ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠬᠦᠷᠢᠶ᠎ᠡ ᠴᠡᠷᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠭᠡᠷᠡᠭᠯᠡᠬᠦ ᠠᠷᠭ᠎ᠠ
ᠨᠡᠶ᠋ᠢᠲᠡᠯᠡᠭᠰᠡᠨ ᠴᠠᠭ᠄ 2024-07-15

 

ᠬᠡᠯᠬᠢᠶᠡᠰᠦᠨ ᠨᠣᠮᠧᠷ᠄ 11150000011512749A/2024-04320

ᠭᠤᠣᠯ ᠰᠡᠳᠦᠪ᠎ᠤᠨ ᠠᠩᠭᠢᠯᠠᠯ᠄ ᠪᠤᠰᠤᠳ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠬᠤᠳᠠᠯᠳᠤᠭ᠎ᠠ ᠬᠠᠥᠯᠢ ᠲᠤᠭᠲᠠᠭ᠋ᠠᠯ ᠦᠰᠦᠭ [2024] 487 ᠳ᠋ᠤᠭ᠋ᠠᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

  

   ᠨᠢᠭᠡᠳᠣᠭᠡᠷ ᠵᠤᠷᠪᠤᠰ   ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠬᠦᠷᠢᠶ᠎ᠡ ᠴᠡᠷᠠᠭ᠎ᠠ ᠵᠢᠨ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠠᠵᠢᠯᠯᠠᠭ᠎ᠠ ᠵᠢ ᠵᠢᠷᠦᠮᠵᠢᠭᠤᠯᠵᠦ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢ ᠬᠠᠦᠯᠢ ᠶᠣᠰᠣᠭ᠋ᠠᠷ ᠵᠥᠪ ᠭᠡᠷᠡᠭᠵᠢᠬᠦᠯᠵᠦ᠂ ᠵᠠᠬ᠎ᠠ ᠳᠡᠯᠭᠡᠬᠦᠷ᠎ᠤᠨ ᠭᠤᠤᠯ ᠴᠣᠠᠠᠴᠠ ᠪᠠ ᠠᠷᠡᠳ ᠣᠯᠡᠨ᠎ᠤ ᠬᠠᠦᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠨ ᠬᠠᠮᠠᠭ᠋ᠠᠯᠠᠬᠤ ᠵᠢᠨ ᠲᠣᠰᠠᠳᠡ᠂ 《ᠪᠦᠬᠦᠲᠡ ᠨᠡᠶ᠋ᠢᠷᠡᠮᠳᠠᠬᠤ ᠲᠣᠮᠳᠠᠳᠣ ᠠᠷᠡᠳ ᠣᠯᠥᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠦᠯᠢ》᠂ 《〈ᠪᠦᠬᠦᠳᠠ ᠨᠡᠶ᠋ᠢᠷᠡᠮᠳ᠋ᠬᠠᠥ ᠲᠣᠮᠳᠠᠳᠣ ᠠᠷᠡᠳ ᠣᠯᠥᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠦᠯᠢ〉 ᠵᠢ ᠣᠯᠡᠮ ᠨᠢᠭᠡ ᠠᠯᠬᠤᠮ ᠲᠤᠭᠤᠰᠢᠯᠠᠭᠤᠯᠤᠨ ᠭᠡᠷᠡᠭᠵᠢᠬᠦᠯᠬᠦ ᠲᠣᠬᠠᠢ ᠳᠥᠷᠥ ᠵᠢᠨ ᠶᠠᠪᠤᠳᠡᠯ᠎ᠤᠨ ᠬᠤᠷᠢᠶ᠎ᠠ ᠵᠢᠨ ᠮᠡᠳᠡᠭᠳᠡᠯ》 《ᠵᠠᠰᠠᠭ ᠵᠠᠬᠢᠷᠭ᠋ᠠᠨ᠎ᠤ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠠᠠᠳᠠᠭ᠋ᠠᠬᠤ ᠪᠠ ᠬᠠᠮᠢᠶᠡᠷᠬᠤ ᠠᠵᠢᠯ᠎ᠤᠨ ᠲᠣᠬᠠᠢ ᠳᠥᠷᠥ ᠵᠢᠨ ᠶᠠᠪᠤᠳᠡᠯ᠎ᠤᠨ ᠬᠤᠷᠢᠶ᠎ᠠ ᠵᠢᠨ ᠠᠯᠪᠠᠨ ᠳᠢᠩᠬᠢᠮ᠎ᠤᠨ ᠰᠠᠨᠠᠯ》 ᠵᠡᠷᠭᠡ ᠬᠠᠦᠯᠢ ᠴᠠᠭ᠋ᠠᠵᠠ᠂ ᠬᠠᠦᠯᠢ ᠲᠣᠠᠠᠳᠠᠭ᠋ᠠᠯ᠂ ᠳᠥᠷᠢᠮ ᠲᠣᠠᠠᠳᠠᠭ᠋ᠠᠯ ᠪᠠ ᠬᠤᠯᠪᠤᠠᠠᠳᠡᠯ ᠪᠦᠬᠦᠢ ᠲᠣᠠᠠᠳᠠᠭ᠋ᠠᠯ᠎ᠢ ᠦᠨᠳᠣᠰᠣᠯᠡᠨ᠂ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠠᠵᠢᠯ᠎ᠤᠨ ᠪᠤᠳᠡᠳᠣ ᠪᠠᠶ᠋ᠢᠳᠡᠯ ᠪᠠ ᠶᠡᠷᠦᠩᠭᠡᠶ᠋ᠢᠯᠡᠭᠰᠡᠨ ᠬᠠᠦᠯᠢ ᠭᠡᠷᠡᠭᠵᠢᠬᠦᠯᠬᠦ ᠵᠢᠨ ᠪᠤᠳᠡᠳᠡᠢ᠎ᠲᠠᠢ ᠣᠶᠠᠯᠳᠣᠭᠤᠯᠵᠦ᠂ ᠲᠣᠰ ᠠᠷᠭ᠎ᠠ ᠵᠢ ᠲᠣᠠᠠᠳᠠᠭ᠋ᠠᠪᠡ᠃

   ᠬᠤᠶᠠᠳᠤᠭ᠋ᠠᠷ ᠵᠤᠷᠪᠤᠰ   ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠡᠯ᠎ᠡ ᠱᠠᠲᠤᠨ᠎ᠤ ᠪᠠᠶ᠋ᠢᠭᠤᠯᠭ᠎ᠠ (ᠳᠣᠷᠣᠭᠰᠢ 《ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠪᠠᠶ᠋ᠢᠭᠤᠯᠭ᠎ᠠ》 ᠭᠡᠵᠦ ᠲᠣᠪᠴᠢᠯᠠᠨ᠎ᠠ)᠎ᠨᠢ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠭᠠᠷᠭ᠋ᠠᠬᠤ ᠶᠠᠪᠤᠴᠠ᠎ᠳᠤ᠂ ᠲᠤᠬᠠᠶ ᠵᠢᠨ ᠬᠥᠮᠦᠨ᠎ᠤ ᠬᠠᠤᠯᠢ᠎ᠠᠴᠠ ᠵᠥᠷᠢᠴᠡᠭᠰᠡᠨ ᠰᠢᠨᠵᠢ ᠴᠢᠨᠠᠷ᠎ᠢ ᠮᠠᠭ᠋ᠠᠳᠯᠠᠨ ᠲᠣᠭᠲᠠᠭ᠋ᠠᠬᠤ᠂ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠵᠢᠨ ᠬᠡᠷᠡᠭᠯᠡᠯᠲᠡ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠥᠷᠥᠯ ᠵᠦᠢ᠍ᠯ ᠵᠢᠴᠢ ᠲᠡᠭᠦᠨ᠎ᠤ ᠲᠤᠭ᠎ᠠ ᠬᠡᠮᠵᠢᠶ᠎ᠡ ᠵᠢᠨ ᠬᠡᠮᠵᠢᠶ᠎ᠡ ᠵᠢ ᠲᠣᠭᠲᠠᠭ᠋ᠠᠬᠤ ᠲᠤᠬᠠᠶ ᠲᠠᠰᠤᠯᠤᠯᠲᠠ ᠬᠢᠬᠦ᠎ᠳᠤ ᠲᠣᠰ ᠠᠷᠭ᠎ᠠ ᠵᠢ ᠵᠢᠷᠤᠮᠯᠠᠬᠤ ᠬᠡᠷᠡᠭᠲᠡᠶ᠃

   ᠭᠤᠷᠪᠠᠳᠣᠭ᠋ᠠᠷ ᠵᠤᠷᠪᠤᠰ   ᠲᠣᠰ ᠠᠷᠭ᠎ᠠ᠎ᠳᠤ ᠭᠡᠯᠡᠵᠦ ᠪᠦᠬᠦᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠡᠷᠢᠮᠵᠢᠶ᠎ᠠ ᠭᠡᠳᠡᠭ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠭᠡᠷᠡᠭᠵᠢᠬᠦᠯᠬᠦ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠭᠡᠷᠡᠭᠵᠢᠬᠦᠯᠬᠦ᠎ᠳᠡᠭᠡᠨ ᠬᠠᠦᠯᠢ ᠴᠠᠭ᠋ᠠᠵᠠ᠂ ᠬᠠᠦᠯᠢ ᠲᠣᠠᠠᠳᠠᠭ᠋ᠠᠯ ᠪᠠ ᠳᠥᠷᠢᠮ ᠲᠣᠠᠠᠳᠠᠭ᠋ᠠᠯ᠎ᠳᠤ ᠲᠣᠠᠠᠳᠠᠭ᠋ᠠᠠᠠᠰᠠᠨ ᠲᠠᠰᠣᠯᠥᠯᠳᠡ ᠵᠢᠨ ᠭᠡᠪᠴᠢᠶᠡᠨ ᠳᠣᠳᠣᠷ᠎ᠠ᠂ ᠬᠠᠦᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠪᠤᠳᠡᠳᠣ    ᠶᠠᠪᠤᠳᠡᠯ᠂ ᠰᠢᠨᠵᠢ ᠴᠢᠨᠡᠷ᠂ ᠪᠠᠶ᠋ᠢᠳᠡᠯ᠂ ᠨᠡᠶ᠋ᠢᠭᠡᠮ᠎ᠳᠤ ᠬᠤᠣᠷ ᠬᠦᠨᠣᠭᠡᠯ ᠤᠴᠠᠷᠠᠭᠤᠯᠬᠤ ᠭᠡᠮᠵᠢᠶ᠎ᠠ ᠵᠢᠴᠢ ᠲᠣᠬᠠᠢ ᠵᠢᠨ ᠬᠦᠮᠦᠨ ᠵᠡᠷᠭᠡ ᠬᠦᠴᠣᠨ ᠵᠦᠢ᠍ᠯ᠎ᠢ ᠶᠡᠷᠦᠩᠭᠡᠶ᠋ᠢᠯᠡᠨ ᠪᠤᠳᠣᠯᠬᠢᠯᠡᠵᠦ᠂ ᠰᠢᠢ᠍ᠳᠭᠡᠯ ᠲᠣᠷᠭ᠋ᠠᠭᠤᠯᠢ ᠦᠭᠬᠦ ᠡᠰᠡᠬᠦ ᠵᠢ ᠲᠣᠠᠠᠳᠠᠭ᠋ᠠᠬᠤ᠂ ᠵᠢᠴᠢ ᠶᠠᠮᠠᠷ ᠳᠥᠷᠦᠯ ᠢᠯᠭ᠋ᠠᠯ᠂ ᠭᠡᠮᠵᠢᠶ᠎ᠠ ᠵᠢᠨ ᠰᠢᠢ᠍ᠳᠭᠡᠯ ᠦᠭᠬᠦ ᠵᠢᠴᠢ ᠳᠡᠬᠦᠨ᠎ᠳᠤ ᠪᠤᠳᠡᠳᠡᠢ ᠲᠣᠬᠢᠷᠠᠬᠤ ᠪᠠᠶ᠋ᠢᠳᠡᠯ᠎ᠢ ᠲᠣᠠᠠᠳᠠᠭ᠋ᠠᠬᠤ᠂ ᠪᠤᠳᠡᠳᠡᠶ᠋ᠢᠵᠢᠭᠤᠯᠬᠤ ᠪᠡᠷᠢᠮᠵᠢᠶ᠎ᠠ ᠵᠢ ᠵᠢᠭ᠋ᠠᠵᠦ ᠪᠤᠢ᠃

   ᠳᠥᠷᠪᠡᠳᠣᠭᠡᠷ ᠵᠤᠷᠪᠤᠰ   ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠭᠡᠷᠡᠭᠯᠡᠬᠦ᠎ᠳᠤ ᠲᠣᠣᠷᠡᠬᠢ ᠮᠡᠳᠣ ᠵᠠᠷᠴᠢᠮ᠎ᠢ ᠵᠢᠷᠦᠮᠯᠡᠬᠤ ᠭᠡᠷᠡᠭᠳᠡᠢ᠄

  (ᠨᠢᠭᠡ) ᠬᠠᠤᠯᠢ ᠶᠣᠰᠣᠨ᠎ᠤ ᠵᠠᠷᠴᠢᠮ᠃ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠡᠷᠢᠮᠵᠢᠶ᠎ᠠ ᠵᠢ ᠬᠠᠦᠯᠢ ᠵᠢᠨ ᠦᠨᠳᠣᠰᠣ ᠪᠡᠷᠢᠮᠳᠡ᠎ᠲᠠᠢ᠎ᠪᠠᠷ ᠲᠣᠠᠠᠳᠠᠭ᠋ᠠᠵᠦ᠂ ᠬᠠᠦᠯᠢ ᠴᠠᠭ᠋ᠠᠵᠠ᠂ ᠬᠠᠦᠯᠢ ᠲᠣᠠᠠᠳᠠᠭ᠋ᠠᠯ᠂ ᠳᠥᠷᠢᠮ ᠲᠣᠠᠠᠳᠠᠭ᠋ᠠᠯ᠎ᠤᠨ ᠬᠤᠯᠪᠤᠠᠠᠳᠡᠯ ᠪᠦᠬᠦᠢ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠵᠦᠢ᠍ᠯᠡᠰ᠂ ᠨᠦᠬᠦᠴᠡᠯ᠂ ᠳᠡᠰ ᠳᠡᠷᠡᠭ᠋ᠠᠯᠠᠯ᠂ ᠳᠥᠷᠦᠯ ᠵᠦᠢ᠍ᠯ᠂ ᠭᠡᠮᠵᠢᠶ᠎ᠠ ᠵᠢᠨ ᠲᠣᠠᠠᠳᠠᠭ᠋ᠠᠯ᠎ᠳᠤ ᠨᠡᠶ᠋ᠢᠴᠡᠬᠦᠯᠥᠨ᠂ ᠬᠠᠦᠯᠢ᠎ᠪᠠᠷ ᠲᠣᠠᠠᠳᠠᠭ᠋ᠠᠠᠠᠰᠠᠨ ᠳᠡᠰ ᠳᠡᠷᠡᠭ᠋ᠠᠯᠠᠯ᠎ᠢ ᠵᠢᠷᠦᠮᠯᠠᠨ᠎ᠠ᠃

  (ᠬᠤᠶᠠᠷ) ᠡᠷᠬᠡ ᠲᠡᠭᠰᠢ ᠵᠦᠢ ᠵᠣᠬᠢᠰᠲᠠᠢ ᠵᠠᠷᠴᠢᠮ᠃ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠡᠷᠢᠮᠵᠢᠶ᠎ᠠ᠎ᠨᠢ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠠᠵᠢᠯᠯᠠᠭ᠎ᠠ ᠵᠢᠨ ᠪᠤᠳᠡᠳᠣ ᠶᠠᠪᠤᠳᠡᠯ᠂ ᠰᠢᠨᠵᠢ ᠴᠢᠨᠡᠷ᠂ ᠦᠢ᠍ᠯᠡ ᠪᠠᠶ᠋ᠢᠳᠡᠯ᠂ ᠬᠠᠦᠯᠢ ᠴᠠᠭ᠋ᠠᠵᠠ ᠵᠢᠨ ᠱᠠᠭ᠋ᠠᠷᠳᠡᠯᠭ᠎ᠠ ᠪᠠ ᠲᠣᠰ ᠭᠠᠵᠡᠷ ᠣᠷᠣᠨ᠎ᠤ ᠠᠵᠦ ᠠᠬᠤᠢ ᠵᠢᠨ ᠬᠦᠭᠵᠢᠯᠳᠡ ᠵᠢᠨ ᠪᠠᠶ᠋ᠢᠳᠡᠯ ᠵᠡᠷᠭᠡ ᠬᠦᠴᠣᠨ ᠵᠦᠢ᠍ᠯ᠎ᠢ ᠶᠡᠷᠦᠩᠭᠡᠶ᠋ᠢᠯᠡᠨ ᠪᠤᠳᠣᠯᠬᠢᠯᠡᠵᠦ᠂ ᠦᠨᠡᠨ ᠬᠦ᠌ ᠴᠢᠬᠤᠯᠡ᠎ᠲᠠᠢ᠂ ᠲᠣᠬᠢᠷᠡᠮᠵᠢᠳᠡᠢ ᠪᠠᠶ᠋ᠢᠬᠤ ᠵᠢᠨ ᠬᠠᠮᠳᠣ᠂ ᠨᠡᠶ᠋ᠢᠭᠡᠮ ᠨᠡᠶ᠋ᠢᠲᠡ ᠵᠢᠨ ᠡᠮᠬᠢ ᠵᠢᠷᠦᠮ ᠪᠠ ᠰᠠᠶ᠋ᠢᠨ ᠰᠠᠶ᠋ᠢᠬᠠᠨ ᠬᠡᠪ ᠵᠠᠩᠰᠢᠯ᠎ᠲᠠᠢ ᠨᠡᠶ᠋ᠢᠴᠡᠭᠰᠡᠨ ᠪᠠᠶ᠋ᠢᠬᠤ ᠭᠡᠷᠡᠭᠳᠡᠢ᠃

  (ᠭᠤᠷᠪᠠ) ᠰᠢᠢ᠍ᠳᠭᠡᠬᠦ ᠪᠠ ᠰᠤᠷᠭ᠋ᠠᠨ ᠬᠦᠮᠦᠵᠢᠭᠦᠯᠬᠦ ᠵᠢ ᠤᠶᠠᠯᠳᠤᠭᠤᠯᠬᠤ ᠵᠠᠷᠴᠢᠮ᠃ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠡᠷᠢᠮᠵᠢᠶ᠎ᠠ᠎ᠨᠢ ᠬᠠᠦᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠡᠭᠤᠯᠬᠤ ᠪᠠ ᠲᠣᠬᠠᠢ ᠵᠢᠨ ᠬᠦᠮᠦᠨ᠎ᠢ ᠬᠦᠮᠦᠵᠢᠬᠦᠯᠵᠦ᠂ ᠲᠣᠬᠠᠢ ᠵᠢᠨ ᠬᠦᠮᠦᠨ᠎ᠤ ᠣᠬᠠᠮᠰᠡᠷ᠎ᠠᠴᠠ᠎ᠪᠠᠨ ᠬᠠᠦᠯᠢ ᠵᠢ ᠰᠠᠬᠢᠬᠤ ᠵᠢ ᠬᠦᠳᠦᠯᠥᠨ ᠵᠢᠯᠥᠭᠤᠳᠣᠨ᠎ᠠ᠃

   ᠲᠠᠪᠤᠳᠤᠭ᠋ᠠᠷ ᠵᠤᠷᠪᠤᠰ   ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠬᠡᠷᠡᠭᠵᠢᠭᠦᠯᠬᠦ᠎ᠳᠤ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠵᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠶ᠋ᠢᠳᠠᠯ ᠵᠢᠴᠢ ᠨᠡᠶ᠋ᠢᠭᠡᠮ᠎ᠳᠤ ᠬᠣᠤᠷ ᠬᠥᠨᠥᠭᠡᠯ᠎ᠤᠨ ᠬᠡᠮᠵᠢᠶ᠎ᠡ᠎ᠯᠦᠭᠡ ᠵᠣᠬᠢᠴᠠᠭᠤᠯᠬᠤ ᠬᠡᠷᠡᠭᠲᠡᠶ᠃ ᠠᠳᠠᠯᠢ ᠪᠤᠶᠤ ᠠᠳᠠᠯᠢᠪᠲᠤᠷ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠪᠠ ᠭᠠᠷᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ᠎ᠨᠢ ᠦᠨᠳᠦᠰᠦᠨ᠎ᠳᠡᠭᠡᠨ ᠠᠳᠠᠯᠢ ᠪᠠᠶ᠋ᠢᠬᠤ ᠬᠡᠷᠡᠭᠲᠡᠶ᠃

   ᠵᠢᠷᠭᠤᠳᠤᠭ᠋ᠠᠷ ᠵᠤᠷᠪᠤᠰ   ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠲᠥᠷᠥᠯ ᠵᠦᠢ᠍ᠯ᠎ᠢ ᠳᠠᠩ ᠵᠶ᠋ᠠᠷ᠎ᠨᠢ ᠰᠢᠢ᠍ᠳᠭᠡᠬᠦ ᠪᠤᠶᠤ ᠰᠢᠢ᠍ᠳᠭᠡᠵᠦ ᠪᠣᠯᠬᠤ᠎ᠳᠤ ᠭᠦᠷᠪᠡᠯ ᠬᠡᠷᠡᠭᠯᠡᠬᠦ ᠵᠢ᠎ᠨᠢ ᠰᠤᠩᠭᠤᠵᠤ ᠪᠣᠯᠤᠨ᠎ᠠ; ᠳᠠᠪᠬᠤᠷ ᠰᠢᠢ᠍ᠳᠭᠡᠬᠦ ᠬᠡᠷᠡᠭᠲᠡᠢ ᠭᠡᠵᠦ ᠲᠣᠭᠲᠠᠭ᠋ᠠᠭᠰᠠᠨ ᠪᠠᠢ᠌ᠪᠠᠯ ᠲᠣᠬᠢᠷᠠᠭᠤᠯᠵᠤ ᠪᠣᠯᠬᠤ ᠦᠭᠡᠢ᠃

   ᠳᠣᠯᠣᠳᠤᠭ᠋ᠠᠷ ᠵᠤᠷᠪᠤᠰ    ᠲᠤᠬᠠᠢ ᠵᠢᠨ ᠬᠥᠮᠦᠨ᠎ᠤ ᠬᠠᠤᠯᠢ᠎ᠠᠴᠠ ᠵᠥᠷᠢᠴᠡᠭᠰᠡᠨ ᠠᠳᠠᠯᠢ ᠨᠢᠭᠡᠨ ᠦᠢ᠍ᠯᠡ ᠠᠵᠢᠯᠯᠠᠭ᠎ᠠ᠎ᠳᠤ ᠬᠣᠶᠠᠷ ᠤᠳᠠᠭ᠎ᠠ᠎ᠠᠴᠠ ᠳᠡᠭᠡᠭᠰᠢ ᠵᠣᠭᠣᠰ ᠵᠶ᠋ᠠᠷ ᠲᠣᠷᠭ᠋ᠠᠬᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ ᠪᠣᠯᠬᠤ ᠦᠭᠡᠶ᠃ ᠠᠳᠠᠯᠢ ᠨᠢᠭᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠣᠯᠠᠨ ᠬᠠᠤᠯᠢ ᠴᠠᠭ᠋ᠠᠵᠠ ᠵᠢᠨ ᠵᠢᠷᠤᠮᠵᠢᠯ᠎ᠢ ᠵᠥᠷᠢᠴᠡᠪᠡᠯ ᠵᠣᠭᠣᠰ ᠵᠶ᠋ᠠᠷ ᠲᠣᠷᠭ᠋ᠠᠬᠤ ᠶᠣᠰᠣᠲᠠᠶ ᠪᠣᠯ ᠵᠣᠭᠣᠰ ᠵᠶ᠋ᠠᠷ ᠲᠣᠷᠭ᠋ᠠᠬᠤ ᠲᠣᠭ᠎ᠠ ᠬᠡᠮᠵᠢᠶ᠎ᠡ᠎ᠨᠢ ᠥᠨᠳᠥᠷ ᠲᠣᠭᠲᠠᠭ᠋ᠠᠯ ᠶᠣᠰᠣᠭ᠋ᠠᠷ ᠰᠢᠢ᠍ᠳᠭᠡᠨ ᠲᠣᠷᠭ᠋ᠠᠨ᠎ᠠ᠃

   ᠨᠠᠢ᠍ᠮᠠᠳᠤᠭ᠋ᠠᠷ ᠵᠤᠷᠪᠤᠰ   ᠲᠤᠰ ᠠᠷᠭ᠎ᠠ᠎ᠳᠤ ᠬᠡᠯᠡᠵᠦ ᠪᠠᠶ᠋ᠢᠭ᠎ᠠ 《ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠦᠭᠡᠢ》 ᠭᠡᠳᠡᠭ ᠪᠣᠯ ᠬᠠᠤᠯᠢ᠎ᠪᠠᠷ ᠲᠣᠭᠲᠠᠭ᠋ᠠᠭᠰᠠᠨ ᠰᠢᠯᠲᠠᠭ᠋ᠠᠨ᠎ᠠᠴᠠ ᠪᠣᠯᠵᠤ ᠬᠠᠤᠯᠢ᠎ᠠᠴᠠ ᠵᠥᠷᠢᠴᠡᠭᠰᠡᠨ ᠣᠨᠴᠠ ᠲᠣᠭᠲᠠᠭᠰᠠᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠦᠭᠡᠢ ᠪᠠᠶ᠋ᠢᠬᠤ ᠵᠢ ᠵᠢᠭ᠋ᠠᠵᠤ ᠪᠠᠶ᠋ᠢᠨ᠎ᠠ᠃ 《ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠥᠩᠭᠡᠷᠡᠭᠦᠯᠬᠦ》 ᠭᠡᠳᠡᠭ᠎ᠨᠢ ᠬᠠᠤᠯᠢ᠎ᠪᠠᠷ ᠲᠣᠭᠲᠠᠭ᠋ᠠᠭᠰᠠᠨ ᠰᠢᠢ᠍ᠳᠬᠡᠯ᠎ᠤᠨ ᠲᠥᠷᠥᠯ ᠵᠦᠢ᠍ᠯ ᠪᠠ ᠬᠡᠮᠵᠢᠶ᠎ᠡ᠎ᠠᠴᠠ ᠳᠣᠭᠤᠭᠰᠢᠬᠢ ᠰᠢᠢ᠍ᠳᠬᠡᠯ᠎ᠢ ᠵᠢᠭ᠋ᠠᠵᠤ ᠪᠠᠶ᠋ᠢᠨ᠎ᠠ᠃   ᠡᠭᠦᠨ᠎ᠳᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠦᠷᠲᠡᠬᠦ ᠶᠣᠰᠣᠲᠠᠶ ᠨᠢᠭᠡ ᠵᠦᠢ᠍ᠯ ᠪᠤᠶᠤ ᠬᠡᠳᠦᠨ ᠵᠦᠢ᠍ᠯ᠎ᠤᠨ ᠰᠢᠢ᠍ᠳᠭᠡᠨ ᠲᠣᠷᠭ᠋ᠠᠬᠤ ᠲᠥᠷᠥᠯ ᠵᠦᠢ᠍ᠯ᠎ᠠᠴᠠ ᠭᠠᠳᠠᠨ᠎ᠠ ᠨᠡᠩ ᠬᠥᠩᠭᠡᠨ ᠰᠢᠢ᠍ᠳᠭᠡᠨ ᠲᠣᠷᠭ᠋ᠠᠬᠤ ᠲᠥᠷᠥᠯ ᠵᠦᠢ᠍ᠯ ᠰᠣᠩᠭᠣᠬᠤ᠂ ᠡᠰᠡᠬᠦᠯ᠎ᠡ ᠨᠡᠶ᠋ᠢᠯᠡᠭᠦᠯᠦᠨ ᠰᠢᠢ᠍ᠳᠭᠡᠬᠦ ᠶᠣᠰᠣᠲᠠᠶ ᠦᠶ᠎ᠡ᠎ᠳᠤ ᠨᠡᠶ᠋ᠢᠯᠡᠭᠦᠯᠦᠨ ᠰᠢᠢ᠍ᠳᠭᠡᠬᠦ ᠦᠭᠡᠶ᠂ ᠪᠠᠰᠠ ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠤᠷ᠎ᠠ ᠲᠣᠷᠭ᠋ᠠᠭᠤᠯᠢ ᠵᠢᠨ ᠬᠢᠵᠠᠭ᠋ᠠᠷ ᠬᠡᠮᠵᠢᠶ᠎ᠡ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ ᠲᠣᠭ᠎ᠠ ᠬᠡᠮᠵᠢᠶ᠎ᠡ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃  《ᠵᠠᠰᠠᠭ ᠵᠠᠬᠢᠷᠭ᠋ᠠᠨ᠎ᠤ ᠬᠥᠩᠭᠡᠨ ᠵᠶ᠋ᠠᠷ ᠰᠢᠢ᠍ᠳᠬᠡᠬᠦ》 ᠭᠡᠳᠡᠭ᠎ᠨᠢ ᠬᠠᠤᠯᠢ᠎ᠪᠠᠷ ᠲᠣᠭᠲᠠᠭ᠋ᠠᠭᠰᠠᠨ ᠰᠢᠢ᠍ᠳᠬᠡᠯ᠎ᠤᠨ ᠲᠦᠷᠦᠯ ᠵᠦᠢ᠍ᠯ ᠪᠠ ᠬᠡᠮᠵᠢᠶᠡᠨ᠎ᠤ ᠳᠣᠲᠣᠷ᠎ᠠ᠂ ᠨᠡᠯᠢᠶᠡᠳ ᠬᠥᠩᠭᠡᠨ᠂ ᠨᠡᠯᠢᠶᠡᠳ ᠴᠥᠭᠡᠨ ᠰᠢᠢ᠍ᠳᠬᠡᠯ᠎ᠤᠨ ᠲᠦᠷᠦᠯ ᠵᠦᠢ᠍ᠯ ᠪᠤᠶᠤ ᠨᠡᠯᠢᠶᠡᠳ ᠳᠣᠣᠷ᠎ᠠ ᠰᠢᠢ᠍ᠳᠬᠡᠯ᠎ᠤᠨ ᠬᠡᠮᠵᠢᠶ᠎ᠡ ᠵᠢ ᠬᠡᠷᠡᠭᠯᠡᠬᠦ ᠵᠢ ᠵᠢᠭ᠋ᠠᠵᠤ ᠪᠠᠶ᠋ᠢᠨ᠎ᠠ᠃ 《ᠵᠠᠰᠠᠭ ᠵᠠᠬᠢᠷᠭ᠋ᠠᠨ᠎ᠤ ᠬᠦᠨᠳᠦ ᠰᠢᠢ᠍ᠳᠭᠡᠯ ᠲᠣᠷᠭ᠋ᠠᠭᠤᠯᠢ》 ᠭᠡᠳᠡᠭ᠎ᠨᠢ ᠬᠠᠤᠯᠢ᠎ᠪᠠᠷ ᠲᠣᠭᠲᠠᠭ᠋ᠠᠭᠰᠠᠨ ᠰᠢᠢ᠍ᠳᠭᠡᠨ ᠲᠣᠷᠭ᠋ᠠᠬᠤ ᠲᠥᠷᠥᠯ ᠵᠦᠢ᠍ᠯ ᠪᠣᠯᠤᠨ ᠬᠡᠮᠵᠢᠶ᠎ᠡ ᠵᠢᠨ ᠳᠣᠲᠣᠷ᠎ᠠ ᠨᠡᠯᠢᠶᠡᠳ ᠬᠦᠨᠳᠦ᠂ ᠨᠡᠯᠢᠶᠡᠳ ᠠᠷᠪᠢᠨ ᠰᠢᠢ᠍ᠳᠭᠡᠨ ᠲᠣᠷᠭ᠋ᠠᠬᠤ ᠲᠥᠷᠥᠯ ᠵᠦᠢ᠍ᠯ ᠪᠤᠶᠤ ᠨᠡᠯᠢᠶᠡᠳ ᠥᠨᠳᠥᠷ ᠰᠢᠢ᠍ᠳᠭᠡᠨ ᠲᠣᠷᠭ᠋ᠠᠬᠤ ᠬᠡᠮᠵᠢᠶ᠎ᠡ ᠵᠢ ᠰᠣᠩᠭᠣᠬᠤ ᠪᠣᠯᠤᠨ᠎ᠠ᠃

   ᠶᠢᠰᠦᠳᠦᠭᠡᠷ ᠵᠤᠷᠪᠤᠰ   ᠲᠤᠬᠠᠢ ᠵᠢᠨ ᠬᠥᠮᠥᠨ᠎ᠳᠤ ᠳᠣᠣᠷᠠᠬᠢ ᠵᠢᠭᠰᠠᠭ᠋ᠠᠭᠰᠠᠨ ᠪᠠᠶ᠋ᠢᠳᠠᠯ᠎ᠤᠨ ᠠᠯᠢ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ᠄

  (ᠨᠢᠭᠡ) ᠪᠦᠬᠦᠯᠢ ᠠᠷᠪᠠᠨ ᠳᠥᠷᠪᠡᠨ ᠨᠠᠰᠤ ᠬᠥᠷᠥᠭᠡᠳᠦᠶ ᠨᠠᠰᠤᠨ᠎ᠳᠤ ᠦᠯᠦ ᠬᠦᠷᠦᠭᠰᠡᠳ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠬᠢᠭᠰᠡᠨ ᠪᠠᠶ᠋ᠢᠪᠠᠯ;

  (ᠬᠤᠶᠠᠷ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠥᠩᠭᠡᠪᠲᠦᠷ ᠪᠥᠭᠡᠳ ᠴᠠᠭ ᠲᠤᠬᠠᠶ᠎ᠳᠤᠨᠢ ᠵᠠᠯᠠᠷᠠᠭᠤᠯᠬᠤ ᠵᠢᠨ ᠬᠠᠮᠲᠤ ᠬᠣᠤᠷ ᠬᠥᠨᠥᠭᠡᠯ᠎ᠤᠨ ᠦᠷ᠎ᠡ ᠤᠷᠰᠢᠭ ᠭᠠᠷᠭ᠋ᠠᠭᠰᠠᠨ ᠦᠭᠡᠶ ᠪᠠᠶ᠋ᠢᠪᠠᠯ;

  (ᠭᠤᠷᠪᠠ) ᠲᠤᠬᠠᠢ ᠵᠢᠨ ᠬᠦᠮᠦᠨ᠎ᠨᠢ ᠪᠡᠶᠡᠴᠢ ᠲᠠᠯ᠎ᠠ ᠵᠢᠨ ᠤᠰᠤᠯ ᠪᠤᠷᠤᠭᠤ ᠦᠭᠡᠢ ᠪᠤᠯᠬᠤ ᠵᠢ ᠭᠡᠷᠡᠴᠢᠯᠡᠬᠦ ᠭᠡᠷᠡᠴᠢ ᠪᠠᠷᠢᠮᠳᠠ᠎ᠲᠠᠢ ᠪᠠᠶ᠋ᠢᠪᠠᠯ (ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠠᠰᠳᠠᠭ᠋ᠠᠨ ᠲᠤᠭᠳᠠᠭ᠋ᠠᠯ᠎ᠲᠠᠢ ᠪᠠᠶ᠋ᠢᠪᠠᠯ᠂ ᠲᠡᠷᠡ ᠲᠤᠭᠳᠠᠭ᠋ᠠᠯ᠎ᠢ ᠵᠢᠷᠤᠮᠯᠠᠨ᠎ᠠ)

  (ᠲᠦᠷᠪᠡ) ᠮᠡᠳᠡᠷᠡᠯ᠎ᠤᠨ ᠡᠪᠡᠳᠴᠢᠲᠡᠨ᠂ ᠣᠶᠤᠨ ᠤᠬᠠᠭ᠋ᠠᠨ᠎ᠨᠢ ᠵᠡᠮᠳᠡᠭ ᠥᠪᠡᠷ᠎ᠤᠨ ᠦᠢ᠍ᠯᠡ ᠠᠵᠢᠯᠯᠠᠭ᠎ᠠ᠎ᠪᠠᠨ ᠢᠯᠭ᠋ᠠᠨ ᠲᠠᠨᠢᠵᠤ ᠳᠡᠶ᠋ᠢᠯᠬᠦ ᠦᠭᠡᠶ ᠪᠤᠶᠤ ᠬᠢᠵᠠᠭ᠋ᠠᠷᠯᠠᠵᠤ ᠳᠡᠶ᠋ᠢᠯᠬᠦ ᠦᠭᠡᠶ ᠦᠶ᠎ᠡ᠎ᠳᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠬᠢᠵᠦ ᠪᠠᠶ᠋ᠢᠭ᠎ᠠ;

  (ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠦᠭᠬᠦ ᠦᠭᠡᠢ᠃

   ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠤᠶᠠᠷ ᠵᠢᠯ᠎ᠤᠨ ᠳᠣᠲᠣᠷ᠎ᠠ ᠣᠯᠵᠤ ᠮᠡᠳᠡᠭᠰᠡᠨ ᠦᠭᠡᠢ; ᠡᠭᠦᠨ᠎ᠳᠤ ᠠᠷᠠᠳ ᠢᠷᠭᠡᠳ᠎ᠤᠨ ᠠᠮᠢ ᠨᠠᠰᠤ ᠡᠷᠡᠭᠦᠯ ᠮᠡᠨᠳᠦ ᠵᠢᠨ ᠠᠮᠤᠷ ᠲᠦᠪᠰᠢᠨ᠂ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠳᠤ ᠬᠤᠯᠪᠣᠭᠳᠠᠬᠤ ᠪᠥᠭᠡᠳ ᠬᠤᠣᠷ ᠬᠥᠨᠥᠭᠡᠯ᠎ᠤᠨ ᠦᠷ᠎ᠡ ᠳ᠋ᠦᠩ᠎ᠲᠠᠢ ᠪᠠᠶ᠋ᠢᠪᠠᠯ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠲᠠᠪᠤᠨ ᠵᠢᠯ᠎ᠤᠨ ᠳᠣᠲᠣᠷ᠎ᠠ ᠣᠯᠵᠤ ᠮᠡᠳᠡᠭᠰᠡᠨ ᠦᠭᠡᠢ ᠪᠠᠶ᠋ᠢᠪᠠᠯ᠂ ᠳᠠᠬᠢᠵᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ᠃

   ᠠᠩᠬ᠎ᠠ ᠤᠳᠠᠭ᠎ᠠ ᠬᠠᠤᠯᠢ᠎ᠠᠴᠠ ᠵᠥᠷᠢᠴᠡᠭᠰᠡᠨ ᠪᠥᠭᠡᠳ ᠬᠥᠨᠥᠭᠡᠯ᠎ᠤᠨ ᠦᠷ᠎ᠡ ᠳ᠋ᠦᠩ᠎ᠨᠢ ᠬᠥᠩᠭᠡᠪᠲᠦᠷ ᠮᠥᠷᠲᠡᠭᠡᠨ ᠴᠠᠭ ᠲᠤᠬᠠᠶ᠎ᠳᠤᠨᠢ ᠵᠠᠯᠠᠷᠠᠭᠤᠯᠤᠭᠰᠠᠨ ᠪᠣᠯ ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ ᠦᠭᠡᠶ ᠪᠠᠶ᠋ᠢᠵᠤ ᠪᠣᠯᠤᠨ᠎ᠠ᠃

   ᠲᠤᠬᠠᠢ ᠵᠢᠨ ᠬᠥᠮᠦᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ ᠦᠭᠡᠶ ᠪᠣᠯ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠲᠤᠬᠠᠢ ᠵᠢᠨ ᠬᠥᠮᠦᠨ᠎ᠳᠤ ᠬᠥᠮᠦᠵᠢᠯ ᠬᠢᠬᠦ ᠬᠡᠷᠡᠭᠲᠡᠶ᠃

   ᠠᠷᠪᠠᠳᠣᠭ᠋ᠠᠷ ᠵᠤᠷᠪᠤᠰ   ᠲᠣᠬᠠᠢ ᠵᠢᠨ ᠬᠦᠮᠦᠨ᠎ᠳᠤ ᠲᠣᠣᠷᠡᠬᠢ ᠪᠠᠶ᠋ᠢᠳᠡᠯ᠎ᠤᠨ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠰᠢᠢ᠍ᠳᠭᠡᠯ ᠦᠭᠬᠦ ᠪᠤᠶᠤ ᠬᠦᠩᠭᠡᠷᠡᠬᠦᠯᠬᠦ ᠭᠡᠷᠡᠭᠳᠡᠢ᠄

  (ᠨᠢᠭᠡ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠥᠨᠥᠭᠡᠯᠲᠦ ᠦᠷ᠎ᠡ ᠳ᠋ᠦᠩ᠎ᠢ ᠰᠠᠨᠠᠭ᠋ᠠᠴᠢᠯᠠᠭ᠎ᠠ᠎ᠠᠴᠠ᠎ᠪᠠᠨ ᠠᠷᠢᠯᠭ᠋ᠠᠬᠤ ᠪᠤᠶᠤ ᠬᠥᠩᠭᠡᠷᠡᠭᠦᠯᠦᠭᠰᠡᠨ ᠪᠠᠶ᠋ᠢᠪᠠᠯ;

  (ᠬᠤᠶᠠᠷ) ᠪᠤᠰᠤᠳ᠎ᠤᠨ ᠰᠦᠷᠳᠡᠭᠦᠯᠦᠭᠰᠡᠨ ᠪᠤᠶᠤ ᠬᠠᠭᠤᠷᠴᠤ ᠮᠡᠬᠡᠯᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠬᠢᠭᠰᠡᠨ ᠪᠠᠶ᠋ᠢᠪᠠᠯ;

  (ᠭᠤᠷᠪᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠯᠤᠭ᠎ᠠ ᠬᠠᠮᠵᠢᠯᠴᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠭᠠᠪᠢᠶ᠎ᠠ ᠪᠠᠶ᠋ᠢᠭᠤᠯᠤᠭᠰᠠᠨ ᠢᠯᠡᠷᠡᠯ᠎ᠲᠠᠢ ᠪᠠᠶ᠋ᠢᠪᠠᠯ;

  (ᠲᠦᠷᠪᠡ) ᠰᠠᠨᠠᠭ᠋ᠠᠴᠢᠯᠭ᠎ᠠ᠎ᠠᠴᠠ᠎ᠪᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠠᠬᠠᠨ ᠡᠵᠡᠮᠰᠢᠭᠰᠡᠨ ᠦᠭᠡᠢ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠥᠴᠢᠭᠯᠡᠭᠰᠡᠨ ᠪᠠᠶ᠋ᠢᠪᠠᠯ;

  (ᠲᠠᠪᠤ) ᠪᠦᠬᠦᠯᠢ ᠠᠷᠪᠠᠨ ᠳᠥᠷᠪᠡᠨ ᠨᠠᠰᠤ ᠬᠦᠷᠦᠭᠡᠳᠦᠢ ᠪᠦᠬᠦᠯᠢ ᠠᠷᠪᠠᠨ ᠨᠠᠢ᠍ᠮᠠᠨ ᠨᠠᠰᠤ ᠬᠦᠷᠦᠭᠡᠳᠦᠢ ᠨᠠᠰᠤᠨ᠎ᠳᠤ ᠦᠯᠦ ᠬᠦᠷᠦᠭᠰᠡᠳ᠎ᠤᠨ ᠬᠠᠤᠯᠢ ᠵᠦᠷᠢᠴᠡᠭᠰᠡᠨ ᠦᠢ᠍ᠯᠡ ᠠᠵᠢᠯᠯᠠᠭ᠎ᠠ ᠬᠢᠭᠰᠡᠨ ᠪᠠᠶ᠋ᠢᠬᠤ;

  (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠶᠣᠰᠣᠭ᠋ᠠᠷ ᠪᠤᠰᠤᠳ ᠬᠥᠩᠭᠡᠨ ᠵᠶ᠋ᠠᠷ ᠰᠢᠢ᠍ᠳᠭᠡᠬᠦ ᠪᠤᠶᠤ ᠬᠥᠩᠭᠡᠯᠡᠵᠦ ᠰᠢᠢ᠍ᠳᠭᠡᠬᠦ ᠶᠣᠰᠣᠲᠠᠢ ᠭᠡᠵᠦ ᠲᠣᠭᠲᠠᠭ᠋ᠠᠭᠰᠠᠨ ᠪᠠᠶ᠋ᠢᠪᠠᠯ᠃

   ᠠᠷᠪᠠᠨ ᠨᠢᠭᠡᠳᠦᠭᠡᠷ ᠵᠤᠷᠪᠤᠰ   ᠲᠤᠬᠠᠢ ᠵᠢᠨ ᠬᠥᠮᠦᠨ ᠳᠣᠣᠷᠠᠬᠢ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠬᠥᠩᠭᠡᠨ ᠵᠶ᠋ᠠᠷ ᠰᠢᠢ᠍ᠳᠭᠡᠵᠦ ᠪᠣᠯᠤᠨ᠎ᠠ; ᠲᠤᠬᠠᠢ ᠵᠢᠨ ᠬᠥᠮᠦᠨ᠎ᠨᠢ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠬᠤ ᠪᠦᠭᠡᠳ ᠬᠣᠣᠷ ᠬᠥᠨᠥᠭᠡᠯ᠎ᠤᠨ ᠦᠷ᠎ᠡ ᠤᠷᠰᠢᠭ᠎ᠨᠢ ᠬᠥᠩᠭᠡᠪᠲᠦᠷ ᠪᠠᠢ᠌ᠪᠠᠯ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠰᠢᠢ᠍ᠳᠭᠡᠯ᠎ᠢ ᠬᠥᠩᠭᠡᠯᠡᠨ ᠥᠭᠴᠦ ᠪᠣᠯᠤᠨ᠎ᠠ᠄

  (ᠨᠢᠭᠡ) ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠬᠡᠷᠡᠭᠵᠢᠭᠦᠯᠬᠦ ᠪᠠᠶ᠋ᠢᠭᠤᠯᠭ᠎ᠠ᠎ᠳᠤ ᠢᠳᠡᠪᠬᠢᠲᠡᠢ ᠬᠠᠮᠵᠢᠯᠴᠠᠨ᠂ ᠬᠠᠤᠯᠢ᠎ᠠᠴᠠ ᠵᠦᠷᠢᠴᠡᠭᠰᠡᠨ ᠪᠣᠳᠠᠳᠤ ᠬᠡᠷᠡᠭ᠎ᠢ ᠦᠨᠡᠨ ᠪᠣᠲᠠᠲᠠᠢ᠎ᠪᠠᠷ ᠲᠣᠭ᠋ᠠᠴᠢᠬᠤ ᠵᠢᠨ ᠬᠠᠮᠲᠤ᠂ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠰᠠᠨᠠᠭ᠋ᠠᠴᠢᠯᠠᠭ᠎ᠠ᠎ᠠᠴᠠ᠎ᠪᠠᠨ ᠬᠠᠩᠭ᠋ᠠᠭᠰᠠᠨ ᠪᠠᠶ᠋ᠢᠬᠤ ᠬᠡᠷᠡᠭᠲᠡᠢ;

  (ᠬᠤᠶᠠᠷ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠥᠩᠭᠡᠨ;

  (ᠭᠤᠷᠪᠠ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠵᠣᠭᠰᠣᠭ᠋ᠠᠨ᠎ᠠ;

  (ᠲᠦᠷᠪᠡ) ᠴᠠᠭ ᠲᠤᠬᠠᠢ᠎ᠳᠤᠨᠢ ᠵᠠᠯᠠᠷᠠᠭᠤᠯᠤᠭᠰᠠᠨ;

  (ᠲᠠᠪᠤ) ᠬᠠᠮᠲᠤ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠳᠡᠳ᠋ ᠪᠤᠶᠤ ᠲᠤᠰᠠᠯᠠᠬᠤ ᠦᠢ᠍ᠯᠡᠳᠦᠯ ᠦᠵᠡᠭᠦᠯᠬᠦ;

  (ᠵᠢᠷᠭᠤᠭ᠎ᠠ) ᠥᠪᠡᠷ᠎ᠤᠨ ᠦᠢ᠍ᠯᠡ ᠠᠵᠢᠯᠯᠠᠭ᠎ᠠ ᠵᠢ᠎ᠪᠠᠨ ᠢᠯᠭ᠋ᠠᠨ ᠲᠠᠨᠢᠬᠤ ᠪᠤᠶᠤ ᠡᠵᠡᠮᠳᠡᠬᠦ ᠴᠢᠳᠠᠪᠤᠷᠢ᠎ᠪᠠᠨ ᠪᠦᠷᠢᠮᠦᠰᠦᠨ ᠠᠯᠳᠠᠭ᠎ᠠ ᠦᠭᠡᠢ ᠮᠡᠳᠡᠷᠡᠯ᠎ᠤᠨ ᠡᠪᠡᠳᠴᠢᠲᠡᠨ᠂ ᠣᠶᠤᠨ ᠤᠬᠠᠭ᠋ᠠᠨ᠎ᠨᠢ ᠵᠡᠮᠳᠡᠭ ᠬᠦᠮᠦᠰ᠎ᠲᠤ ᠬᠠᠤᠯᠢ ᠪᠤᠰᠤ ᠠᠵᠢᠯᠯᠠᠭ᠎ᠠ ᠬᠢᠭᠰᠡᠨ ᠪᠠᠶ᠋ᠢᠪᠠᠯ;

  (ᠳᠤᠯᠤᠭ᠎ᠠ) ᠲᠤᠬᠠᠢ ᠵᠢᠨ ᠬᠥᠮᠦᠨ᠎ᠨᠢ ᠵᠡᠮᠳᠡᠭ ᠪᠤᠶᠤ ᠬᠦᠨᠳᠦ ᠡᠪᠡᠳᠴᠢᠨ ᠡᠮᠭᠡᠭ ᠵᠡᠷᠭᠡ   ᠰᠢᠯᠲᠠᠭ᠋ᠠᠨ᠎ᠠᠴᠠ ᠪᠣᠯᠤᠭ᠋ᠠᠳ ᠠᠮᠢᠳᠤᠷᠠᠯ᠎ᠨᠢ ᠦᠨᠡᠬᠡᠷ ᠬᠦᠴᠢᠷᠲᠡᠢ ᠪᠠᠢ᠌ᠪᠠᠯ;

  (ᠨᠠᠢ᠍ᠮᠠ) ᠪᠤᠰᠤᠳ᠎ᠨᠢ ᠵᠠᠰᠠᠭ ᠵᠠᠬᠢᠷᠭ᠍ᠠᠨ᠎ᠤ ᠰᠢᠢ᠍ᠳᠭᠡᠯ᠎ᠢ ᠬᠥᠩᠭᠡᠯᠡᠵᠦ ᠪᠤᠯᠬᠤ ᠪᠤᠶᠤ ᠬᠥᠩᠭᠡᠷᠡᠭᠦᠯᠵᠦ ᠪᠤᠯᠬᠤ᠃

   ᠠᠷᠪᠠᠨ ᠬᠤᠶᠠᠳᠣᠭ᠋ᠠᠷ ᠵᠤᠷᠪᠤᠰ   ᠲᠣᠬᠠᠢ ᠵᠢᠨ ᠬᠦᠮᠦᠨ᠎ᠳᠤ ᠲᠣᠣᠷᠡᠬᠢ ᠪᠠᠶ᠋ᠢᠳᠡᠯ᠎ᠤᠨ ᠨᠢᠭᠡ᠎ᠨᠢ ᠪᠠᠶ᠋ᠢᠪᠠᠯ᠂ ᠬᠠᠦᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠦᠭᠬᠦ ᠭᠡᠷᠡᠭᠳᠡᠢ᠄

  (ᠨᠢᠭᠡ) ᠬᠦᠨᠳᠦ ᠶᠡᠭᠡ ᠬᠠᠯᠳᠠᠪᠤᠷᠢᠲᠤ ᠡᠪᠡᠳᠴᠢᠨ᠎ᠤ ᠬᠢᠵᠢᠭ᠎ᠤᠨ ᠪᠠᠶ᠋ᠢᠳᠠᠯ ᠵᠡᠷᠭᠡ ᠭᠡᠨᠡᠳᠲᠡ ᠵᠢᠨ ᠬᠡᠷᠡᠭ᠎ᠤᠨ ᠬᠤᠭᠤᠴᠠᠭ᠋ᠠᠨ᠎ᠳᠤ᠂ ᠭᠡᠨᠡᠳᠲᠡ ᠵᠢᠨ ᠬᠡᠷᠡᠭ᠎ᠢ ᠠᠷᠭ᠋ᠠᠴᠠᠬᠤ ᠠᠷᠭ᠎ᠠ ᠬᠡᠮᠵᠢᠶ᠎ᠡ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ;

  (ᠬᠤᠶᠠᠷ) ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠬᠡᠷᠡᠭᠲᠡᠢ;

   ᠠᠷᠪᠠᠨ ᠭᠤᠷᠪᠠᠳᠣᠭ᠋ᠠᠷ ᠵᠤᠷᠪᠤᠰ   ᠲᠣᠬᠠᠢ ᠵᠢᠨ ᠬᠦᠮᠦᠨ᠎ᠳᠤ ᠲᠣᠣᠷᠡᠬᠢ ᠪᠠᠶ᠋ᠢᠳᠡᠯ᠎ᠤᠨ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠰᠢᠢ᠍ᠳᠭᠡᠯ ᠦᠭᠴᠦ ᠪᠤᠯᠥᠨ᠎ᠠ᠄

  (ᠨᠢᠭᠡ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠪᠣᠯᠵᠤ ᠪᠤᠰᠤᠳ᠎ᠤᠨ ᠦᠬᠦᠵᠦ ᠰᠢᠷᠬᠠᠲᠤᠭᠰᠠᠨ ᠪᠤᠶᠤ ᠡᠳ᠋ ᠬᠥᠷᠥᠩᠭᠡ ᠵᠢᠨ ᠬᠦᠨᠳᠦ ᠶᠡᠬᠡ ᠬᠣᠬᠢᠷᠠᠯ ᠵᠡᠷᠭᠡ ᠬᠦᠨᠳᠦ ᠶᠡᠬᠡ ᠬᠣᠤᠷ ᠬᠥᠨᠥᠭᠡᠯ᠎ᠤᠨ ᠦᠷ᠎ᠡ ᠤᠷᠰᠢᠭ ᠭᠠᠷᠭ᠋ᠠᠭᠰᠠᠨ ᠪᠠᠶ᠋ᠢᠪᠠᠯ;

  (ᠬᠤᠶᠠᠷ) ᠪᠤᠰᠤᠳ᠎ᠢ ᠵᠢᠭ᠋ᠠᠨ ᠳᠣᠬᠢᠵᠤ᠂ ᠠᠶᠤᠯᠭ᠋ᠠᠨ ᠰᠦᠷᠳᠡᠭᠦᠯᠵᠤ᠂ ᠬᠠᠭᠤᠷᠤᠨ ᠮᠡᠬᠡᠯᠡᠵᠦ ᠪᠠᠶ᠋ᠢᠭ᠋ᠠᠳ ᠬᠠᠤᠯᠢ ᠵᠢ ᠵᠦᠷᠢᠴᠡᠭᠰᠡᠨ ᠠᠵᠢᠯᠯᠠᠭ᠎ᠠ ᠬᠢᠯᠭᠡᠭᠰᠡᠨ ᠪᠠᠶ᠋ᠢᠪᠠᠯ;

  (ᠭᠤᠷᠪᠠ) ᠠᠳᠠᠯᠢ ᠨᠢᠭᠡᠨ ᠰᠢᠨᠵᠢ ᠴᠢᠨᠠᠷ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠪᠣᠯᠵᠤ ᠡᠷᠡᠭᠦᠦ ᠵᠢᠨ ᠰᠢᠢ᠍ᠳᠭᠡᠯ ᠣᠯᠤᠭᠰᠠᠨ ᠪᠤᠶᠤ ᠨᠢᠭᠡ ᠵᠢᠯ᠎ᠤᠨ ᠳᠣᠲᠣᠷ᠎ᠠ ᠠᠳᠠᠯᠢ ᠨᠢᠭᠡᠨ ᠰᠢᠨᠵᠢ ᠴᠢᠨᠠᠷ᠎ᠲᠠᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠪᠣᠯᠵᠤ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠶ᠋ᠢᠪᠠᠯ;

  (ᠲᠦᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠬᠠᠷᠰᠢᠯᠠᠭᠰᠠᠨ ᠪᠤᠶᠤ ᠬᠠᠮᠵᠢᠯᠴᠠᠬᠤ ᠵᠢ ᠲᠡᠪᠴᠢᠭᠰᠡᠨ ᠪᠤᠶᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠳᠤ ᠴᠣᠬᠢᠯᠲᠠ ᠥᠭᠴᠦ ᠬᠠᠷᠢᠭᠤ ᠠᠪᠤᠭᠰᠠᠨ ᠪᠠᠶ᠋ᠢᠪᠠᠯ;

  (ᠲᠠᠪᠤ) ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠬᠡᠷᠡᠭᠵᠢᠭᠦᠯᠬᠦ ᠪᠠᠶ᠋ᠢᠭᠤᠯᠭ᠎ᠠ ᠵᠢᠨ ᠬᠠᠤᠯᠢ ᠶᠣᠰᠣᠭ᠋ᠠᠷ ᠪᠠᠶ᠋ᠢᠴᠠᠭ᠋ᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠡᠳ᠋ ᠪᠣᠳᠠᠰ ᠪᠤᠶᠤ ᠤᠷᠢᠳᠠᠪᠠᠷ ᠳᠠᠩᠰᠠᠯᠠᠨ ᠬᠠᠳᠠᠭ᠋ᠠᠯᠠᠭᠰᠠᠨ ᠭᠡᠷᠡᠴᠢ ᠪᠠᠷᠢᠮᠲᠠ ᠵᠢ ᠨᠢᠭᠤᠭᠰᠠᠨ᠂ ᠰᠢᠯᠵᠢᠭᠰᠡᠨ᠂ ᠡᠪᠲᠡᠭᠰᠡᠨ᠂ ᠬᠡᠷᠡᠭᠯᠡᠭᠰᠡᠨ᠂ ᠰᠢᠢ᠍ᠳᠪᠦᠷᠢᠯᠡᠭᠰᠡᠨ;

  (ᠵᠢᠷᠭᠤᠭ᠎ᠠ) ᠭᠡᠷᠡᠴᠢ ᠪᠠᠷᠢᠮᠲᠠ ᠵᠢ ᠬᠠᠭᠤᠷᠮᠠᠭᠯᠠᠨ ᠵᠣᠬᠢᠶᠠᠭᠰᠠᠨ᠂ ᠨᠢᠭᠤᠨ ᠳᠠᠯᠳᠠᠯᠠᠭᠰᠠᠨ᠂ ᠰᠦᠢ᠍ᠳᠬᠡᠭᠰᠡᠨ;

  (ᠳᠤᠯᠤᠭ᠎ᠠ) ᠬᠡᠷᠡᠭ᠎ᠲᠤ ᠬᠤᠯᠪᠣᠭᠳᠠᠭᠰᠠᠨ ᠡᠳ᠋ ᠪᠣᠳᠠᠰ᠎ᠤᠨ ᠲᠤᠭ᠎ᠠ ᠬᠡᠮᠵᠢᠶ᠎ᠡ᠂ ᠵᠣᠭᠤᠰ᠎ᠤᠨ ᠲᠤᠭ᠎ᠠ ᠪᠤᠶᠤ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠤᠭ᠎ᠠ ᠬᠡᠮᠵᠢᠶ᠎ᠡ᠎ᠨᠢ ᠨᠡᠯᠢᠶᠡᠳ ᠶᠡᠭᠡ ᠪᠠᠶ᠋ᠢᠪᠠᠯ;

  (ᠨᠠᠢ᠍ᠮᠠ) ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠠᠷᠭ᠎ᠠ ᠪᠠᠷᠢᠯ᠎ᠨᠢ ᠮᠠᠭᠤ ᠪᠠᠶ᠋ᠢᠳᠠᠭ;

  (ᠶᠢᠰᠦ) ᠪᠤᠰᠤᠳ᠎ᠨᠢ ᠵᠠᠰᠠᠭ ᠵᠠᠬᠢᠷᠭ᠎ᠠ᠎ᠪᠠᠷ ᠰᠢᠢ᠍ᠳᠭᠡᠵᠦ ᠪᠣᠯᠤᠨ᠎ᠠ᠃

   ᠲᠤᠬᠠᠢ ᠵᠢᠨ ᠬᠥᠮᠦᠨ ᠡᠮᠦᠨᠡᠬᠢ ᠵᠤᠷᠪᠤᠰ᠎ᠤᠨ ᠳᠥᠷᠪᠡᠳᠦᠭᠡᠷ ᠵᠦᠢ᠍ᠯ᠎ᠠᠴᠠ ᠵᠢᠷᠭᠤᠭ᠋ᠠᠨ ᠵᠤᠷᠪᠤᠰ᠎ᠲᠤ ᠬᠣᠯᠪᠣᠭᠳᠠᠬᠤ ᠦᠢ᠍ᠯᠡ ᠠᠵᠢᠯᠯᠠᠭ᠎ᠠ᠎ᠨᠢ ᠨᠢᠭᠡᠨᠲᠡ ᠬᠠᠤᠯᠢ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠭᠳᠠᠭᠰᠠᠨ ᠪᠣᠯ ᠲᠤᠰ ᠦᠢ᠍ᠯᠡ ᠠᠵᠢᠯᠯᠠᠭ᠎ᠠ᠎ᠨᠢ ᠳᠠᠬᠢᠵᠤ ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ ᠦᠢ᠍ᠯᠡ ᠪᠠᠶ᠋ᠢᠳᠠᠯ ᠪᠣᠯᠭ᠋ᠠᠵᠤ ᠪᠣᠯᠬᠤ ᠦᠭᠡᠶ᠃

   ᠠᠷᠪᠠᠨ ᠳᠥᠷᠪᠡᠳᠦᠭᠡᠷ ᠵᠤᠷᠪᠤᠰ    ᠲᠤᠬᠠᠢ ᠵᠢᠨ ᠬᠥᠮᠦᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠥᠩᠭᠡᠷᠡᠭᠦᠯᠬᠦ᠂ ᠬᠥᠩᠭᠡᠷᠡᠭᠦᠯᠬᠦ᠂ ᠬᠦᠨᠳᠦ᠎ᠪᠠᠷ ᠬᠢᠭᠰᠡᠨ ᠦᠭᠡᠶ ᠪᠣᠯ ᠡᠩ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠥᠭᠬᠦ ᠬᠡᠷᠡᠭᠲᠡᠶ᠃

   ᠠᠷᠪᠠᠨ ᠲᠠᠪᠤᠳᠤᠭ᠋ᠠᠷ ᠵᠤᠷᠪᠤᠰ   ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ᠂ ᠵᠠᠰᠠᠭ ᠵᠠᠬᠢᠷᠭ᠋ᠠᠨ ᠵᠶ᠋ᠠᠷ ᠬᠦᠨᠳᠦ ᠰᠢᠢ᠍ᠳᠭᠡᠨ ᠲᠣᠷᠭ᠋ᠠᠬᠤ ᠵᠢᠨ ᠵᠣᠭᠣᠰ ᠲᠣᠷᠭ᠋ᠠᠬᠤ ᠬᠡᠮᠵᠢᠶ᠎ᠡ ᠵᠢ ᠲᠤᠰ ᠲᠤᠰ ᠳᠣᠤᠷᠠᠬᠢ ᠠᠷᠭ᠎ᠠ ᠮᠠᠶᠢᠭ ᠵᠶ᠋ᠠᠷ ᠪᠣᠳᠣᠨ᠎ᠠ᠄

   ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠥᠩᠬᠡᠨ ᠵᠶ᠋ᠠᠷ ᠰᠢᠢ᠍ᠳᠬᠡᠬᠦ᠄ [ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠣᠷ᠎ᠠ ᠰᠢᠢ᠍ᠳᠬᠡᠯ᠎ᠤᠨ ᠵᠣᠭᠤᠰ᠎ᠤᠨ ᠲᠤᠭ᠎ᠠ + (ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠣᠷ᠎ᠠ ᠰᠢᠢ᠍ᠳᠬᠡᠯ᠎ᠤᠨ ᠵᠣᠭᠤᠰ᠎ᠤᠨ ᠲᠤᠭ᠎ᠠ - ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠣᠷ᠎ᠠ ᠰᠢᠢ᠍ᠳᠬᠡᠯ᠎ᠤᠨ ᠵᠣᠭᠤᠰ᠎ᠤᠨ ᠲᠤᠭ᠎ᠠ) × 30%]᠎ᠠᠴᠠ ᠳᠣᠷᠣᠭᠰᠢ ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠣᠷ᠎ᠠ ᠰᠢᠢ᠍ᠳᠬᠡᠯ᠎ᠤᠨ ᠵᠣᠭᠤᠰ᠎ᠤᠨ ᠲᠤᠭ᠎ᠠ) ᠬᠦᠷᠲᠡᠯ᠎ᠡ ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠣᠷ᠎ᠠ ᠰᠢᠢ᠍ᠳᠬᠡᠯ᠎ᠤᠨ ᠵᠣᠭᠤᠰ᠎ᠤᠨ ᠲᠤᠭ᠎ᠠ᠎ᠠᠴᠠ ᠳᠣᠷᠣᠭᠰᠢ ᠲᠣᠰ ᠲᠤᠭ᠎ᠠ ᠵᠢ ᠪᠠᠭᠲᠠᠭ᠋ᠠᠨ᠎ᠠ;

   ᠵᠠᠰᠠᠭ ᠵᠠᠬᠢᠷᠭ᠋ᠠᠨ᠎ᠤ ᠰᠢᠢ᠍ᠳᠬᠡᠯ᠎ᠨᠢ ᠬᠦᠨᠳᠦ᠎ᠪᠠᠷ ᠰᠢᠢ᠍ᠳᠭᠡᠬᠦ᠄ ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠥᠨᠳᠥᠷ ᠰᠢᠢ᠍ᠳᠬᠡᠯ᠎ᠤᠨ ᠵᠣᠭᠤᠰ᠎ᠤᠨ ᠲᠤᠭ᠎ᠠ [ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠥᠨᠳᠥᠷ ᠰᠢᠢ᠍ᠳᠬᠡᠯ᠎ᠤᠨ ᠵᠣᠭᠤᠰ᠎ᠤᠨ ᠲᠤᠭ᠎ᠠ - ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠳᠣᠣᠷ᠎ᠠ ᠰᠢᠢ᠍ᠳᠬᠡᠯ᠎ᠤᠨ ᠵᠣᠭᠤᠰ᠎ᠤᠨ ᠲᠤᠭ᠎ᠠ) × 30%]᠎ᠠᠴᠠ ᠳᠡᠭᠡᠭᠰᠢ᠎ᠪᠠᠷ ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠥᠨᠳᠥᠷ ᠰᠢᠢ᠍ᠳᠬᠡᠯ᠎ᠤᠨ ᠵᠣᠭᠤᠰ᠎ᠤᠨ ᠲᠤᠭ᠎ᠠ᠎ᠲᠠᠢ ᠪᠠᠶ᠋ᠢᠵᠤ᠂ ᠳᠡᠭᠡᠷᠡᠬᠢ ᠲᠤᠰ ᠲᠤᠭ᠎ᠠ ᠵᠢ ᠪᠠᠭᠲᠠᠭ᠋ᠠᠨ᠎ᠠ᠃

   ᠠᠷᠪᠠᠨ ᠵᠢᠷᠭᠤᠳᠤᠭ᠋ᠠᠷ ᠵᠤᠷᠪᠤᠰ   ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠲᠤᠬᠠᠢ ᠵᠢᠨ ᠬᠥᠮᠦᠨ᠎ᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠦᠨᠳᠦᠰᠦ ᠪᠠᠷᠢᠮᠲᠠ᠂ ᠠᠭᠤᠯᠭ᠎ᠠ᠂ ᠪᠣᠳᠠᠲᠤ ᠬᠡᠷᠡᠭ᠂ ᠤᠴᠢᠷ ᠰᠢᠯᠲᠠᠭ᠋ᠠᠨ᠎ᠢ᠎ᠨᠢ ᠲᠤᠬᠠᠢ ᠵᠢᠨ ᠬᠥᠮᠦᠨ᠎ᠳᠤ ᠮᠡᠳᠡᠭᠳᠡᠵᠦ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠣᠭᠲᠠᠭ᠋ᠠᠯ᠎ᠤᠨ ᠪᠢᠴᠢᠭ᠎ᠲᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠬᠡᠷᠡᠭᠯᠡᠭᠰᠡᠨ ᠪᠠᠶ᠋ᠢᠳᠠᠯ᠎ᠢ ᠲᠣᠳᠣᠷᠬᠠᠶ᠋ᠢᠯᠠᠬᠤ ᠬᠡᠷᠡᠭᠲᠡᠶ᠃

   ᠠᠷᠪᠠᠨ ᠲᠣᠯᠣᠳᠣᠭ᠋ᠠᠷ ᠵᠤᠷᠪᠤᠰ   ᠬᠠᠦᠯᠢ ᠭᠡᠷᠡᠭᠵᠢᠬᠦᠯᠬᠦ ᠵᠢᠨ ᠬᠢᠨᠡᠯᠳᠡ ᠳᠡᠯᠪᠢᠬᠤ ᠰᠠᠯᠠᠭ᠎ᠠ ᠮᠦᠴᠢᠷ᠎ᠨᠢ ᠬᠠᠦᠯᠢ ᠭᠡᠷᠡᠭᠵᠢᠬᠦᠯᠥᠯᠳᠡ ᠵᠢᠨ ᠪᠠᠶ᠋ᠢᠴᠠᠭ᠋ᠠᠯᠳᠡ ᠬᠢᠬᠦ᠂ ᠭᠡᠷᠡᠭ᠎ᠤᠨ ᠡᠪᠭᠡᠮᠡᠯ᠎ᠢ ᠦᠨᠡᠯᠡᠨ ᠪᠠᠶ᠋ᠢᠴᠠᠭ᠋ᠠᠬᠤ᠂ ᠬᠠᠦᠯᠢ ᠭᠡᠷᠡᠭᠵᠢᠬᠦᠯᠬᠦ ᠵᠢ ᠦᠨᠡᠯᠡᠨ ᠶᠠᠷᠢᠯᠴᠠᠵᠤ ᠰᠢᠯᠭ᠋ᠠᠨ ᠬᠢᠨᠠᠬᠤ᠂ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠵᠢᠨ ᠵᠠᠭ᠋ᠠᠯᠳᠣᠯᠭ᠎ᠠ ᠢᠯᠡᠴᠢᠯᠡᠨ ᠮᠡᠳᠡᠬᠦᠯᠬᠦ ᠵᠡᠷᠭᠡ ᠠᠷᠭ᠎ᠠ ᠮᠠᠶᠢᠭ ᠵᠶ᠋ᠠᠷ ᠳᠡᠮᠵᠢᠭᠤᠯᠥᠨ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠭᠡᠷᠡᠭᠵᠢᠬᠦᠯᠬᠦ ᠪᠠᠶ᠋ᠢᠭᠤᠯᠭ᠎ᠠ ᠵᠢᠨ ᠬᠤᠳᠠᠯᠳᠣᠭ᠋ᠠᠨ᠎ᠤ ᠶᠠᠪᠤᠳᠡᠯ᠎ᠤᠨ ᠬᠦᠷᠢᠶ᠎ᠡ ᠴᠡᠷᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠡᠷᠢᠮᠵᠢᠶ᠎ᠠ ᠵᠢᠨ ᠪᠠᠶ᠋ᠢᠳᠡᠯ᠎ᠳᠤ ᠬᠢᠨᠡᠯᠳᠡ ᠳᠡᠯᠪᠢᠬᠤ ᠭᠡᠷᠡᠭᠳᠡᠢ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠬᠠᠦᠯᠢ᠎ᠠᠴᠠ ᠵᠦᠷᠢᠴᠡᠭᠰᠡᠨ ᠪᠤᠶᠤ ᠲᠣᠬᠠᠢ ᠵᠢᠨ ᠴᠠᠭ ᠪᠤᠯᠥᠠᠠᠰᠠᠨ ᠦᠭᠡᠢ ᠪᠠᠶ᠋ᠢᠳᠡᠯ᠎ᠢ ᠢᠯᠡᠷᠡᠬᠦᠯᠪᠡᠯ᠂ ᠴᠠᠭ ᠲᠣᠬᠠᠢ᠎ᠳᠤᠨᠢ ᠵᠠᠯᠠᠷᠡᠭᠤᠯᠬᠤ ᠭᠡᠷᠡᠭᠳᠡᠢ᠃

   ᠠᠷᠪᠠᠨ ᠨᠠᠢ᠍ᠮᠠᠳᠤᠭ᠋ᠠᠷ ᠵᠤᠷᠪᠤᠰ   ᠲᠤᠰ ᠠᠷᠭ᠎ᠠ᠎ᠨᠢ ᠳᠠᠭᠤᠰᠤᠭ᠋ᠠᠳᠤᠶ ᠤᠴᠢᠷ᠎ᠲᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》 ᠵᠢᠴᠢ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠂ ᠬᠡᠷᠪᠡ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠬᠢᠷᠠᠭᠤᠯᠤᠯᠲᠠ ᠬᠢᠭᠰᠡᠨ ᠪᠠᠶ᠋ᠢᠪᠠᠯ᠂ ᠲᠤᠰ ᠠᠷᠭ᠎ᠠ ᠪᠣᠯᠤᠨ ᠲᠡᠭᠦᠨ᠎ᠯᠦᠭᠡ ᠨᠢᠭᠡᠳᠦᠯ ᠦᠭᠡᠶ ᠪᠣᠯ᠂ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃

   ᠠᠷᠪᠠ ᠶᠢᠰᠦᠳᠦᠭᠡᠷ ᠵᠤᠷᠪᠤᠰ   ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠬᠤᠳᠠᠯᠳᠤᠭ᠋ᠠᠨ᠎ᠤ ᠬᠠᠤᠯᠢ ᠲᠣᠭᠲᠠᠭ᠋ᠠᠯ ᠥᠰᠥᠭ [2022] 329 ᠳ᠋ᠤᠭᠡᠷ ᠲᠣᠭ᠋ᠠᠲᠤ) ᠵᠢ ᠬᠠᠮᠲᠤ᠎ᠳᠤᠨᠢ ᠬᠦᠴᠦᠨ ᠥᠬᠡᠶ ᠪᠣᠯᠭ᠋ᠠᠨ᠎ᠠ᠃

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠤᠯᠢᠬᠤ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ 6 ᠰᠠᠯᠠᠭ᠎ᠠ ᠮᠦᠴᠢᠷ᠎ᠤᠨ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠦᠢ᠍ᠯᠡᠰ᠎ᠤᠨ ᠭᠠᠷᠴᠠᠭ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠦᠢ᠍ᠯᠡᠰ᠎ᠤᠨ ᠭᠠᠷᠴᠠᠭ
《2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ᠎ᠤᠨ ᠴᠢᠮᠡᠭᠯᠡᠯ᠎ᠤᠨ ᠲᠣᠭᠤᠭ᠋ᠠᠨ ᠬᠡᠷ ᠪᠠ ᠴᠡᠪᠡᠷᠯᠡᠯᠭᠡ ᠵᠢᠨ ᠭᠡᠷ᠎ᠤᠨ ᠡᠷᠡᠭᠦᠯ ᠬᠠᠮᠠᠭ᠋ᠠᠯᠠᠯ᠎ᠤᠨ 〈ᠰᠢᠨᠡᠴᠢᠯᠡᠯᠲᠡ〉 ᠵᠢᠨ ᠨᠥᠬᠦᠪᠥᠷᠢ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ 6 ᠰᠠᠯᠠᠭ᠎ᠠ ᠮᠥᠴᠢᠷ᠎ᠤᠨ ᠮᠡᠳᠡᠭᠳᠡᠯ
2025 ᠣᠨ᠎ᠤ ᠪᠥᠬᠦ ᠣᠷᠣᠨ᠎ᠤ ᠬᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠡᠮᠡᠭᠦᠷᠢ ᠦᠭᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
 
            