤᠰᠢᠶᠠᠵᠤ᠂ ᠪᠠᠲᠤᠯᠠᠭ᠎ᠠ ᠵᠢᠨ ᠮᠥᠩᠭᠥ᠎ᠨᠢ ᠡᠷᠬᠡᠪᠰᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠥᠪᠡᠷ᠎ᠤᠨ ᠬᠢᠨᠢ ᠪᠡᠯᠡ ᠮᠥᠩᠭᠥ ᠪᠠᠢ᠌ᠬᠤ ᠬᠡᠷᠡᠭᠲᠡᠢ; ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠬᠠᠷᠢᠶ᠎ᠠ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠡᠳ᠋᠎ᠤᠨ ᠵᠠᠰᠠᠭ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠲᠤᠰᠢᠶᠠᠭᠰᠠᠨ ᠪᠠᠲᠤᠯᠠᠭ᠎ᠠ ᠵᠢᠨ ᠮᠥᠩᠭᠥᠨ᠎ᠤ 1:0.5᠎ᠪᠠᠷ ᠢᠵᠢ ᠪᠦᠷᠢᠳᠦᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠵᠢᠯ ᠪᠦᠷᠢ 1500 ᠲᠦᠮᠡᠨ ᠲᠥᠭᠥᠷᠢᠭ᠎ᠤᠨ ᠡᠳ᠋᠎ᠤᠨ ᠵᠠᠰᠠᠭ᠎ᠤᠨ ᠳᠠᠮ ᠬᠦᠦ᠎ᠲᠠᠢ ᠪᠡᠯᠡ ᠮᠥᠩᠭᠥ ᠲᠣᠬᠢᠷᠠᠭᠤᠯᠤᠨ᠎ᠠ᠃ ᠣᠷᠣᠯᠠᠨ ᠲᠥᠯᠥᠬᠦ ᠤᠴᠢᠷ ᠡᠭᠦᠰᠪᠡᠯ᠂ ᠡᠩ ᠲᠡᠷᠢᠭᠦᠨ᠎ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ ᠪᠠ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠲᠤᠰᠢᠶᠠᠭᠰᠠᠨ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ ᠵᠢᠴᠢ ᠬᠠᠳᠠᠭ᠋ᠠᠯᠠᠮᠵᠢ ᠵᠢᠨ ᠵᠣᠭᠣᠰᠤᠨ᠎ᠤ ᠬᠦᠦ ᠮᠥᠩᠭᠥᠨ᠎ᠤ ᠣᠷᠣᠯᠭ᠎ᠠ᠎ᠪᠠᠷ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ᠎ᠢ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠬᠥᠲᠥᠯᠥᠨ ᠵᠢᠯᠤᠭᠣᠳᠬᠤ ᠪᠡᠯᠡ ᠮᠥᠩᠭᠥ ᠪᠠ ᠬᠣᠷᠰᠢᠭᠰᠠᠨ ᠪᠠᠩᠬᠢ᠎ᠨᠢ 7: 3 ᠵᠢᠨ ᠬᠠᠷᠢᠴᠠᠯ ᠵᠶ᠋ᠠᠷ ᠢᠲᠡᠭᠡᠮᠵᠢ ᠵᠢᠨ ᠲᠦᠭᠰᠢᠭᠦᠷᠢ ᠵᠢ ᠬᠤᠪᠢᠳᠠᠨ ᠡᠭᠦᠷᠭᠡᠯᠡᠨ᠎ᠡ᠃ ᠵᠢᠭᠡᠯᠡᠯᠭᠡ ᠵᠢᠨ ᠬᠤᠭᠤᠴᠠᠭ᠎ᠠ ᠲᠤᠯᠵᠤ ᠡᠬᠡ ᠬᠦᠦ ᠮᠥᠩᠭᠥ ᠵᠢ᠎ᠨᠢ ᠪᠤᠴᠠᠭ᠋ᠠᠭᠰᠠᠨ᠎ᠤ ᠳᠠᠷᠠᠭ᠎ᠠ᠂ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ ᠵᠢᠴᠢ ᠬᠠᠳᠠᠭ᠋ᠠᠯᠠᠮᠵᠢ ᠵᠢᠨ ᠬᠦᠦ ᠮᠥᠩᠭᠥ ᠵᠢ ᠪᠦᠬᠦ ᠲᠣᠭ᠎ᠠ᠎ᠪᠠᠷ᠎ᠨᠢ ᠪᠤᠴᠠᠭ᠋ᠠᠬᠤ ᠬᠡᠷᠡᠭᠲᠡᠢ᠃ ᠬᠥᠲᠥᠯᠥᠨ ᠵᠢᠯᠤᠭᠣᠳᠬᠤ ᠪᠡᠯᠡ ᠮᠥᠩᠭᠥᠨ᠎ᠳᠤ ᠲᠤᠰᠬᠠᠢ ᠳᠠᠩᠰᠠ ᠵᠢᠨ ᠬᠠᠮᠢᠶᠠᠷᠤᠯᠲᠠ᠂ ᠪᠢᠳᠡᠭᠦᠯᠵᠢᠯᠡᠨ ᠠᠵᠢᠯᠯᠠᠭᠤᠯᠬᠤ ᠪᠠ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠢ ᠬᠡᠷᠡᠭᠵᠢᠭᠦᠯᠦᠨ᠎ᠡ᠃
ᠭᠤᠷᠪᠠ᠂ ᠰᠠᠯᠠᠭ᠎ᠠ ᠮᠥᠴᠢᠷ ᠨᠢᠭᠡᠴᠢ ᠵᠢᠨ ᠡᠭᠦᠷᠭᠡ ᠬᠠᠷᠢᠭᠤᠴᠠᠯᠭ᠎ᠠ
(ᠨᠢᠭᠡ) ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠡᠭᠦᠷᠭᠡ ᠬᠠᠷᠢᠭᠤᠴᠠᠯᠭ᠎ᠠ᠃ ᠬᠥᠲᠥᠯᠥᠨ ᠵᠢᠯᠤᠭᠣᠳᠬᠤ ᠪᠡᠯᠡ ᠮᠥᠩᠭᠥ᠂ ᠡᠳ᠋᠎ᠤᠨ ᠵᠠᠰᠠᠭ᠎ᠤᠨ ᠳᠠᠮ ᠬᠦᠦ ᠮᠥᠩᠭᠥ ᠵᠡᠷᠭᠡ ᠪᠡᠯᠡ ᠮᠥᠩᠭᠥᠨ᠎ᠤ ᠲᠥᠰᠥᠪ᠎ᠤᠨ ᠬᠠᠮᠢᠶᠠᠷᠤᠯᠲᠠ᠂ ᠪᠡᠯᠡ ᠮᠥᠩᠭᠥ ᠰᠠᠯᠭ᠋ᠠᠨ ᠥᠭᠬᠦ ᠵᠢ ᠬᠠᠷᠢᠭᠤᠴᠠᠨ᠎ᠠ; ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠬᠠᠮᠢᠶᠠᠷᠤᠯᠲᠠ ᠬᠡᠷᠡᠭᠯᠡᠯᠲᠡ ᠵᠢᠨ ᠪᠠᠢ᠌ᠳᠠᠯ᠎ᠳᠤ ᠬᠢᠨᠠᠯᠲᠠ ᠲᠠᠯᠪᠢᠵᠤ ᠵᠢᠯᠣᠭᠣᠳᠤᠯᠭ᠎ᠠ ᠬᠢᠬᠦ ᠵᠢ ᠬᠠᠷᠢᠭᠤᠴᠠᠨ᠎ᠠ; ᠨᠥᠬᠥᠴᠡᠯ᠎ᠲᠠᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠢ ᠢᠯᠡ᠎ᠪᠠᠷ ᠰᠣᠩᠭᠣᠨ ᠲᠣᠭᠲᠠᠭ᠋ᠠᠵᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ (ᠳᠣᠷᠣᠭᠰᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ ᠭᠡᠵᠦ ᠲᠣᠪᠴᠢᠯᠠᠨ᠎ᠠ) ᠪᠣᠯᠭ᠋ᠠᠨ᠎ᠠ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠡᠭᠦᠷᠭᠡ ᠬᠠᠷᠢᠭᠤᠴᠠᠯᠭ᠎ᠠ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠨᠡᠷᠡᠰ᠎ᠢ ᠲᠠᠨᠢᠯᠴᠠᠭᠤᠯᠬᠤ ᠵᠢ ᠬᠠᠷᠢᠭᠤᠴᠠᠬᠤ ᠵᠢᠨ ᠬᠠᠮᠲᠤ᠂ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠢ ᠵᠢᠭ᠋ᠠᠨ ᠵᠢᠯᠤᠭᠣᠳᠴᠤ ᠪᠠᠢ᠌ᠭ᠋ᠠᠳ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠵᠢᠯᠴᠠᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠲᠥᠷᠥᠯ ᠵᠦᠢ᠍ᠯ᠎ᠤᠨ ᠮᠠᠲ᠋ᠧᠷᠢᠶᠠᠯ᠎ᠢ ᠲᠠᠨᠢᠯᠴᠠᠭᠤᠯᠤᠨ᠎ᠠ᠃
(ᠭᠤᠷᠪᠠ) ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ᠃ ᠢᠯᠡ᠎ᠪᠠᠷ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠢ᠌ᠯᠭ᠋ᠠᠬᠤ ᠵᠠᠷᠴᠢᠮ ᠶᠣᠰᠣᠭ᠋ᠠᠷ ᠬᠣᠷᠰᠢᠬᠤ ᠪᠠᠩᠬᠢ ᠵᠢ ᠰᠣᠩᠭᠣᠬᠤ ᠵᠢᠨ ᠬᠠᠮᠲᠤ᠂ ᠬᠣᠷᠰᠢᠭᠰᠠᠨ ᠪᠠᠩᠬᠢ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠯᠤᠭ᠎ᠠ ᠵᠢᠨ ᠡᠳᠦᠷ ᠲᠤᠲᠤᠮ᠎ᠤᠨ ᠨᠡᠪᠲᠡᠷᠡᠯᠴᠡᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ; ᠭᠣᠣᠯᠳᠠᠭᠤ ᠠᠵᠤ ᠠᠬᠤᠢ᠌ᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ ᠪᠠᠢ᠌ᠴᠠᠭ᠋ᠠᠯᠲᠠ ᠬᠢᠬᠦ᠂ ᠵᠢᠭᠡᠯᠡᠯᠭᠡ ᠲᠠᠯᠪᠢᠭᠰᠠᠨ᠎ᠤ ᠳᠠᠷᠠᠭ᠋ᠠᠬᠢ ᠬᠠᠮᠢᠶᠠᠷᠤᠯᠲᠠ᠂ ᠣᠷᠣᠯᠠᠨ ᠲᠥᠯᠥᠬᠦ ᠪᠡᠯᠡ ᠮᠥᠩᠭᠥ ᠵᠢ ᠬᠢᠨᠠᠨ ᠬᠠᠷᠭᠤᠭᠤᠯᠬᠤ ᠵᠢᠴᠢ ᠲᠦᠭᠰᠢᠭᠦᠷᠢ ᠵᠢ ᠰᠡᠷᠡᠮᠵᠢᠯᠡᠭᠦᠯᠬᠦ ᠲᠣᠭᠲᠠᠴᠠ ᠵᠡᠷᠭᠡ ᠪᠥᠬᠥ ᠴᠤᠪᠤᠷᠠᠯ᠎ᠳᠤ ᠴᠥᠷᠬᠡᠯᠡᠭᠰᠡᠨ ᠬᠠᠮᠢᠶᠠᠷᠤᠯᠲᠠ ᠬᠢᠬᠦ ᠵᠢ ᠬᠠᠷᠢᠭᠤᠴᠠᠨ᠎ᠠ; ᠬᠣᠷᠰᠢᠭᠰᠠᠨ ᠪᠠᠩᠬᠢ᠎ᠯᠤᠭ᠎ᠠ ᠬᠠᠮᠵᠢᠯᠴᠠᠨ ᠪᠠᠩᠬᠢ ᠠᠵᠤ ᠠᠬᠤᠢ᠌ᠯᠠᠯ᠎ᠢ ᠰᠢᠭᠤᠳ ᠬᠣᠯᠪᠣᠬᠤ ᠰᠢᠰᠲ᠋ᠧᠮ᠎ᠢ ᠪᠠᠢ᠌ᠭᠤᠯᠵᠤ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ ᠵᠢ ᠰᠣᠩᠭᠣᠨ ᠲᠣᠭᠲᠠᠭ᠋ᠠᠵᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ ᠬᠢᠨᠠᠯᠲᠠ ᠬᠠᠮᠢᠶᠠᠷᠤᠯᠲᠠ ᠬᠢᠯᠬᠡᠵᠦ᠂ ᠬᠣᠷᠰᠢᠭᠰᠠᠨ ᠪᠠᠩᠬᠢ᠎ᠯᠤᠭ᠎ᠠ ᠬᠠᠮᠵᠢᠯᠴᠠᠨ ᠣᠯᠭᠣᠬᠤ ᠵᠣᠭᠣᠰ᠎ᠤᠨ ᠵᠦᠢ᠍ᠯ᠎ᠢ ᠬᠢᠨᠠᠨ ᠬᠠᠷᠭᠤᠭᠤᠯᠵᠤ᠂ ᠦᠬᠡᠷ ᠬᠣᠨᠢ ᠢᠮᠠᠭ᠎ᠠ ᠵᠢᠨ ᠲᠡᠵᠢᠭᠡᠯ ᠲᠣᠭ᠋ᠠᠨ᠎ᠳᠤ ᠣᠷᠣᠭᠤᠯᠤᠭᠰᠠᠨ ᠪᠠ ᠲᠡᠵᠢᠭᠡᠯ ᠲᠣᠭ᠋ᠠᠨ᠎ᠠᠴᠠ ᠭᠠᠷᠭ᠋ᠠᠭᠰᠠᠨ ᠵᠡᠷᠭᠡ ᠪᠠᠢ᠌ᠳᠠᠯ᠎ᠢ ᠬᠠᠷᠭᠤᠭᠤᠯᠤᠨ ᠪᠠᠢ᠌ᠴᠠᠭ᠋ᠠᠨ᠎ᠠ; ᠰᠠᠷ᠎ᠠ᠎ᠪᠠᠷ ᠮᠡᠳᠡᠭᠦᠯᠬᠦ ᠳᠦᠷᠢᠮ᠂ ᠠᠵᠤ ᠠᠬᠤᠢ᠌ᠯᠠᠯ᠎ᠤᠨ ᠬᠠᠷ᠎ᠠ ᠳᠠᠩᠰᠠ ᠵᠢᠨ ᠳᠦᠷᠢᠮ᠎ᠢ ᠪᠠᠢ᠌ᠭᠤᠯᠤᠨ᠎ᠠ᠃
(ᠳᠥᠷᠪᠡ) ᠬᠤᠷᠰᠢᠭᠰᠠᠨ ᠪᠠᠩᠬᠢ ᠵᠢᠨ ᠡᠭᠦᠷᠭᠡ ᠬᠠᠷᠢᠭᠤᠴᠠᠯᠭ᠎ᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠲᠠᠢ ᠬᠠᠮᠲᠤᠷᠠᠨ ᠪᠠᠩᠬᠢ ᠪᠠ ᠠᠵᠤ ᠠᠬᠤᠢ᠌ᠯᠠᠯ᠎ᠤᠨ ᠰᠢᠭᠤᠳ ᠬᠣᠯᠪᠣᠬᠤ ᠰᠢᠰᠲ᠋ᠧᠮ᠎ᠢ ᠪᠠᠢ᠌ᠭᠤᠯᠵᠤ᠂ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠮᠥᠩᠭᠥᠨ ᠭᠦᠢ᠍ᠯᠭᠡᠭᠡᠨ᠎ᠤ ᠨᠡᠷᠡᠳᠬᠦᠨ᠎ᠢ ᠰᠤᠳᠤᠯᠤᠨ ᠨᠡᠭᠡᠭᠡᠬᠦ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ ᠪᠠᠢ᠌ᠴᠠᠭ᠋ᠠᠯᠲᠠ ᠬᠢᠬᠦ᠂ ᠵᠢᠭᠡᠯᠡᠯᠭᠡ ᠲᠠᠯᠪᠢᠬᠤ ᠶᠠᠪᠤᠴᠠ᠎ᠳᠤ ᠬᠢᠨᠠᠨ ᠬᠠᠷᠭᠤᠭᠤᠯᠬᠤ᠂ ᠵᠢᠭᠡᠯᠡᠯᠭᠡ ᠲᠠᠯᠪᠢᠭᠰᠠᠨ᠎ᠤ ᠳᠠᠷᠠᠭ᠋ᠠᠬᠢ ᠬᠠᠮᠢᠶᠠᠷᠤᠯᠲᠠ ᠵᠢ ᠬᠠᠷᠢᠭᠤᠴᠠᠨ᠎ᠠ; ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠲᠠᠢ ᠬᠠᠮᠲᠤᠷᠠᠨ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ ᠵᠢ ᠰᠣᠩᠭᠣᠨ ᠲᠣᠭᠲᠠᠭ᠋ᠠᠵᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ ᠬᠢᠨᠠᠯᠲᠠ ᠬᠠᠮᠢᠶᠠᠷᠤᠯᠲᠠ ᠬᠢᠨ᠎ᠡ; ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠲᠠᠢ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠳᠤᠷᠠᠳᠤᠭᠰᠠᠨ ᠪᠡᠯᠡ ᠮᠥᠩᠭᠥ ᠣᠯᠭᠣᠬᠤ ᠭᠤᠶᠤᠴᠢᠯᠠᠯ᠎ᠢ ᠬᠢᠨᠠᠨ ᠬᠠᠷᠭᠤᠭᠤᠯᠵᠤ᠂ ᠦᠬᠡᠷ ᠬᠣᠨᠢ ᠢᠮᠠᠭ᠎ᠠ ᠵᠢᠨ ᠲᠡᠵᠢᠭᠡᠯ ᠲᠣᠭ᠋ᠠᠨ᠎ᠳᠤ ᠣᠷᠣᠭᠤᠯᠤᠭᠰᠠᠨ ᠪᠠ ᠲᠡᠵᠢᠭᠡᠯ ᠲᠣᠭ᠋ᠠᠨ᠎ᠠᠴᠠ ᠭᠠᠷᠭ᠋ᠠᠭᠰᠠᠨ ᠵᠡᠷᠭᠡ ᠪᠠᠢ᠌ᠳᠠᠯ᠎ᠢ ᠬᠠᠷᠭᠤᠭᠤᠯᠤᠨ ᠪᠠᠢ᠌ᠴᠠᠭ᠋ᠠᠨ᠎ᠠ; ᠣᠷᠣᠯᠠᠨ ᠲᠥᠯᠥᠭᠰᠡᠨ᠎ᠤ ᠳᠠᠷᠠᠭ᠋ᠠᠬᠢ ᠨᠡᠬᠡᠮᠵᠢᠯᠡᠨ ᠬᠤᠷᠢᠶᠠᠬᠤ ᠪᠠ ᠲᠥᠯᠥᠪᠦᠷᠢ ᠵᠢ ᠨᠡᠬᠡᠮᠵᠢᠯᠡᠬᠦ ᠵᠡᠷᠭᠡ ᠠᠵᠢᠯ᠎ᠢ ᠬᠠᠷᠢᠭᠤᠴᠠᠨ᠎ᠠ᠃
ᠳᠥᠷᠪᠡ᠂ ᠭᠤᠶᠤᠴᠢᠯᠠᠬᠤ ᠨᠥᠬᠥᠴᠡᠯ᠂ ᠴᠤᠪᠤᠷᠠᠯ ᠵᠢᠴᠢ ᠵᠢᠭᠡᠯᠡᠯᠭᠡ ᠲᠠᠯᠪᠢᠵᠤ ᠬᠡᠷᠡᠭᠯᠡᠬᠦ
(ᠨᠢᠭᠡ) ᠭᠤᠶᠤᠴᠢᠯᠠᠬᠤ ᠨᠥᠬᠥᠴᠡᠯ᠃ ᠬᠥᠲᠥᠯᠥᠨ ᠵᠢᠯᠤᠭᠣᠳᠬᠤ ᠪᠡᠯᠡ ᠮᠥᠩᠭᠥ᠎ᠨᠢ ᠵᠠᠷᠴᠢᠮ ᠳᠡᠭᠡᠷ᠎ᠡ᠎ᠪᠠᠨ ᠥᠪᠡᠷᠲᠡᠭᠡᠨ ᠵᠠᠰᠠᠬᠤ ᠣᠷᠣᠨ᠎ᠤ ᠬᠢᠯᠢ᠎ᠳᠠᠬᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠡᠷ ᠳᠠᠩᠰᠠᠯᠠᠭᠤᠯᠤᠭ᠋ᠠᠳ ᠪᠦᠬᠦᠯᠢ 2 ᠵᠢᠯ ᠪᠣᠯᠤᠭᠰᠠᠨ᠂ ᠵᠢᠯ᠎ᠤᠨ ᠪᠣᠷᠣᠯᠠᠭᠤᠯᠤᠯᠲᠠ ᠵᠢᠨ ᠨᠣᠷᠮ᠎ᠠ᠎ᠨᠢ 1.5 ᠳ᠋ᠥᠩᠰᠢᠭᠤᠷ ᠲᠥᠭᠥᠷᠢᠭ᠎ᠠᠴᠠ ᠳᠡᠭᠡᠭᠰᠢ ᠪᠠᠢ᠌ᠬᠤ ᠠᠯᠠᠰᠢᠨ ᠦᠬᠡᠷ ᠠᠯᠠᠰᠢᠨ ᠬᠣᠨᠢ ᠢᠮᠠᠭ᠎ᠠ ᠵᠢᠨ ᠡᠳ᠋ᠰᠢᠭᠦᠯᠬᠦ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭᠰᠢᠬᠢ ᠬᠥᠲᠥᠴᠢ ᠠᠵᠤ ᠠᠬᠤᠢ᠌ᠯᠠᠯ᠎ᠢ ᠳᠡᠮᠵᠢᠨ᠎ᠡ᠃ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠨᠢ ᠳᠣᠣᠷᠠᠬᠢ ᠨᠥᠬᠥᠴᠡᠯ᠎ᠢ ᠬᠠᠩᠭ᠋ᠠᠬᠤ ᠬᠡᠷᠡᠭᠲᠡᠢ᠄
1. ᠪᠦᠭᠦ ᠡᠳ᠋ ᠬᠥᠷᠥᠩᠭᠡ ᠵᠢᠨ ᠬᠡᠪᠴᠢᠶ᠎ᠡ᠎ᠨᠢ 3000 ᠲᠦᠮᠡᠨ ᠲᠥᠭᠥᠷᠢᠭ᠎ᠠᠴᠠ ᠳᠡᠭᠡᠭᠰᠢ᠂ ᠲᠣᠭᠲᠠᠮᠠᠯ ᠡᠳ᠋ ᠬᠥᠷᠥᠩᠭᠡ ᠵᠢᠨ ᠬᠡᠪᠴᠢᠶ᠎ᠡ᠎ᠨᠢ 1000 ᠲᠦᠮᠡᠨ ᠲᠥᠭᠥᠷᠢᠭ᠎ᠠᠴᠠ ᠳᠡᠭᠡᠭᠰᠢ ᠪᠠᠢ᠌ᠬᠤ;
2. ᠬᠤᠳᠠᠯᠳᠤᠭ᠋ᠠᠨ᠎ᠤ ᠵᠠᠭᠪᠤᠷ᠎ᠨᠢ ᠲᠣᠳᠣᠷᠬᠠᠢ᠂ ᠣᠢ᠌ᠷ᠎ᠠ ᠵᠢᠨ ᠭᠤᠷᠪᠠᠨ ᠵᠢᠯ᠎ᠳᠤ ᠦᠷᠭᠦᠯᠵᠢᠯᠡᠭᠰᠡᠨ ᠠᠯᠳᠠᠭᠳᠠᠯ ᠪᠠᠢ᠌ᠬᠤ ᠦᠭᠡᠢ᠂ ᠠᠵᠤ ᠠᠬᠤᠢ᠌ᠯᠠᠯ᠎ᠨᠢ ᠦᠷᠭᠦᠯᠵᠢᠯᠡᠨ ᠦᠢ᠍ᠯᠡᠳᠪᠦᠷᠢᠯᠡᠵᠦ᠂ ᠬᠡᠪ᠎ᠤᠨ ᠶᠣᠰᠣᠭ᠋ᠠᠷ ᠠᠵᠢᠯᠯᠠᠵᠤ ᠪᠠᠢ᠌ᠬᠤ ᠪᠥᠭᠡᠳ ᠬᠠᠤᠯᠢ ᠵᠢᠨ ᠡᠷᠬᠡᠲᠡᠨ᠎ᠠᠴᠠ ᠵᠠᠰᠠᠬᠤ᠂ ᠡᠳ᠋᠎ᠤᠨ ᠶᠠᠪᠤᠳᠠᠯ᠂ ᠨᠢᠭᠲᠠᠯᠠᠨ ᠪᠤᠳᠤᠵᠤ ᠲᠣᠭ᠋ᠠᠴᠠᠭ᠎ᠠ ᠬᠢᠬᠦ ᠪᠦᠷᠢᠨ ᠲᠡᠭᠦᠯᠳᠡᠷ ᠳᠦᠷᠢᠮ᠎ᠲᠠᠢ ᠪᠠᠢ᠌ᠬᠤ;
3. ᠠᠵᠤ ᠠᠬᠤᠢ᠌ᠯᠠᠯ ᠵᠢᠴᠢ ᠲᠡᠭᠦᠨ᠎ᠤ ᠬᠠᠤᠯᠢ ᠵᠢᠨ ᠡᠷᠬᠡᠲᠡᠨ᠎ᠤ ᠲᠥᠯᠥᠭᠡᠯᠡᠭᠴᠢ᠂ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠪᠣᠯᠣᠨ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠎ᠨᠢ ᠴᠥᠮ ᠢᠲᠡᠭᠡᠯ ᠬᠦᠨᠳᠦ᠎ᠪᠠᠷ ᠰᠠᠢ᠌ᠨ ᠪᠠᠢ᠌ᠵᠤ᠂ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠪᠠᠢ᠌ᠭᠤᠯᠭ᠎ᠠ᠂ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠠᠴᠠ ᠰᠢᠢ᠍ᠳᠬᠡᠨ ᠲᠣᠷᠭ᠋ᠠᠭᠰᠠᠨ ᠨᠥᠯᠥᠭᠡ ᠮᠠᠭᠤᠲᠠᠢ ᠲᠡᠮᠳᠡᠭᠯᠡᠯ ᠪᠠᠢ᠌ᠬᠤ ᠦᠭᠡᠢ᠂ ᠪᠠᠩᠬᠢ ᠵᠢᠨ ᠨᠥᠯᠥᠭᠡ ᠮᠠᠭᠤᠲᠠᠢ ᠢᠲᠡᠭᠡᠮᠵᠢ ᠵᠢᠨ ᠲᠡᠮᠳᠡᠭᠯᠡᠯ ᠵᠢᠴᠢ ᠬᠠᠷ᠎ᠠ ᠳᠠᠩᠰᠠ ᠵᠢᠨ ᠲᠡᠮᠳᠡᠭᠯᠡᠯ ᠪᠠᠢ᠌ᠬᠤ ᠦᠭᠡᠢ;
4. ᠲᠥᠷᠥᠯ ᠵᠦᠢ᠍ᠯ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠳᠡᠮᠵᠢᠬᠦ ᠴᠢᠭᠯᠡᠯ᠎ᠳᠤ ᠨᠡᠢ᠌ᠴᠡᠵᠦ᠂ ᠵᠣᠭᠣᠰ ᠵᠢᠭᠡᠯᠡᠬᠦ ᠬᠡᠷᠡᠭᠴᠡᠭᠡ ᠵᠢᠴᠢ ᠵᠣᠭᠣᠰ ᠵᠶ᠋ᠡᠨ ᠪᠤᠴᠠᠭ᠋ᠠᠬᠤ ᠢᠷᠡᠯᠲᠡ ᠲᠣᠳᠣᠷᠬᠠᠢ ᠪᠥᠭᠡᠳ ᠬᠠᠤᠯᠢ᠎ᠳᠤ ᠨᠡᠢ᠌ᠴᠡᠭᠰᠡᠨ ᠪᠠᠢ᠌ᠬᠤ᠃
(ᠬᠣᠶᠠᠷ) ᠭᠤᠶᠤᠴᠢᠯᠠᠨ ᠮᠡᠳᠡᠭᠦᠯᠬᠦ ᠴᠤᠪᠤᠷᠠᠯ᠃ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠨᠢ ᠬᠠᠷᠢᠶᠠᠯᠠᠭᠳᠠᠬᠤ ᠬᠠᠷᠢᠴᠠᠭ᠎ᠠ᠎ᠪᠠᠷ ᠵᠡᠷᠭᠡ᠎ᠳᠤ᠎ᠨᠢ ᠬᠠᠷᠢᠶ᠎ᠠ ᠪᠦᠬᠦᠢ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ ᠵᠢᠴᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠲᠠᠢ ᠬᠠᠮᠲᠤᠷᠠᠨ 3 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠨ ᠮᠡᠳᠡᠭᠦᠯᠦᠭᠰᠡᠨ ᠲᠥᠷᠥᠯ ᠵᠦᠢ᠍ᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠠᠢ᠌ᠮᠠᠭ ᠬᠣᠲᠠ ᠵᠢᠨ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠲᠤ ᠲᠤᠰᠢᠶᠠᠬᠤ ᠬᠡᠷᠡᠭᠲᠡᠢ᠃ ᠠᠢ᠌ᠮᠠᠭ ᠬᠣᠲᠠ ᠵᠢᠨ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ 5 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠲᠤᠰᠢᠶᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠳᠤᠰᠤᠭᠰᠠᠨ᠎ᠤ ᠳᠠᠷᠠᠭ᠎ᠠ ᠳᠠᠷᠤᠢ᠎ᠳᠤ᠎ᠨᠢ ᠬᠣᠷᠰᠢᠭᠰᠠᠨ ᠪᠠᠩᠬᠢ᠎ᠲᠠᠢ ᠬᠠᠮᠲᠤᠷᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠢ᠌ᠴᠠᠭ᠋ᠠᠯᠲᠠ ᠬᠢᠬᠦ ᠵᠢᠨ ᠬᠠᠮᠲᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠢ᠌ᠴᠠᠭ᠋ᠠᠯᠲᠠ ᠵᠢᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠠᠩᠬᠠᠨ᠎ᠤ ᠬᠢᠨᠠᠯᠲᠠ᠎ᠪᠠᠷ ᠳᠡᠮᠵᠢᠨ ᠵᠢᠭᠡᠯᠡᠯᠭᠡ ᠵᠢᠭᠡᠯᠡᠬᠦ ᠨᠥᠬᠥᠴᠡᠯ᠎ᠳᠤ ᠨᠡᠢ᠌ᠴᠡᠭᠰᠡᠨ ᠪᠥᠭᠡᠳ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ ᠵᠢᠭᠡᠯᠡᠯᠭᠡ ᠵᠢᠭᠡᠯᠡᠬᠦ ᠵᠢ ᠵᠥᠪᠰᠢᠶᠡᠷᠡᠭᠰᠡᠨ ᠪᠠᠢ᠌ᠪᠠᠯ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠳᠤ 3 ᠡᠳᠦᠷ᠎ᠤᠨ ᠳᠣᠲᠣᠷ᠎ᠠ ᠬᠢᠨᠠᠵᠤ ᠵᠢᠭᠡᠯᠡᠭᠦᠯᠬᠦ ᠵᠣᠭᠣᠰᠤᠨ᠎ᠤ ᠲᠣᠭ᠎ᠠ ᠵᠢᠨ 10%᠎ᠪᠠᠷ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠮᠡᠳᠡᠭᠳᠡᠵᠦ᠂ ᠬᠠᠷᠢᠶ᠎ᠠ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ 3 ᠡᠳᠦᠷ᠎ᠤᠨ ᠳᠣᠲᠣᠷ᠎ᠠ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠲᠤᠰᠢᠶᠠᠭᠰᠠᠨ ᠪᠠᠲᠤᠯᠠᠭ᠎ᠠ ᠵᠢᠨ ᠮᠥᠩᠭᠥᠨ᠎ᠤ 1:0.5᠎ᠪᠠᠷ ᠲᠥᠬᠥᠷᠵᠢᠭᠦᠯᠬᠦ ᠵᠢ ᠮᠡᠳᠡᠭᠳᠡᠬᠦ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ ᠪᠣᠯᠣᠨ ᠬᠠᠷᠢᠶ᠎ᠠ ᠠᠢ᠌ᠮᠠᠭ ᠬᠣᠲᠠ[ᠬᠣᠰᠢᠭᠤ ᠰᠢᠶᠠᠨ (ᠬᠣᠲᠠ᠂ ᠲᠣᠭᠣᠷᠢᠭ)] ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ᠎ᠪᠠᠨ ᠭᠦᠢ᠍ᠴᠡᠳ ᠲᠤᠰᠢᠶᠠᠭᠰᠠᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠭᠦᠢ᠍ᠴᠡᠳᠬᠡᠵᠦ᠂ ᠳᠡᠮᠵᠢᠬᠦ᠎ᠪᠠᠷ ᠪᠠᠢ᠌ᠭ᠎ᠠ ᠲᠥᠷᠥᠯ ᠵᠦᠢ᠍ᠯ ᠵᠶ᠋ᠡᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
(ᠭᠤᠷᠪᠠ) ᠵᠢᠭᠡᠯᠡᠯᠭᠡ ᠲᠠᠯᠪᠢᠬᠤ᠃
1. ᠵᠢᠭᠡᠯᠡᠯᠭᠡ ᠲᠠᠯᠪᠢᠬᠤ᠎ᠠᠴᠠ ᠡᠮᠦᠨᠡᠬᠢ ᠪᠠᠢ᠌ᠴᠠᠭ᠋ᠠᠯᠲᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠣᠷᠰᠢᠭᠰᠠᠨ ᠪᠠᠩᠬᠢ᠎ᠲᠠᠢ᠎ᠪᠠᠨ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠳᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠢ᠌ᠴᠠᠭ᠋ᠠᠯᠲᠠ ᠬᠢᠬᠦ ᠵᠢᠨ ᠬᠠᠮᠲᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ ᠪᠠᠢ᠌ᠴᠠᠭ᠋ᠠᠯᠲᠠ ᠵᠢᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠦᠨᠳᠦᠰᠦᠨ ᠪᠠᠢ᠌ᠳᠠᠯ᠂ ᠡᠳ᠋᠎ᠤᠨ ᠶᠠᠪᠤᠳᠠᠯ᠎ᠤᠨ ᠪᠠᠢ᠌ᠳᠠᠯ᠂ ᠦᠢ᠍ᠯᠡᠳᠪᠦᠷᠢᠯᠡᠯ ᠡᠵᠡᠩᠨᠡᠯᠲᠡ ᠵᠢᠨ ᠪᠠᠢ᠌ᠳᠠᠯ ᠪᠣᠯᠣᠨ ᠵᠠᠬ᠎ᠠ ᠳᠡᠯᠭᠡᠭᠦᠷ᠎ᠤᠨ ᠪᠠᠢ᠌ᠳᠠᠯ᠂ ᠬᠣᠯᠪᠣᠭᠳᠠᠬᠤ ᠠᠵᠤ ᠠᠬᠤᠢ᠌ᠯᠠᠯ ᠵᠢᠴᠢ ᠬᠣᠯᠪᠣᠭᠳᠠᠬᠤ ᠠᠷᠠᠯᠵᠢᠶᠠᠨ᠎ᠤ ᠪᠠᠢ᠌ᠳᠠᠯ᠂ ᠥᠪᠡᠷ᠎ᠤᠨ ᠬᠢᠨᠢ ᠪᠡᠯᠡ ᠮᠥᠩᠭᠥ ᠵᠢ᠎ᠨᠢ ᠬᠢᠨᠠᠨ ᠬᠠᠷᠭᠤᠭᠤᠯᠬᠤ᠂ ᠲᠥᠭᠰᠢᠭᠦᠷᠢᠲᠦ ᠬᠥᠷᠥᠩᠭᠡ ᠵᠢᠨ ᠲᠣᠭ᠎ᠠ ᠬᠡᠮᠵᠢᠶ᠎ᠡ ᠵᠢ ᠲᠥᠰᠥᠭᠡᠯᠡᠨ ᠪᠤᠳᠤᠬᠤ᠂ ᠵᠢᠭᠡᠯᠡᠯᠭᠡ ᠵᠢᠨ ᠲᠥᠷᠥᠯ ᠵᠦᠢ᠍ᠯ᠎ᠤᠨ ᠪᠠᠢ᠌ᠳᠠᠯ ᠵᠢᠴᠢ ᠵᠣᠭᠣᠰ ᠵᠶ᠋ᠠᠨ ᠲᠥᠯᠥᠬᠦ ᠲᠥᠰᠥᠯ ᠵᠡᠷᠭᠡ ᠠᠭᠤᠯᠭ᠎ᠠ ᠪᠠᠭᠲᠠᠬᠤ ᠪᠣᠯᠪᠠᠴᠤ ᠡᠳᠡᠭᠡᠷ᠎ᠲᠤ ᠯᠠ ᠬᠢᠵᠠᠭ᠋ᠠᠠᠷᠯᠠᠭᠳᠠᠬᠣ ᠦᠭᠡᠢ᠃
2. ᠬᠤᠭᠤᠴᠠᠭ᠎ᠠ ᠬᠢᠵᠠᠭ᠋ᠠᠷ᠂ ᠲᠣᠭ᠎ᠠ ᠬᠡᠮᠵᠢᠶ᠎ᠡ᠂ ᠬᠦᠦ ᠵᠢᠨ ᠨᠤᠷᠮ᠎ᠠ ᠬᠢᠭᠡᠳ ᠳᠠᠮ ᠬᠦᠦ᠃ ᠵᠢᠭᠡᠯᠡᠯᠭᠡ ᠵᠢᠨ ᠬᠤᠭᠤᠴᠠᠭ᠎ᠠ ᠬᠢᠵᠠᠭ᠋ᠠᠷ᠎ᠢ ᠵᠠᠷᠴᠢᠮ ᠳᠡᠭᠡᠷ᠎ᠡ᠎ᠪᠠᠨ 1 ᠵᠢᠯ᠎ᠠᠴᠠ ᠬᠡᠲᠦᠷᠡᠭᠦᠯᠬᠦ ᠦᠭᠡᠢ᠂ ᠲᠣᠭ᠎ᠠ ᠬᠡᠮᠵᠢᠶ᠎ᠡ ᠵᠢ ᠵᠠᠷᠴᠢᠮ ᠳᠡᠭᠡᠷ᠎ᠡ᠎ᠪᠠᠨ ᠡᠷᠦᠬᠡ ᠨᠢᠭᠡᠪᠦᠷᠢ ᠵᠢ 1 ᠳ᠋ᠥᠩᠰᠢᠭᠤᠷ ᠲᠥᠭᠥᠷᠢᠭ᠎ᠠᠴᠠ ᠬᠡᠲᠦᠷᠡᠭᠦᠯᠬᠦ ᠦᠭᠡᠢ᠃ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ᠂ ᠪᠡᠯᠡ ᠲᠣᠬᠢᠷᠠᠭᠤᠯᠬᠤ᠎ᠳᠤ ᠦᠨᠡᠲᠡᠢ ᠪᠠᠢ᠌ᠬᠤ ᠠᠰᠠᠭᠤᠳᠠᠯ᠎ᠢ ᠨᠠᠮᠳᠠᠭᠤᠯᠬᠤ ᠵᠢᠨ ᠲᠤᠰᠠᠳᠠ᠂ ᠬᠣᠷᠰᠢᠭᠰᠠᠨ ᠪᠠᠩᠬᠢ᠎ᠠᠴᠠ ᠵᠢᠭᠡᠯᠡᠯᠭᠡ ᠵᠢᠨ ᠬᠦᠦ ᠵᠢᠨ ᠨᠣᠷᠮ᠎ᠠ ᠵᠢᠨ ᠲᠠᠯ᠎ᠠ᠎ᠪᠠᠷ ᠬᠠᠷᠠᠭ᠋ᠠᠯᠵᠠᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠠᠷᠠᠳ᠎ᠤᠨ ᠪᠠᠩᠬᠢ᠎ᠠᠴᠠ ᠨᠡᠢ᠌ᠲᠡᠯᠡᠭᠰᠡᠨ ᠲᠤᠰ ᠬᠤᠭᠤᠴᠠᠭ᠋ᠠᠨ᠎ᠤ LPR᠎ᠤᠨ 50 %᠎ᠪᠠᠷ ᠳᠠᠮ ᠬᠦᠦ ᠣᠯᠭᠣᠨ᠎ᠠ᠃
3. ᠵᠢᠭᠡᠯᠡᠯᠭᠡ ᠲᠠᠯᠪᠢᠬᠤ᠃ ᠵᠢᠭᠡᠯᠡᠯᠭᠡ ᠵᠢ ᠬᠢᠨᠠᠨ ᠵᠥᠪᠰᠢᠶᠡᠷᠡᠭᠰᠡᠨ᠎ᠤ ᠳᠠᠷᠠᠭ᠎ᠠ᠂ ᠬᠣᠷᠰᠢᠭᠰᠠᠨ ᠪᠠᠩᠬᠢ᠎ᠨᠢ ᠵᠢᠭᠡᠯᠡᠯᠭᠡ ᠵᠢᠨ ᠠᠵᠤ ᠠᠬᠤᠢ᠌ᠯᠠᠯ᠎ᠯᠤᠭ᠎ᠠ ᠬᠠᠮᠢᠶ᠎ᠠ ᠪᠦᠬᠦᠢ ᠭᠡᠷ᠎ᠡ ᠲᠣᠭᠲᠠᠵᠤ᠂ ᠵᠢᠭᠡᠯᠡᠯᠭᠡ ᠵᠢᠨ ᠲᠣᠭ᠎ᠠ ᠬᠡᠮᠵᠢᠶ᠎ᠡ᠂ ᠬᠤᠭᠤᠴᠠᠭ᠎ᠠ ᠬᠢᠵᠠᠭ᠋ᠠᠷ᠂ ᠬᠦᠦ ᠵᠢᠨ ᠨᠣᠷᠮ᠎ᠠ᠂ ᠬᠡᠷᠡᠭᠴᠡᠭᠡ᠂ ᠵᠣᠭᠣᠰ ᠵᠶ᠋ᠠᠨ ᠲᠥᠯᠥᠬᠦ ᠪᠠᠲᠤᠯᠠᠭ᠎ᠠ ᠵᠢᠴᠢ ᠲᠦᠭᠰᠢᠭᠦᠷᠢ ᠵᠢ ᠰᠢᠢ᠍ᠳᠪᠦᠷᠢᠯᠡᠬᠦ ᠵᠡᠷᠭᠡ ᠠᠭᠤᠯᠭ᠎ᠠ ᠵᠢ ᠲᠣᠳᠣᠷᠬᠠᠢ᠌ᠯᠠᠬᠤ ᠬᠡᠷᠡᠭᠲᠡᠢ᠃ ᠬᠣᠷᠰᠢᠭᠰᠠᠨ ᠪᠠᠩᠬᠢ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠪᠣᠯᠵᠣᠨ ᠲᠣᠭᠲᠠᠭᠰᠠᠨ ᠵᠣᠭᠣᠰ ᠭᠠᠷᠭ᠋ᠠᠵᠤ ᠠᠪᠬᠤ ᠨᠥᠬᠥᠴᠡᠯ᠎ᠢ ᠬᠠᠩᠭ᠋ᠠᠬᠤ ᠵᠢ᠎ᠨᠢ ᠬᠢᠨᠠᠨ ᠪᠠᠢ᠌ᠴᠠᠭ᠋ᠠᠭᠰᠠᠨ᠎ᠤ ᠳᠠᠷᠠᠭ᠎ᠠ᠂ ᠪᠣᠯᠵᠣᠨ ᠲᠣᠭᠲᠠᠭᠰᠠᠨ ᠭᠡᠷ᠎ᠡ ᠶᠣᠰᠣᠭ᠋ᠠᠷ ᠵᠢᠭᠡᠯᠡᠯᠭᠡ᠎ᠪᠠᠨ ᠴᠠᠭ ᠲᠤᠬᠠᠢᠳᠤᠨᠢ ᠲᠠᠯᠪᠢᠵᠤ᠂ ᠵᠢᠭᠡᠯᠡᠯᠭᠡ ᠵᠢᠨ ᠪᠡᠯᠡ ᠮᠥᠩᠭᠥ ᠵᠢ ᠵᠢᠭᠡᠯᠡᠯᠭᠡ ᠵᠢᠨ ᠳᠠᠩᠰᠠᠨ ᠡᠷᠦᠭᠡ᠎ᠳᠤ ᠣᠷᠣᠭᠤᠯᠤᠨ ᠲᠣᠭ᠋ᠠᠴᠠᠭ᠎ᠠ ᠬᠢᠵᠦ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠣᠷᠰᠢᠭᠰᠠᠨ ᠪᠠᠩᠬᠢ᠎ᠯᠤᠭ᠎ᠠ ᠵᠢᠭᠡᠯᠡᠯᠭᠡ ᠵᠢᠨ ᠳᠠᠩᠰᠡᠨ ᠡᠷᠦᠭᠡ ᠵᠢ ᠪᠦᠬᠦ ᠶᠠᠪᠤᠴᠠ᠎ᠳᠤ᠎ᠨᠢ ᠬᠢᠨᠠᠨ ᠡᠵᠡᠮᠳᠡᠬᠦ ᠬᠡᠷᠡᠭᠲᠡᠢ᠃
ᠲᠠᠪᠤ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ
(ᠨᠢᠭᠡ) ᠪᠥᠬᠥ ᠴᠤᠪᠤᠷᠠᠯ᠎ᠳᠤ ᠴᠥᠷᠬᠡᠯᠡᠨ ᠬᠠᠮᠢᠶᠠᠷᠬᠤ᠃
1. ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠢ᠌ᠭᠤᠯᠤᠨ᠎ᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠣᠷᠰᠢᠭᠰᠠᠨ ᠪᠠᠩᠬᠢ᠎ᠯᠤᠭ᠎ᠠ ᠪᠠᠩᠬᠢ ᠠᠵᠤ ᠠᠬᠤᠢ᠌ᠯᠠᠯ᠎ᠤᠨ ᠰᠢᠭᠤᠳ ᠬᠣᠯᠪᠣᠬᠤ ᠰᠢᠰᠲ᠋ᠧᠮ᠎ᠢ ᠪᠠᠢ᠌ᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠨᠢ ᠬᠣᠷᠰᠢᠭᠰᠠᠨ ᠪᠠᠩᠬᠢ᠎ᠳᠤ ᠵᠢᠭᠡᠯᠡᠯᠭᠡ ᠵᠢᠨ ᠳᠠᠩᠰᠠᠨ ᠡᠷᠦᠬᠡ᠂ ᠪᠣᠷᠤᠯᠠᠭᠤᠯᠭ᠎ᠠ ᠵᠢᠨ ᠵᠣᠭᠣᠰ ᠵᠶ᠋ᠠᠨ ᠡᠪᠬᠡᠭᠦᠯᠦᠨ ᠬᠤᠷᠢᠶᠠᠬᠤ ᠬᠦᠦ ᠳᠠᠩᠰᠡᠨ ᠡᠷᠦᠬᠡ ᠨᠡᠭᠡᠭᠡᠵᠦ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠡᠷᠬᠡ ᠣᠯᠭᠣᠯᠲᠠ ᠵᠢ ᠣᠯᠣᠭᠰᠠᠨ᠎ᠤ ᠳᠠᠷᠠᠭ᠎ᠠ᠂ ᠳᠡᠭᠡᠷ᠎ᠡ ᠳᠤᠷᠠᠳᠤᠭᠰᠠᠨ ᠳᠠᠩᠰᠠᠨ ᠡᠷᠦᠬᠡ᠎ᠪᠠᠨ ᠪᠠᠩᠬᠢ ᠠᠵᠤ ᠠᠬᠤᠢ᠌ᠯᠠᠯ᠎ᠤᠨ ᠰᠢᠭᠤᠳ ᠬᠣᠯᠪᠣᠬᠤ ᠰᠢᠰᠲ᠋ᠧᠮ᠎ᠳᠤ ᠣᠷᠣᠭᠤᠯᠵᠤ᠂ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠢ᠌ᠭᠣᠯᠬᠣ᠎ᠪᠠᠨ ᠪᠡᠶᠡᠯᠡᠭᠦᠯᠦᠨ᠎ᠡ᠃
2. ᠬᠠᠳᠠᠭ᠋ᠠᠯᠠᠭᠰᠠᠨ ᠪᠠᠷᠠᠭ᠎ᠠ ᠵᠢᠨ ᠬᠠᠮᠢᠶᠠᠷᠤᠯᠲᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠤᠷᠰᠢᠭᠰᠠᠨ ᠪᠠᠩᠬᠢ᠎ᠲᠠᠢ ᠬᠠᠮᠲᠤᠷᠠᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠯᠤᠭ᠎ᠠ 《ᠬᠠᠳᠠᠭ᠋ᠠᠯᠠᠭᠰᠠᠨ ᠪᠠᠷᠠᠭ᠎ᠠ ᠵᠢ ᠨᠠᠢ᠌ᠳᠠᠵᠤ ᠬᠢᠨᠠᠨ ᠬᠠᠮᠢᠶᠠᠷᠤᠭᠤᠯᠬᠤ ᠵᠥᠪᠯᠡᠯᠴᠡᠭᠡᠷ 》 ᠲᠣᠭᠲᠠᠵᠤ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠢ᠌ᠳᠠᠵᠤ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ᠎ᠬᠢᠨ ᠬᠤᠷᠰᠢᠭᠰᠠᠨ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢ ᠬᠡᠷᠡᠭᠯᠡᠭᠡᠳ ᠪᠤᠢ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ 24 ᠴᠠᠭ ᠲᠠᠰᠤᠯᠳᠠᠭᠤᠯᠤᠯ ᠦᠭᠡᠢ᠎ᠪᠠᠷ ᠬᠢᠨᠠᠨ ᠡᠵᠡᠮᠳᠡᠵᠦ ᠬᠠᠮᠢᠶᠠᠷᠤᠨ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠵᠢᠴᠢ ᠪᠣᠯᠵᠣᠭᠰᠠᠨ᠎ᠠᠴᠠ ᠵᠥᠷᠢᠴᠡᠬᠦ ᠵᠦᠢ᠍ᠯ ᠵᠤᠷᠪᠤᠰ᠎ᠤᠳ᠎ᠢ ᠴᠥᠮ ᠳᠡᠭᠡᠷ᠎ᠡ ᠳᠤᠷᠠᠳᠤᠭᠰᠠᠨ ᠵᠥᠪᠯᠡᠯᠴᠡᠭᠡᠷ᠎ᠲᠤ ᠨᠠᠷᠢᠨ ᠪᠣᠯᠵᠣᠨ ᠲᠣᠭᠲᠠᠬᠤ ᠬᠡᠷᠡᠭᠲᠡᠢ᠂ ᠡᠭᠦᠨ᠎ᠳᠤ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ᠎ᠳᠤ ᠳᠣᠣᠷᠠᠬᠢ ᠬᠡᠳᠦᠨ ᠲᠠᠯ᠎ᠠ ᠪᠠᠭᠲᠠᠬᠤ ᠪᠣᠯᠪᠠᠴᠤ ᠡᠳᠡᠭᠡᠷ᠎ᠲᠤ ᠯᠡ ᠬᠢᠵᠠᠭ᠋ᠠᠷᠯᠠᠭᠳᠠᠬᠤ ᠦᠭᠡᠢ ᠄
(1 ) ᠬᠠᠳᠠᠭ᠋ᠠᠯᠠᠭᠰᠠᠨ ᠪᠠᠷᠠᠭ᠎ᠠ ᠵᠢ ᠬᠠᠷᠭᠤᠭᠤᠯᠤᠨ ᠪᠠᠢ᠌ᠴᠠᠭ᠋ᠠᠬᠤ᠃ ᠬᠤᠳᠠᠯᠳᠤᠨ ᠠᠪᠬᠤ ᠲᠤᠬᠠᠢ᠌ᠯᠠᠭᠰᠠᠨ ᠠᠵᠢᠯ ᠳᠠᠭᠤᠰᠤᠭᠰᠠᠨ᠎ᠤ ᠳᠠᠷᠠᠭ᠎ᠠ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠠᠴᠠ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠬᠠᠳᠠᠭ᠋ᠠᠯᠠᠭᠰᠠᠨ ᠪᠠᠷᠠᠭ᠋ᠠᠨ᠎ᠤ ᠬᠢᠨᠢ ᠪᠠᠢ᠌ᠳᠠᠯ᠎ᠳᠤ ᠬᠠᠷᠭᠤᠭᠤᠯᠤᠨ ᠪᠠᠢ᠌ᠴᠠᠭ᠋ᠠᠯᠲᠠ ᠬᠢᠬᠦ ᠵᠢᠨ ᠬᠠᠮᠲᠤ ᠲᠡᠮᠳᠡᠭ ᠲᠠᠯᠪᠢᠵᠤ᠂ ᠬᠠᠳᠠᠭ᠋ᠠᠯᠠᠭᠰᠠᠨ ᠪᠠᠷᠠᠭ᠎ᠠ ᠪᠠ ᠵᠢᠭᠡᠯᠡᠯᠭᠡ ᠵᠢᠨ ᠨᠢᠭᠡᠳᠦᠯᠲᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠭᠦᠨ᠎ᠤ ᠬᠠᠮᠲᠤ᠂ ᠵᠢᠭᠡᠯᠡᠯᠭᠡ ᠭᠤᠶᠤᠴᠢᠯᠠᠬᠤ ᠠᠵᠤ ᠠᠬᠤᠢ᠌ᠯᠠᠯ᠎ᠤᠨ ᠨᠢᠭᠲᠠᠯᠠᠨ ᠪᠤᠳᠤᠬᠤ ᠲᠠᠩᠰᠠ᠂ ᠬᠥᠮᠥᠷᠭᠡᠯᠡᠨ ᠬᠠᠳᠠᠭ᠋ᠠᠯᠠᠨ ᠬᠠᠮᠢᠶᠠᠷᠴᠤ ᠪᠠᠢ᠌ᠭ᠎ᠠ ᠲᠠᠩᠰᠠ ᠬᠠᠷ᠎ᠠ ᠪᠠ ᠲᠣᠭ᠎ᠠ ᠪᠦᠷᠢᠳᠬᠡᠯ᠎ᠤᠨ ᠲᠠᠩᠰᠠ ᠵᠢ ᠬᠠᠷᠭᠤᠭᠤᠯᠵᠤ᠂ ᠬᠠᠳᠠᠭ᠋ᠠᠯᠠᠭᠰᠠᠨ ᠪᠠᠷᠠᠭ᠎ᠠ ᠪᠠ ᠵᠢᠭᠡᠯᠡᠯᠭᠡ᠎ᠨᠢ ᠨᠡᠢ᠌ᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
(2) ᠬᠠᠳᠠᠭ᠋ᠠᠯᠠᠭᠰᠠᠨ ᠪᠠᠷᠠᠭ᠎ᠠ ᠵᠢ ᠬᠢᠨᠠᠨ ᠬᠠᠮᠢᠶᠠᠷᠬᠤ᠃ ᠬᠠᠳᠠᠭ᠋ᠠᠯᠠᠭᠰᠠᠨ ᠪᠠᠷᠠᠭ᠎ᠠ ᠵᠢ ᠬᠢᠨᠠᠨ ᠬᠠᠮᠢᠶᠠᠷᠬᠤ᠎ᠳᠤ ᠲᠤᠬᠠᠢ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ ᠪᠠ ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠠᠯ᠎ᠢ ᠠᠪᠤᠨ᠎ᠠ᠃
ᠲᠤᠬᠠᠢ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ᠎ᠬᠢᠨ ᠬᠣᠷᠰᠢᠭᠰᠠᠨ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢ ᠬᠡᠷᠡᠭᠯᠡᠭᠡᠳ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ ᠵᠢ ᠪᠦᠭᠦᠨ ᠵᠶ᠋ᠡᠷ᠎ᠨᠢ ᠬᠠᠷᠭᠤᠭᠤᠯᠤᠨ ᠪᠠᠢ᠌ᠴᠠᠭ᠋ᠠᠬᠤ ᠬᠡᠪᠴᠢᠶᠡᠨ᠎ᠳᠤ᠎ᠪᠠᠨ ᠣᠷᠣᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠬᠠᠳᠠᠭ᠋ᠠᠯᠠᠭᠰᠠᠨ ᠪᠠᠷᠠᠭ᠋ᠠᠨ᠎ᠤ ᠲᠥᠷᠥᠯ ᠵᠦᠢ᠍ᠯ᠂ ᠲᠣᠭ᠎ᠠ ᠬᠡᠮᠵᠢᠶ᠎ᠡ᠂ ᠶᠠᠰᠤ ᠴᠢᠨᠠᠷ᠂ ᠥᠪᠡᠷ᠎ᠤᠨ ᠥᠷᠲᠡᠭ ᠵᠢᠴᠢ ᠬᠤᠪᠢᠷᠠᠯᠲᠠ ᠵᠢᠨ ᠪᠠᠢ᠌ᠳᠠᠯ᠎ᠢ᠎ᠨᠢ ᠡᠵᠡᠮᠰᠢᠬᠦ ᠬᠡᠷᠡᠭᠲᠡᠢ᠃ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ᠎ᠬᠢᠨ᠎ᠤ ᠬᠠᠳᠠᠭ᠋ᠠᠯᠠᠭᠰᠠᠨ ᠪᠠᠷᠠᠭ᠎ᠠ᠎ᠳᠤ ᠲᠤᠬᠠᠢ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ ᠬᠢᠵᠦ᠂ ᠭᠠᠷᠠᠭ ᠪᠦᠷᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠂ ᠬᠣᠷᠰᠢᠭᠰᠠᠨ ᠪᠠᠩᠬᠢ᠎ᠳᠤ ᠬᠠᠳᠠᠭ᠋ᠠᠯᠠᠯᠲᠠ ᠵᠢᠨ ᠲᠣᠭ᠎ᠠ ᠬᠡᠮᠵᠢᠶ᠎ᠡ᠎ᠪᠠᠨ ᠮᠡᠳᠡᠭᠦᠯᠦᠨ ᠬᠦᠷᠭᠡᠵᠦ᠂ ᠬᠠᠳᠠᠭ᠋ᠠᠯᠠᠭᠰᠠᠨ ᠪᠠᠷᠠᠭ᠎ᠠ ᠵᠢᠨ ᠲᠤᠬᠠᠢ ᠵᠢᠨ ᠴᠠᠭ᠎ᠤᠨ ᠬᠤᠪᠢᠷᠠᠯᠲᠠ ᠵᠢᠨ ᠪᠠᠢ᠌ᠳᠠᠯ᠎ᠢ ᠳᠠᠩᠰᠠᠯᠠᠨ ᠲᠡᠮᠳᠡᠭᠯᠡᠬᠦ ᠠᠵᠢᠯ ᠵᠶ᠋ᠠᠨ ᠰᠠᠢ᠌ᠲᠤᠷ ᠬᠢᠵᠦ᠂ ᠬᠡᠪ᠎ᠤᠨ ᠪᠤᠰᠤ ᠪᠠᠢ᠌ᠳᠠᠯ ᠵᠡᠷᠭᠡ ᠴᠢᠬᠤᠯᠠ ᠶᠡᠬᠡ ᠵᠦᠢ᠍ᠯᠡᠰ᠎ᠢ ᠣᠯᠵᠤ ᠮᠡᠳᠡᠪᠡᠯ᠂ ᠴᠠᠭ ᠲᠤᠬᠠᠢᠳᠤᠨᠢ ᠮᠡᠳᠡᠭᠦᠯᠦᠨ ᠬᠦᠷᠭᠡᠬᠦ ᠵᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠨᠢᠭᠲᠠᠯᠠᠨ ᠪᠣᠳᠣᠬᠤ᠂ ᠲᠣᠭ᠎ᠠ ᠪᠦᠷᠢᠳᠬᠡᠯ᠂ ᠬᠠᠳᠠᠭ᠋ᠠᠯᠠᠨ ᠬᠠᠮᠢᠶᠠᠷᠬᠤ ᠳᠠᠩᠰᠠ ᠬᠠᠷ᠎ᠠ ᠪᠠ ᠥᠪᠡᠷ᠎ᠤᠨ᠎ᠬᠢᠨ ᠪᠦᠷᠢᠳᠬᠡᠭᠰᠡᠨ ᠲᠣᠭ᠎ᠠ ᠪᠠᠷᠢᠮᠲᠠ᠎ᠪᠠᠷ ᠦᠨᠳᠦᠰᠦᠯᠡᠯ ᠪᠣᠯᠭ᠋ᠠᠵᠤ᠂ ᠪᠣᠳᠠᠲᠠᠢ ᠬᠠᠳᠠᠭ᠋ᠠᠯᠠᠭᠰᠠᠨ ᠪᠠᠷᠠᠭ᠎ᠠ ᠵᠢ ᠬᠣᠷᠰᠢᠭᠰᠠᠨ ᠪᠠᠩᠬᠢ᠎ᠯᠤᠭ᠎ᠠ ᠬᠠᠷᠭᠤᠭᠤᠯᠵᠤ᠂ ᠪᠠᠩᠬᠢ ᠪᠠ ᠠᠵᠤ ᠠᠬᠤᠢ᠌ᠯᠠᠯ᠎ᠤᠨ ᠳᠠᠩᠰᠠ ᠪᠦᠷᠢ᠎ᠨᠢ ᠬᠠᠷᠢᠯᠴᠠᠨ ᠨᠡᠢ᠌ᠴᠡᠬᠦ᠂ ᠠᠵᠤ ᠠᠬᠤᠢ᠌ᠯᠠᠯ᠎ᠤᠨ ᠳᠠᠩᠰᠠ᠎ᠨᠢ ᠪᠣᠳᠠᠲᠠᠢ᠎ᠲᠠᠢ ᠬᠠᠷᠢᠯᠴᠠᠨ ᠨᠡᠢ᠌ᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
3. ᠪᠤᠴᠠᠭ᠋ᠠᠨ ᠬᠤᠷᠢᠶᠠᠬᠤ ᠬᠠᠮᠢᠶᠠᠷᠤᠯᠲᠠ᠃
(1) ᠬᠤᠳᠠᠯᠳᠤᠬᠤ᠎ᠳᠤ᠎ᠪᠠᠨ ᠨᠡᠪᠲᠡᠷᠡᠭᠦᠯᠦᠨ ᠮᠡᠳᠡᠭᠡᠯᠡᠬᠦ᠃ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ ᠵᠢ ᠬᠤᠳᠠᠯᠳᠤᠬᠤ᠎ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠂ ᠬᠣᠷᠰᠢᠭᠰᠠᠨ ᠪᠠᠩᠬᠢ᠎ᠳᠤ ᠴᠠᠭ ᠲᠤᠬᠠᠢᠳᠤᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠂ ᠨᠡᠪᠲᠡᠷᠡᠭᠦᠯᠦᠨ ᠮᠡᠳᠡᠭᠡᠯᠡᠬᠦ ᠪᠣᠳᠠᠲᠠᠢ ᠠᠷᠭ᠎ᠠ ᠮᠠᠶᠢᠭ ᠵᠶ᠋ᠡᠨ ᠭᠤᠷᠪᠠᠨ ᠪᠠᠢ᠌ᠭᠤᠯᠤᠮᠵᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠭᠲᠠᠭ᠋ᠠᠬᠤ ᠬᠡᠷᠡᠭᠲᠡᠢ᠃ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠬᠠᠩᠭ᠋ᠠᠭᠰᠠᠨ ᠪᠣᠷᠣᠯᠠᠭᠤᠯᠬᠤ ᠮᠡᠳᠡᠭᠡ ᠵᠠᠩᠭᠢ᠎ᠪᠠᠷ᠂ ᠬᠠᠳᠠᠭ᠋ᠠᠯᠠᠭᠰᠠᠨ ᠪᠠᠷᠠᠭ᠎ᠠ ᠵᠢᠨ ᠲᠡᠮᠳᠡᠭ᠎ᠢ ᠬᠠᠷᠭᠤᠭᠤᠯᠵᠤ᠂ ᠬᠠᠳᠠᠭ᠋ᠠᠯᠠᠭᠰᠠᠨ ᠪᠠᠷᠠᠭ᠎ᠠ ᠵᠢᠨ ᠪᠣᠷᠤᠯᠠᠭᠤᠯᠭ᠎ᠠ ᠵᠢᠨ ᠪᠠᠢ᠌ᠳᠠᠯ᠎ᠳᠤ ᠬᠢᠨᠠᠯᠲᠠ ᠲᠠᠯᠪᠢᠬᠤ ᠬᠡᠷᠡᠭᠲᠡᠢ᠃
(2) ᠳ᠋ᠦᠩᠨᠡᠨ ᠪᠤᠳᠤᠵᠤ ᠡᠭᠡᠭᠦᠯᠦᠨ ᠬᠤᠷᠢᠶᠠᠬᠤ᠃ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ ᠵᠢ ᠪᠣᠷᠣᠯᠠᠭᠤᠯᠬᠤ᠎ᠳᠤ ᠬᠣᠷᠰᠢᠭᠰᠠᠨ ᠪᠠᠩᠬᠢ ᠵᠢᠨ ᠨᠡᠭᠡᠭᠡᠭᠰᠡᠨ ᠪᠣᠷᠤᠯᠠᠭᠤᠯᠭ᠎ᠠ ᠵᠢᠨ ᠵᠣᠭᠣᠰ ᠵᠶ᠋ᠠᠨ ᠡᠪᠬᠡᠭᠦᠯᠦᠨ ᠬᠤᠷᠢᠶᠠᠬᠤ ᠬᠦᠦ ᠳᠠᠩᠰᠠᠨ ᠡᠷᠦᠬᠡ ᠵᠢ ᠬᠡᠷᠡᠭᠯᠡᠨ ᠳ᠋ᠦᠩᠨᠡᠨ ᠪᠣᠳᠣᠵᠣ᠂ ᠪᠡᠯᠡ ᠮᠥᠩᠭᠥᠨ ᠵᠢᠨ ᠲᠤᠰᠬᠠᠢ ᠵᠣᠭᠣᠰ᠎ᠢ ᠲᠤᠰᠬᠠᠢ ᠬᠡᠷᠡᠭᠯᠡᠵᠦ᠂ ᠠᠶᠤᠯ ᠦᠭᠡᠢ᠎ᠪᠠᠷ ᠡᠭᠡᠭᠦᠯᠦᠨ ᠬᠤᠷᠢᠶᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠨᠢ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ᠎ᠪᠠᠨ ᠬᠤᠳᠠᠯᠳᠤᠭ᠋ᠠᠳ ᠬᠠᠳᠠᠭ᠋ᠠᠯᠠᠯᠲᠠ ᠵᠢᠨ ᠪᠠᠷᠠᠭ᠎ᠠ ᠪᠣᠢ ᠪᠣᠯᠤᠭᠰᠠᠨ᠎ᠤ ᠳᠠᠷᠠᠭ᠎ᠠ᠂ ᠬᠣᠷᠰᠢᠭᠰᠠᠨ ᠪᠠᠩᠬᠢ᠎ᠨᠢ ᠵᠢᠭᠡᠯᠡᠯᠭᠡ ᠵᠢᠨ ᠡᠬᠡ ᠮᠥᠩᠭᠥ᠎ᠪᠠᠨ ᠴᠠᠭ ᠲᠤᠬᠠᠢᠳᠤᠨᠢ ᠪᠤᠴᠠᠭ᠋ᠠᠨ ᠠᠪᠬᠤ ᠬᠡᠷᠡᠭᠲᠡᠢ᠃ ᠵᠢᠭᠡᠯᠡᠯᠭᠡ ᠵᠢᠨ ᠡᠬᠡ ᠮᠥᠩᠭᠥ᠎ᠪᠠᠨ ᠪᠦᠷᠢᠮᠦᠰᠦᠨ ᠡᠭᠡᠭᠦᠯᠵᠦ ᠬᠤᠷᠢᠶᠠᠬᠤ᠎ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠲᠣᠭᠲᠠᠭ᠋ᠠᠯ᠎ᠠᠴᠠ ᠵᠥᠷᠢᠴᠡᠵᠦ ᠪᠡᠯᠡ ᠮᠥᠩᠭᠥ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠵᠢᠨ ᠵᠣᠭᠣᠰ ᠵᠶ᠋ᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠨᠡᠭᠡᠭᠡᠬᠦ ᠵᠢᠴᠢ ᠵᠣᠭᠣᠰ ᠵᠶ᠋ᠠᠨ ᠴᠠᠭ᠎ᠲᠤ᠎ᠪᠠᠨ ᠪᠤᠴᠠᠭ᠋ᠠᠭᠰᠠᠨ ᠦᠭᠡᠢ ᠪᠠᠢ᠌ᠬᠤ ᠵᠢ ᠣᠯᠵᠤ ᠮᠡᠳᠡᠪᠡᠯ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ᠎ᠪᠠᠷ ᠵᠠᠷᠯᠢᠭᠳᠠᠵᠤ᠂ ᠴᠡᠭᠴᠡᠯᠡᠨ ᠰᠠᠢ᠌ᠵᠢᠷᠠᠭᠤᠯᠬᠤ ᠵᠢ ᠲᠡᠪᠴᠢᠪᠡᠯ᠂ ᠲᠡᠭᠦᠨ᠎ᠢ ᠠᠵᠤ ᠠᠬᠤᠢ᠌ᠯᠠᠯ᠎ᠤᠨ 《ᠬᠠᠷ᠎ᠠ ᠳᠠᠩᠰᠡᠨ》᠎ᠳᠤ ᠵᠢᠭᠰᠠᠭ᠋ᠠᠨ ᠣᠷᠣᠭᠤᠯᠬᠤ ᠵᠢᠨ ᠬᠠᠮᠲᠤ᠂ 《ᠬᠠᠷ᠎ᠠ ᠳᠠᠩᠰᠠ》 ᠵᠢᠨ ᠪᠠᠢ᠌ᠳᠠᠯ᠎ᠢ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠬᠣᠢ᠌ᠰᠢᠳᠠ ᠡᠯ᠎ᠡ ᠵᠦᠢ᠍ᠯ᠎ᠤᠨ ᠡᠳ᠋᠎ᠤᠨ ᠵᠠᠰᠠᠭ᠎ᠤᠨ ᠲᠡᠳᠬᠦᠮᠵᠢ ᠵᠢᠨ ᠪᠡᠯᠡ ᠮᠥᠩᠭᠥ ᠵᠢ ᠬᠦᠷᠲᠡᠵᠦ ᠪᠣᠯᠬᠤ ᠦᠭᠡᠢ᠃
(ᠬᠣᠶᠠᠷ) ᠬᠤᠭᠤᠴᠠᠭ᠎ᠠ ᠬᠡᠲᠦᠷᠡᠬᠦ᠂ ᠣᠷᠣᠯᠠᠨ ᠲᠥᠯᠥᠬᠦ ᠪᠠ ᠨᠡᠬᠡᠮᠵᠢᠯᠡᠨ ᠠᠪᠬᠤ᠃ ᠵᠢᠭᠡᠯᠡᠯᠭᠡ ᠵᠢᠨ ᠬᠤᠭᠤᠴᠠᠭ᠎ᠠ ᠲᠤᠯᠬᠤ᠎ᠠᠴᠠ 60 ᠡᠳᠦᠷ᠎ᠤᠨ ᠡᠮᠦᠨ᠎ᠡ᠂ ᠬᠣᠷᠰᠢᠭᠰᠠᠨ ᠪᠠᠩᠬᠢ ᠪᠣᠯᠣᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠳᠤ ᠵᠣᠭᠣᠰ ᠵᠶ᠋ᠡᠨ ᠪᠤᠴᠠᠭ᠋ᠠᠬᠤ ᠡᠭᠦᠷᠭᠡ᠎ᠪᠠᠨ ᠴᠠᠭ᠎ᠲᠤ᠎ᠪᠠᠨ ᠭᠦᠢ᠍ᠴᠡᠳᠬᠡᠬᠦ ᠵᠢ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ᠃ ᠠᠵᠤ ᠠᠬᠤᠢ᠌ᠯᠠᠯ᠎ᠤᠨ ᠵᠢᠭᠡᠯᠡᠯᠭᠡ᠎ᠨᠢ ᠬᠤᠭᠤᠴᠠᠭ᠎ᠠ᠎ᠠᠴᠠ ᠬᠡᠲᠦᠷᠡᠬᠦ ᠦᠶ᠎ᠡ᠎ᠳᠤ᠂ ᠬᠤᠷᠰᠢᠭᠰᠠᠨ ᠪᠠᠩᠬᠢ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠤᠲᠠᠰᠤ᠎ᠪᠠᠷ ᠮᠡᠳᠡᠭᠳᠡᠬᠦ᠂ ᠪᠣᠳᠠᠲᠠᠢ ᠭᠠᠵᠠᠷ᠎ᠲᠤᠨᠢ ᠬᠦᠷᠴᠦ ᠨᠡᠬᠡᠮᠵᠢᠯᠡᠨ ᠬᠤᠷᠢᠶᠠᠬᠤ ᠵᠡᠷᠭᠡ ᠠᠷᠭ᠎ᠠ ᠮᠠᠶᠢᠭ ᠵᠶ᠋ᠠᠷ ᠠᠵᠤ ᠠᠬᠤᠢ᠌ᠯᠠᠯ᠎ᠢ ᠵᠣᠭᠣᠰ ᠵᠶ᠋ᠠᠨ ᠲᠦᠷᠭᠡᠬᠡᠨ ᠪᠤᠴᠠᠭ᠋ᠠᠬᠤ᠎ᠪᠠᠷ ᠰᠢᠮᠳᠠᠭᠤᠯᠵᠤ᠂ ᠣᠯᠠᠨ ᠤᠳᠠᠭ᠎ᠠ ᠨᠡᠬᠡᠮᠵᠢᠯᠡᠨ ᠬᠤᠷᠢᠶᠠᠭᠰᠠᠨ᠎ᠳᠤ ᠳ᠋ᠦᠩ ᠭᠠᠷᠤᠭᠰᠠᠨ ᠦᠭᠡᠢ ᠮᠥᠷᠲᠡᠭᠡᠨ 3 ᠰᠠᠷ᠎ᠠ᠎ᠠᠴᠠ ᠳᠡᠭᠡᠭᠰᠢ ᠬᠤᠭᠤᠴᠠᠭ᠎ᠠ ᠬᠡᠲᠦᠷᠡᠭᠰᠡᠨ ᠪᠠᠢ᠌ᠪᠠᠯ᠂ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ᠂ ᠬᠥᠲᠥᠯᠥᠨ ᠵᠢᠯᠤᠭᠣᠳᠬᠤ ᠪᠡᠯᠡ ᠮᠥᠩᠭᠥ ᠵᠢ᠎ᠨᠢ ᠬᠤᠪᠢᠶᠠᠷᠢᠯᠠᠨ ᠰᠠᠭᠤᠯᠭ᠋ᠠᠬᠤ ᠲᠠᠰ ᠳᠠᠷᠠᠭ᠋ᠠᠯᠠᠯ᠎ᠳᠤ ᠣᠷᠣᠭᠤᠯᠤᠨ᠎ᠠ᠃ ᠡᠩ ᠲᠡᠷᠢᠭᠦᠨ᠎ᠳᠤ ᠠᠵᠤ ᠠᠬᠤᠢ᠌ᠯᠠᠯ ᠪᠣᠯᠣᠨ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠲᠤᠰᠢᠶᠠᠭᠰᠠᠨ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠥ ᠵᠢᠴᠢ ᠬᠦᠦ ᠮᠥᠩᠭᠥ ᠵᠢᠨ ᠣᠷᠣᠯᠭ᠎ᠠ ᠵᠢ ᠰᠠᠭᠤᠯᠭ᠋ᠠᠨ ᠠᠪᠴᠤ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠵᠢᠨ ᠡᠬᠡ ᠬᠦᠦ ᠮᠥᠩᠭᠥ ᠵᠢ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ᠎ᠢ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ) ᠪᠣᠯᠣᠨ ᠬᠣᠷᠰᠢᠭᠰᠠᠨ ᠪᠠᠩᠬᠢ 7:3 ᠵᠢᠨ ᠬᠠᠷᠢᠴᠠᠯ ᠵᠶ᠋ᠠᠷ ᠢᠲᠡᠭᠡᠮᠵᠢ ᠵᠢᠨ ᠲᠦᠭᠰᠢᠭᠦᠷᠢ ᠵᠢ ᠬᠤᠪᠢᠳᠠᠨ ᠡᠭᠦᠷᠭᠡᠯᠡᠨ᠎ᠡ᠃ ᠬᠣᠷᠰᠢᠭᠰᠠᠨ ᠪᠠᠩᠬᠢ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠲᠠᠢ ᠬᠠᠮᠲᠤᠷᠠᠨ ᠨᠡᠬᠡᠮᠵᠢᠯᠡᠨ ᠲᠥᠯᠥᠭᠦᠯᠬᠦ ᠠᠵᠢᠯ᠎ᠢ ᠰᠠᠢ᠌ᠲᠤᠷ ᠬᠢᠵᠦ᠂ ᠲᠥᠯᠥᠪᠦᠷᠢ ᠵᠢ ᠨᠡᠬᠡᠮᠵᠢᠯᠡᠭᠡᠳ ᠳ᠋ᠦᠩ ᠭᠠᠷᠤᠭᠰᠠᠨ ᠦᠭᠡᠢ ᠪᠣᠯ ᠴᠠᠭ ᠲᠤᠬᠠᠢᠳᠤᠨᠢ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠵᠠᠷᠭᠤ ᠬᠢᠬᠦ ᠬᠡᠷᠡᠭᠲᠡᠢ᠂ ᠡᠨᠡ ᠬᠦ᠌ ᠬᠤᠭᠤᠴᠠᠭ᠋ᠠᠨ᠎ᠳᠤ ᠡᠭᠦᠰᠣᠭ᠌ᠰᠡᠨ ᠵᠠᠷᠭᠤ ᠵᠢᠨ ᠵᠠᠷᠤᠳᠠᠯ᠂ ᠭᠦᠢ᠍ᠴᠡᠳᠬᠡᠬᠦ ᠵᠠᠷᠤᠳᠠᠯ᠂ ᠦᠨᠡᠯᠡᠨ ᠵᠢᠱ᠌ᠢᠬᠦ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ᠎ᠢ ᠲᠦᠭᠰᠢᠭᠦᠷᠢ ᠵᠢ ᠳᠠᠭ᠋ᠠᠭ᠋ᠠᠨ ᠡᠭᠦᠷᠭᠡᠯᠡᠬᠦ ᠬᠠᠷᠢᠴᠠᠯ ᠶᠣᠰᠣᠭ᠋ᠠᠷ ᠲᠡᠰᠬᠡᠨ ᠨᠣᠭᠳᠠᠭᠤᠯᠬᠤ ᠬᠡᠷᠡᠭᠲᠡᠢ᠃
(ᠭᠤᠷᠪᠠ) ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠲᠦᠭᠰᠢᠭᠦᠷᠢ ᠵᠢ ᠰᠡᠷᠡᠮᠵᠢᠯᠡᠭᠦᠯᠬᠦ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠰᠠᠷ᠎ᠠ ᠪᠦᠷᠢ ᠬᠣᠷᠰᠢᠭᠰᠠᠨ ᠪᠠᠩᠬᠢ᠎ᠯᠤᠭ᠎ᠠ ᠲᠦᠭᠰᠢᠭᠦᠷᠢ ᠵᠢ ᠣᠷᠣᠯᠠᠨ ᠲᠥᠯᠥᠬᠦ ᠪᠡᠯᠡ ᠮᠥᠩᠭᠥ ᠬᠡᠷᠡᠭᠯᠡᠭᠰᠡᠨ ᠪᠠᠢ᠌ᠳᠠᠯ᠎ᠢ ᠬᠠᠷᠭᠣᠭᠣᠯᠬᠣ ᠵᠢᠨ ᠬᠠᠮᠲᠤ᠂ ᠬᠡᠷᠡᠭᠯᠡᠭᠰᠡᠨ ᠪᠠᠢ᠌ᠳᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ᠂ ᠵᠡᠷᠭᠡ᠎ᠳᠤ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠬᠠᠷᠢᠶ᠎ᠠ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠬᠠᠭᠤᠯᠤᠨ ᠬᠦᠷᠭᠡᠵᠦ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠪᠣᠳᠠᠲᠠᠢ ᠠᠵᠢᠯᠯᠠᠭ᠋ᠠᠨ᠎ᠤ ᠪᠠᠢ᠌ᠳᠠᠯ᠎ᠢ ᠦᠨᠳᠦᠰᠦᠯᠡᠨ ᠲᠦᠭᠰᠢᠭᠦᠷᠢ᠎ᠳᠤ ᠬᠢᠨᠠᠨ ᠰᠢᠨᠵᠢᠯᠲᠡ ᠬᠢᠵᠦ᠂ ᠬᠥᠲᠥᠯᠥᠨ ᠵᠢᠯᠤᠭᠣᠳᠬᠤ ᠪᠡᠯᠡ ᠮᠥᠩᠭᠥ ᠵᠢᠨ ᠣᠷᠣᠯᠠᠨ ᠲᠥᠯᠥᠭᠰᠡᠨ ᠨᠣᠷᠮ᠎ᠠ ᠵᠢᠨ ᠨᠡᠢ᠌ᠯᠡᠪᠦᠷᠢ᠎ᠨᠢ 3%᠎ᠠᠴᠠ ᠳᠡᠭᠡᠭᠰᠢ ᠪᠣᠯᠬᠤ ᠦᠶ᠎ᠡ᠎ᠳᠤ (ᠲᠤᠰ ᠵᠢᠯ ᠣᠷᠣᠯᠠᠨ ᠲᠥᠯᠥᠭᠰᠡᠨ ᠲᠣᠭ᠎ᠠ ᠵᠢᠨ ᠨᠡᠢ᠌ᠯᠡᠪᠦᠷᠢ / ᠲᠤᠰ ᠵᠢᠯ ᠪᠤᠴᠠᠭ᠋ᠠᠭᠰᠠᠨ ᠵᠣᠭᠣᠰᠤᠨ᠎ᠤ ᠲᠣᠭ᠎ᠠ ᠵᠢᠨ ᠨᠡᠢ᠌ᠯᠡᠪᠦᠷᠢ × 100 %)᠂ ᠬᠠᠳᠠᠭ᠋ᠠᠯᠠᠯᠲᠠ ᠵᠢᠨ ᠲᠣᠭ᠎ᠠ ᠬᠡᠮᠵᠢᠶ᠎ᠡ ᠵᠢᠨ ᠲᠤᠬᠠᠢ᠌ᠯᠠᠭᠰᠠᠨ ᠠᠵᠢᠯ᠎ᠠᠴᠠ ᠭᠠᠳᠠᠨ᠎ᠠ᠂ ᠰᠢᠨ᠎ᠡ᠎ᠪᠠᠷ ᠨᠡᠮᠡᠭᠳᠡᠬᠦ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠢ ᠲᠦᠷ ᠵᠣᠭᠰᠣᠭ᠋ᠠᠨ᠎ᠠ᠃ ᠬᠣᠷᠰᠢᠭᠰᠠᠨ ᠪᠠᠩᠬᠢ ᠪᠣᠯᠣᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠨᠢᠭᠡᠨᠲᠡ ᠡᠭᠦᠰᠦᠭᠰᠡᠨ ᠡᠷᠡᠭᠦᠯ ᠪᠤᠰᠤ ᠵᠢᠭᠡᠯᠡᠯᠭᠡ ᠵᠢ ᠨᠡᠬᠡᠮᠵᠢᠯᠡᠨ ᠲᠥᠯᠥᠭᠦᠯᠬᠦ ᠬᠠᠷᠢᠭᠤᠴᠠᠯᠭ᠎ᠠ᠎ᠪᠠᠨ ᠡᠷᠬᠡᠪᠰᠢ ᠦᠷᠭᠦᠯᠵᠢᠯᠡᠨ ᠭᠦᠢ᠍ᠴᠡᠳᠬᠡᠵᠦ᠂ ᠣᠷᠣᠯᠠᠨ ᠲᠥᠯᠥᠬᠦ ᠨᠣᠷᠮ᠎ᠠ᠎ᠨᠢ ᠰᠡᠷᠡᠮᠵᠢᠯᠡᠭᠦᠯᠬᠦ ᠱᠤᠭᠤᠮ᠎ᠠᠴᠠ ᠳᠣᠣᠷ᠎ᠠ ᠪᠣᠯᠤᠭᠰᠠᠨ᠎ᠤ ᠳᠠᠷᠠᠭ᠎ᠠ᠂ ᠲᠤᠬᠠᠢ᠌ᠯᠠᠭᠰᠠᠨ ᠠᠵᠢᠯ ᠵᠶ᠋ᠠᠨ ᠳᠠᠬᠢᠵᠤ ᠥᠷᠨᠢᠭᠦᠯᠵᠦ ᠪᠣᠯᠣᠨ᠎ᠠ᠃
(ᠳᠥᠷᠪᠡ) ᠠᠯᠳᠠᠰᠢ ᠵᠢ ᠠᠭᠤᠴᠢᠯᠠᠵᠤ ᠵᠠᠯᠠᠷᠠᠭᠤᠯᠬᠤ᠃ ᠠᠵᠢᠯ ᠳᠤᠮᠳᠠ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡᠳᠤᠨᠢ ᠨᠡᠢ᠌ᠴᠡᠬᠦ ᠦᠢ᠍ᠯᠡ ᠠᠵᠢᠯᠯᠠᠭ᠎ᠠ ᠢᠯᠡᠷᠡᠭᠰᠡᠨ ᠪᠠᠢ᠌ᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠯᠳᠠᠰᠢ ᠵᠢ᠎ᠨᠢ ᠠᠭᠤᠴᠢᠯᠠᠨ ᠰᠢᠢ᠍ᠳᠪᠦᠷᠢᠯᠡᠵᠦ ᠪᠣᠯᠣᠨ᠎ᠠ᠄
1. ᠠᠵᠤ ᠠᠬᠤᠢ᠌ᠯᠠᠯ᠎ᠨᠢ ᠬᠢᠵᠢᠭ᠎ᠤᠨ ᠪᠠᠢ᠌ᠳᠠᠯ᠂ ᠪᠠᠢ᠌ᠭ᠋ᠠᠯᠢ ᠵᠢᠨ ᠭᠠᠢ ᠭᠠᠮᠰᠢᠭ ᠪᠤᠶᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠵᠡᠷᠭᠡ᠎ᠠᠴᠠ ᠪᠣᠯᠵᠤ ᠲᠥᠷᠥᠯ ᠵᠦᠢ᠍ᠯ᠎ᠤᠨ ᠠᠬᠢᠯᠲᠠ ᠪᠠ ᠬᠡᠷᠡᠭᠵᠢᠭᠦᠯᠬᠦ ᠵᠢᠨ ᠦᠷ᠎ᠡ ᠳ᠋ᠦᠩ᠎ᠢ ᠨᠥᠯᠥᠭᠡᠯᠡᠭᠰᠡᠨ;
2. ᠬᠠᠷᠢᠭᠤᠴᠠᠯᠭ᠋ᠠᠲᠤ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠢ ᠠᠬᠢᠭᠤᠯᠬᠤ ᠶᠠᠪᠤᠴᠠ᠎ᠳᠤ᠂ ᠲᠥᠷᠥ ᠵᠢᠨ ᠪᠣᠳᠣᠯᠭ᠎ᠠ ᠵᠢᠨ ᠵᠠᠭ᠋ᠠᠭ ᠱᠤᠭᠤᠮ ᠲᠣᠳᠣᠷᠬᠠᠢ ᠦᠭᠡᠢ᠂ ᠤᠷᠢᠳ ᠵᠶ᠋ᠠᠷ ᠬᠡᠷᠡᠭᠵᠢᠭᠦᠯᠵᠦ ᠲᠤᠷᠰᠢᠭᠰᠠᠨ᠂ ᠲᠤᠷᠰᠢᠯᠭ᠎ᠠ ᠳᠤᠲᠠᠮᠠᠭ᠎ᠠᠴᠠ ᠪᠣᠯᠵᠤ᠂ ᠠᠯᠳᠠᠰᠢ ᠭᠠᠷᠭ᠋ᠠᠭᠰᠠᠨ ᠪᠤᠶᠤ ᠵᠢᠱ᠌ᠢᠭᠰᠡᠨ ᠦᠷ᠎ᠡ ᠳ᠋ᠦᠩ᠎ᠳᠤ ᠬᠦᠷᠭᠡᠭᠰᠡᠨ ᠦᠭᠡᠢ;
3. ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠠᠵᠤ ᠠᠬᠤᠢ᠌ᠯᠠᠯ᠎ᠳᠤ ᠦᠢ᠍ᠯᠡᠴᠢᠯᠡᠬᠦ ᠳᠤᠮᠳᠠ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠂ ᠠᠵᠤ ᠠᠬᠤᠢ᠌ᠯᠠᠯ᠎ᠳᠤ ᠳᠥᠭᠥᠮ ᠦᠵᠡᠭᠦᠯᠬᠦ ᠵᠢᠨ ᠲᠥᠯᠥᠭᠡ ᠵᠣᠬᠢᠬᠤ ᠬᠡᠮᠵᠢᠶᠡᠨ᠎ᠤ ᠦ ᠰᠡᠪ ᠭᠠᠷᠭ᠋ᠠᠭᠰᠠᠨ ᠪᠣᠯᠪᠠᠴᠤ ᠬᠣᠬᠢᠷᠠᠯ ᠤᠴᠠᠷᠠᠭᠤᠯᠤᠭᠰᠠᠨ ᠦᠭᠡᠢ;
4. ᠬᠠᠷᠢᠭᠤᠴᠠᠯᠭ᠋ᠠᠲᠤ ᠰᠠᠯᠠᠭ᠎ᠠ ᠮᠥᠴᠢᠷ ᠪᠤᠶᠤ ᠬᠣᠯᠪᠣᠭᠳᠠᠯ ᠪᠦᠬᠦᠢ ᠨᠢᠭᠡᠴᠢ᠎ᠨᠢ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠂ ᠳᠡᠭᠡᠳᠦ ᠱᠠᠲᠤᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠳᠤ ᠬᠤᠪᠢᠷᠠᠯᠲᠠ ᠭᠠᠷᠤᠭᠰᠠᠨ ᠪᠤᠶᠤ ᠲᠥᠷᠥ ᠵᠢᠨ ᠪᠣᠳᠣᠯᠭ᠎ᠠ ᠵᠢᠨ ᠵᠠᠭ᠋ᠠᠭ ᠱᠤᠭᠤᠮ ᠲᠣᠳᠣᠷᠬᠠᠢ ᠦᠭᠡᠢ᠎ᠠᠴᠠ ᠪᠣᠯᠵᠤ᠂ ᠪᠤᠰᠤᠳᠴᠢ ᠨᠥᠬᠥᠴᠡᠯ᠎ᠳᠤ ᠬᠢᠵᠠᠭ᠋ᠠᠷᠯᠠᠭᠳᠠᠵᠤ᠂ ᠬᠡᠷᠡᠭᠵᠢᠭᠦᠯᠬᠦ ᠵᠢᠨ ᠦᠷ᠎ᠡ ᠳ᠋ᠦᠩ᠎ᠢ ᠨᠥᠯᠥᠭᠡᠯᠡᠭᠰᠡᠨ ;
5. ᠳᠡᠭᠡᠳᠦ ᠪᠠᠢ᠌ᠷᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠨᠢ ᠨᠢᠭᠡᠳᠦᠯ ᠦᠭᠡᠢ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠨᠢ ᠲᠣᠳᠣᠷᠬᠠᠢ ᠦᠭᠡᠢ᠂ ᠡᠰᠡᠬᠦᠯ᠎ᠡ ᠬᠠᠤᠯᠢ ᠬᠡᠷᠡᠭᠵᠢᠭᠦᠯᠵᠦ ᠬᠢᠨᠠᠵᠤ ᠬᠠᠮᠢᠶᠠᠷᠬᠤ ᠵᠢᠨ ᠬᠣᠭᠣᠰᠤᠨ ᠵᠦᠢ᠍ᠯ᠎ᠳᠤ ᠬᠠᠷᠢᠶᠠᠯᠠᠭᠳᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠢ᠌ᠵᠤ᠂ ᠠᠰᠠᠭᠤᠳᠠᠯ᠎ᠢ ᠰᠢᠢ᠍ᠳᠪᠦᠷᠢᠯᠡᠨ᠂ ᠬᠣᠬᠢᠷᠠᠯ ᠤᠴᠠᠷᠠᠭᠤᠯᠤᠭᠰᠠᠨ ᠦᠭᠡᠢ;
6. ᠠᠯᠳᠠᠰᠢ ᠵᠢ᠎ᠨᠢ ᠠᠭᠤᠴᠢᠯᠠᠬᠤ ᠪᠤᠰᠤᠳ ᠪᠠᠢ᠌ᠳᠠᠯ᠎ᠳᠤ ᠨᠡᠢ᠌ᠴᠡᠬᠦ᠃
ᠵᠢᠷᠭᠤᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠬᠢᠨᠠᠮᠠᠭ᠋ᠠᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠢᠯ᠎ᠤᠨ ᠶᠠᠪᠤᠴᠠ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠰᠢᠢ᠍ᠳᠪᠦᠷᠢᠯᠡᠬᠦ ᠠᠷᠭ᠎ᠠ ᠵᠢ ᠰᠤᠳᠤᠯᠬᠤ ᠬᠡᠷᠡᠭᠲᠡᠢ᠃
(ᠬᠣᠶᠠᠷ) ᠪᠡᠯᠡ ᠮᠥᠩᠭᠥᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠬᠥᠲᠥᠯᠥᠨ ᠵᠢᠯᠤᠭᠣᠳᠬᠤ ᠪᠡᠯᠡ ᠮᠥᠩᠭᠥ᠂ ᠡᠳ᠋᠎ᠤᠨ ᠵᠠᠰᠠᠭ᠎ᠤᠨ ᠳᠠᠮ ᠬᠦᠦ ᠮᠥᠩᠭᠥ ᠵᠡᠷᠭᠡ ᠪᠡᠯᠡ ᠮᠥᠩᠭᠥᠨ᠎ᠤ ᠲᠥᠰᠥᠪ᠎ᠤᠨ ᠲᠣᠬᠢᠷᠠᠭᠤᠯᠤᠯᠲᠠ᠂ ᠪᠡᠯᠡ ᠮᠥᠩᠭᠥ ᠰᠠᠯᠭ᠋ᠠᠨ ᠥᠭᠬᠦ ᠪᠠ ᠬᠢᠨᠠᠯᠲᠠ ᠬᠠᠮᠢᠶᠠᠷᠤᠯᠲᠠ ᠵᠢ ᠰᠠᠢ᠌ᠲᠤᠷ ᠬᠢᠬᠦ ᠬᠡᠷᠡᠭᠲᠡᠢ᠃ ᠠᠢ᠌ᠮᠠᠭ ᠬᠣᠲᠠ [ᠬᠣᠰᠢᠭᠤ ᠰᠢᠶᠠᠨ (ᠬᠣᠲᠠ᠂ ᠲᠣᠭᠣᠷᠢᠭ)] ᠵᠢᠨ ᠡᠳ᠋᠎ᠤᠨ ᠵᠠᠰᠠᠭ᠎ᠨᠢ ᠲᠤᠬᠠᠢ ᠵᠢᠨ ᠭᠠᠵᠠᠷ᠎ᠤᠨ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠵᠢᠭᠡᠯᠡᠯᠭᠡ ᠵᠢᠨ ᠵᠣᠭᠣᠰᠤᠨ᠎ᠤ ᠲᠣᠭ᠎ᠠ᠎ᠪᠠᠷ ᠢᠵᠢ ᠪᠦᠷᠢᠳᠦᠭᠦᠯᠬᠦ ᠪᠡᠯᠡ ᠮᠥᠩᠭᠥ ᠵᠢᠨ ᠲᠥᠰᠥᠪ᠎ᠤᠨ ᠲᠣᠬᠢᠷᠠᠭᠤᠯᠤᠯᠲᠠ ᠵᠢᠴᠢ ᠰᠠᠯᠭ᠋ᠠᠨ ᠥᠭᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃
(ᠭᠤᠷᠪᠠ) ᠨᠡᠷᠡᠰ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠨᠢ ᠬᠥᠲᠥᠴᠢ ᠠᠵᠤ ᠠᠬᠤᠢ᠌ᠯᠠᠯ᠎ᠤᠨ ᠨᠡᠷᠡᠰ᠎ᠢ ᠪᠠᠶ᠋ᠢᠭᠤᠯᠬᠤ᠂ ᠬᠠᠮᠢᠶᠠᠷᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠪᠠ ᠮᠡᠳᠡᠭᠡ ᠵᠠᠩᠭᠢ ᠳᠠᠮᠵᠢᠭᠤᠯᠤᠨ ᠬᠦᠷᠭᠡᠬᠦ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠲᠥᠷᠥᠯ ᠵᠦᠢ᠍ᠯ᠎ᠤᠨ ᠠᠵᠢᠯᠯᠠᠭ᠋ᠠᠨ᠎ᠤ ᠪᠠᠢ᠌ᠳᠠᠯ᠎ᠢ ᠦᠨᠳᠦᠰᠦᠯᠡᠨ ᠠᠵᠤ ᠠᠬᠤᠢ᠌ᠯᠠᠯ᠎ᠤᠨ 《ᠬᠠᠷ᠎ᠠ ᠳᠠᠩᠰᠠ》 ᠵᠢᠨ ᠳᠦᠷᠢᠮ᠎ᠢ ᠪᠠᠢ᠌ᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠢ᠌ᠯᠠᠯ᠎ᠤᠨ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠬᠤ᠂ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠵᠢᠨ ᠵᠣᠭᠣᠰ ᠵᠶ᠋ᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠪᠠᠢ᠌ᠭᠣᠯᠬᠣ᠂ ᠮᠠᠭᠤ ᠤᠬᠠᠭ᠋ᠠᠯᠠᠵᠤ ᠥᠷᠢ ᠥᠭᠴᠡᠭᠡ᠎ᠠᠴᠠ ᠳᠤᠲᠠᠭ᠋ᠠᠨ ᠵᠠᠢ᠌ᠯᠠᠬᠤ᠎ᠠᠴᠠ ᠪᠣᠯᠵᠤ ᠬᠥᠲᠥᠯᠥᠨ ᠵᠢᠯᠤᠭᠣᠳᠬᠤ ᠪᠡᠯᠡ ᠮᠥᠩᠭᠥ ᠵᠢ ᠬᠣᠬᠢᠷᠠᠭᠤᠯᠤᠭᠰᠠᠨ ᠪᠠᠢ᠌ᠪᠠᠯ᠂ ᠠᠵᠤ ᠠᠬᠤᠢ᠌ᠯᠠᠯ᠎ᠤᠨ 《ᠬᠠᠷ᠎ᠠ ᠳᠠᠩᠰᠠ》᠎ᠳᠤ ᠣᠷᠣᠭᠤᠯᠵᠤ ᠬᠠᠮᠢᠶᠠᠷᠬᠤ ᠬᠡᠷᠡᠭᠲᠡᠢ᠃
(ᠳᠥᠷᠪᠡ) ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠠᠬᠢ ᠠᠵᠢᠯ᠎ᠤᠨ ᠵᠢᠯᠣᠭᠣᠳᠤᠯᠭ᠎ᠠ ᠪᠠ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠥᠲᠥᠯᠥᠨ ᠵᠢᠯᠤᠭᠣᠳᠴᠤ ᠪᠡᠯᠡ ᠮᠥᠩᠭᠥ ᠬᠡᠷᠡᠭᠯᠡᠭᠰᠡᠨ ᠪᠠᠢ᠌ᠳᠠᠯ᠎ᠢ ᠰᠢᠯᠭ᠋ᠠᠨ ᠬᠢᠨᠠᠵᠤ ᠦᠨᠡᠯᠡᠯᠲᠡ ᠬᠢᠬᠦ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 1 ᠳ᠋ᠦ᠍ᠭᠡᠷ ᠰᠠᠷ᠎ᠠ ᠵᠢᠨ16᠎ᠤ ᠡᠳᠦᠷ ᠳᠠᠷᠤᠮᠠᠯᠯᠠᠨ ᠲᠠᠷᠬᠠᠭ᠋ᠠᠪᠠ