ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠳᠠᠩᠰᠠ
ᠨᠡᠶ᠋ᠢᠲᠡᠯᠡᠭᠰᠡᠨ ᠴᠠᠭ᠄ 2024-06-30

ᠬᠡᠯᠬᠢᠶᠡᠰᠦᠨ ᠨᠣᠮᠧᠷ᠄11150000011512749A/2024-04069

ᠭᠤᠣᠯ ᠰᠡᠳᠦᠪ᠎ᠤᠨ ᠠᠩᠭᠢᠯᠠᠯ᠄ ᠵᠠᠬᠢᠳᠠᠯ ᠰᠤᠷᠪᠤᠯᠵᠢᠯᠠᠯ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ

ᠪᠢᠴᠢᠭ᠎ᠤᠨ ᠳ᠋ᠤᠭ᠋ᠠᠷ᠄

ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

  《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠦᠷᠢᠮ》 ᠪᠠ 《ᠵᠠᠬᠢᠳᠠᠯ ᠰᠤᠷᠪᠤᠯᠵᠢᠯᠠᠯ᠎ᠤᠨ ᠭᠤᠮᠣᠳᠠᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠠᠵᠢᠯ᠎ᠤᠨ ᠲᠦᠷᠢᠮ》᠎ᠢ ᠤᠯᠠᠮ ᠨᠢᠭᠡ ᠠᠯᠬᠤᠮ ᠲᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠥᠯᠢ᠎ᠪᠠᠷ ᠵᠠᠰᠠᠬᠤ ᠲᠤᠬᠠᠶ ᠨᠠᠮ᠎ᠤᠨ ᠲᠥᠪ ᠬᠤᠷᠢᠶ᠎ᠠ ᠵᠢᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠦᠨᠡᠨ ᠬᠦ᠌ ᠣᠨᠣᠪᠴᠢᠲᠠᠶ ᠪᠥᠭᠡᠳ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠵᠦ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠨᠠᠩ ᠰᠠᠶ᠋ᠢᠲᠤᠷ ᠬᠠᠮᠠᠭ᠋ᠠᠯᠠᠨ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠲᠠᠩᠰᠠ》 ᠵᠢ ᠰᠤᠳᠤᠯᠤᠨ ᠲᠣᠭᠲᠠᠭ᠋ᠠᠵᠤ᠂ ᠡᠳᠦᠭᠡ ᠨᠡᠶ᠋ᠢᠭᠡᠮ᠎ᠳᠤ ᠨᠡᠶ᠋ᠢᠲᠡᠯᠡᠪᠡ᠃ ᠬᠤᠶ᠋ᠢᠰᠢᠳᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠤᠯᠢ ᠶᠣᠰᠣᠭ᠋ᠠᠷ ᠵᠠᠬᠢᠳᠠᠯ ᠰᠤᠷᠪᠤᠯᠵᠢᠯᠠᠯ᠎ᠤᠨ ᠭᠤᠮᠣᠳᠠᠯ ᠱᠠᠭ᠋ᠠᠷᠳᠠᠯᠭ᠎ᠠ ᠵᠢ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠲᠠᠩᠰᠠ》᠎ᠳᠤ ᠡᠰᠢᠯᠡᠨ ᠬᠡᠷᠡᠭᠯᠡᠭᠰᠡᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠵᠦᠢ᠍ᠯ ᠵᠤᠷᠪᠤᠰ᠎ᠲᠤ ᠬᠤᠪᠢᠷᠠᠯᠲᠠ ᠭᠠᠷᠪᠠᠯ᠂ ᠬᠤᠪᠢᠷᠠᠯᠲᠠ ᠭᠠᠷᠤᠭᠰᠠᠨ᠎ᠤ ᠳᠠᠷᠠᠭ᠋ᠠᠬᠢ ᠬᠠᠤᠯᠢ ᠴᠠᠭ᠋ᠠᠵᠠ ᠵᠢᠨ ᠵᠦᠢ᠍ᠯ ᠵᠤᠷᠪᠤᠰ ᠵᠶ᠋ᠠᠷ ᠪᠠᠷᠢᠮᠵᠢᠶ᠎ᠠ ᠪᠣᠯᠭ᠋ᠠᠨ᠎ᠠ᠃

   ᠨᠢᠭᠡ᠂ ᠮᠠᠨ᠎ᠤ ᠲᠢᠩᠬᠢᠮ᠎ᠤᠨ ᠭᠠᠷᠭ᠋ᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠢ ᠬᠦᠯᠢᠶᠡᠬᠦ ᠦᠭᠡᠢ

  (ᠨᠢᠭᠡ) ᠪᠣᠳᠠᠲᠠᠢ ᠵᠠᠭ᠋ᠠᠯᠳᠤᠯᠭ᠎ᠠ ᠭᠤᠶᠤᠴᠢᠯᠠᠯᠲᠠ

   ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠪᠤᠶᠤ ᠬᠠᠤᠯᠢ ᠴᠠᠭ᠋ᠠᠵᠠ ᠳᠡᠭᠡᠷᠡᠬᠢ ᠠᠰᠢᠭ ᠬᠤᠤᠷ᠎ᠤᠨ ᠬᠠᠷᠢᠴᠠᠭ᠋ᠠᠳᠠᠨ ᠮᠠᠨ᠎ᠤ ᠲᠢᠩᠬᠢᠮ᠎ᠤᠨ ᠭᠠᠷᠭ᠋ᠠᠭᠰᠠᠨ ᠳᠣᠤᠷᠠᠬᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠢ᠍ᠯᠡ ᠠᠵᠢᠯᠯᠠᠭ᠎ᠠ ᠵᠢ ᠬᠦᠯᠢᠶᠡᠬᠦ ᠦᠭᠡᠶ᠄ ᠦᠨ᠎ᠡ ᠬᠠᠶᠠᠵᠤ ᠬᠤᠳᠠᠯᠳᠤᠬᠤ ᠲᠤᠬᠠᠶ᠋ᠢᠯᠠᠭᠰᠠᠨ ᠠᠵᠢᠯ᠎ᠤᠨ ᠵᠥᠪᠰᠢᠶᠡᠷᠡᠯ᠎ᠢ ᠡᠷᠬᠢᠯᠡᠨ᠎ᠡ; ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠮᠡᠷᠭᠡᠵᠢᠯ᠎ᠢ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ᠎ᠢ ᠬᠢᠵᠠᠭ᠋ᠠᠷᠯᠠᠨ᠎ᠠ; ᠬᠠᠶᠠᠭᠳᠠᠮᠠᠯ ᠮᠠᠰᠢᠨ ᠲᠡᠷᠭᠡ ᠡᠭᠡᠭᠦᠯᠦᠨ ᠬᠤᠷᠢᠶᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠨ᠎ᠠ᠃

  (ᠬᠤᠶᠠᠷ) ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ

   ᠵᠠᠰᠠᠭ ᠵᠠᠬᠢᠷᠭ᠎ᠠ᠎ᠪᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭ᠋ᠠᠵᠤ᠂ ᠵᠠᠰᠠᠭ ᠵᠠᠬᠢᠷᠭ᠋ᠠᠨ᠎ᠤ ᠵᠠᠭ᠋ᠠᠯᠳᠤᠯᠭ᠎ᠠ ᠭᠠᠷᠭ᠋ᠠᠬᠤ ᠬᠡᠷᠡᠭᠲᠡᠢ᠃

  (ᠭᠤᠷᠪᠠ) ᠭᠤᠣᠯ ᠪᠣᠯᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨ᠎ᠡ ᠬᠠᠶᠠᠵᠤ ᠬᠤᠳᠠᠯᠳᠤᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠬᠠᠤᠯᠢ》᠂ 《ᠬᠠᠶᠠᠭᠳᠠᠮᠠᠯ ᠮᠠᠰᠢᠨ ᠲᠡᠷᠭᠡ ᠵᠢ ᠡᠭᠡᠭᠦᠯᠦᠨ ᠬᠤᠷᠢᠶᠠᠬᠤ ᠬᠠᠮᠢᠶᠠᠷᠤᠯᠲᠠ ᠵᠢᠨ ᠠᠷᠭ᠎ᠠ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠠᠷᠭᠤ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠡᠷᠭᠡ᠃

   ᠬᠤᠶᠠᠷ᠂ ᠮᠠᠨ᠎ᠤ ᠲᠢᠩᠬᠢᠮ᠎ᠤᠨ ᠭᠠᠷᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠢ ᠬᠦᠯᠢᠶᠡᠬᠦ ᠦᠭᠡᠢ

  (ᠨᠢᠭᠡ) ᠪᠣᠳᠠᠲᠠᠢ ᠵᠠᠭ᠋ᠠᠯᠳᠤᠯᠭ᠎ᠠ ᠭᠤᠶᠤᠴᠢᠯᠠᠯᠲᠠ

   ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠪᠤᠶᠤ ᠬᠠᠤᠯᠢ ᠴᠠᠭ᠋ᠠᠵᠠ ᠵᠢᠨ ᠲᠠᠯ᠎ᠠ᠎ᠪᠠᠷ ᠠᠰᠢᠭ ᠬᠣᠤᠷ᠎ᠤᠨ ᠬᠠᠷᠢᠴᠠᠭ᠎ᠠ᠎ᠲᠠᠢ ᠬᠥᠮᠦᠨ ᠮᠠᠨ᠎ᠤ ᠲᠢᠩᠬᠢᠮ᠎ᠤᠨ ᠭᠠᠷᠭ᠋ᠠᠭᠰᠠᠨ ᠳᠣᠤᠷᠠᠬᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠬᠦᠯᠢᠶᠡᠬᠦ ᠦᠭᠡᠶ᠄ 《ᠠᠵᠤ ᠠᠬᠤᠶ᠋ᠢᠯᠠᠯ᠎ᠤᠨ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠦᠨᠡᠮᠯᠡᠯ》᠎ᠢ ᠬᠠᠭᠤᠷᠮᠠᠭᠯᠠᠨ ᠵᠣᠬᠢᠶᠠᠬᠤ᠂ ᠪᠠᠯᠠᠯᠤᠨ ᠥᠭᠡᠷᠡᠴᠢᠯᠡᠬᠦ᠂ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠶᠠᠮᠠᠷᠪᠠ ᠬᠡᠯᠪᠡᠷᠢ᠎ᠪᠠᠷ ᠰᠢᠯᠵᠢᠭᠦᠯᠦᠨ ᠥᠭᠬᠦ᠎ᠪᠠᠷ ᠰᠢᠢ᠍ᠳᠭᠡᠨ ᠲᠣᠷᠭ᠋ᠠᠨ᠎ᠠ; ᠦᠨ᠎ᠡ ᠬᠠᠶᠠᠵᠤ ᠬᠤᠳᠠᠯᠳᠤᠬᠤ ᠡᠵᠡᠩᠨᠡᠬᠦ ᠡᠷᠬᠡ ᠵᠢ ᠲᠦᠷᠢᠶᠡᠰᠦᠯᠡᠭᠦᠯᠬᠦ᠂ ᠳᠤᠷ᠎ᠠ᠎ᠪᠠᠷ ᠵᠶ᠋ᠠᠨ ᠰᠢᠯᠵᠢᠭᠦᠯᠦᠨ ᠥᠭᠬᠦ᠂ ᠲᠣᠭᠲᠠᠭ᠋ᠠᠯ᠎ᠠᠴᠠ ᠵᠥᠷᠢᠴᠡᠨ ᠦᠨ᠎ᠡ ᠬᠠᠶᠠᠵᠤ ᠬᠤᠳᠠᠯᠳᠤᠬᠤ ᠠᠯᠪᠠᠨ ᠵᠠᠷ ᠨᠡᠶ᠋ᠢᠲᠡᠯᠡᠭᠰᠡᠨ ᠵᠶ᠋ᠠᠷ ᠰᠢᠢ᠍ᠳᠭᠡᠨ ᠲᠣᠷᠭ᠋ᠠᠨ᠎ᠠ᠃

  (ᠬᠤᠶᠠᠷ) ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ

   ᠵᠠᠰᠠᠭ ᠵᠠᠬᠢᠷᠭ᠎ᠠ᠎ᠪᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭ᠋ᠠᠵᠤ᠂ ᠵᠠᠰᠠᠭ ᠵᠠᠬᠢᠷᠭ᠋ᠠᠨ᠎ᠤ ᠵᠠᠭ᠋ᠠᠯᠳᠤᠯᠭ᠎ᠠ ᠭᠠᠷᠭ᠋ᠠᠬᠤ ᠬᠡᠷᠡᠭᠲᠡᠢ᠃

  (ᠭᠤᠷᠪᠠ) ᠭᠤᠣᠯ ᠪᠣᠯᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠠᠷᠭᠤ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠬᠠᠤᠯᠢ》᠂ 《ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》᠂ 《ᠦᠨ᠎ᠡ ᠬᠠᠶᠠᠨ ᠬᠤᠳᠠᠯᠳᠤᠬᠤ ᠬᠠᠮᠢᠶᠠᠷᠤᠯᠲᠠ ᠵᠢᠨ ᠠᠷᠭ᠎ᠠ》 ᠵᠡᠷᠭᠡ᠃

   ᠭᠤᠷᠪᠠ᠂ ᠮᠡᠳᠡᠭᠡ ᠵᠠᠩᠭᠢ ᠵᠢ ᠢᠯᠡ ᠪᠣᠯᠭ᠋ᠠᠬᠤ

  (ᠨᠢᠭᠡ) ᠪᠣᠳᠠᠲᠠᠢ ᠵᠠᠭ᠋ᠠᠯᠳᠤᠯᠭ᠎ᠠ ᠭᠤᠶᠤᠴᠢᠯᠠᠯᠲᠠ

   ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠡᠭᠦᠷᠭᠡ ᠵᠢ ᠬᠠᠤᠯᠢ ᠶᠣᠰᠣᠭ᠋ᠠᠷ ᠭᠦᠢ᠍ᠴᠡᠳᠭᠡᠬᠦ ᠦᠭᠡᠢ ᠪᠤᠶᠤ ᠵᠠᠰᠠᠭ᠎ᠤᠨ ᠭᠠᠵᠠᠷ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠳᠤᠮᠳᠠ ᠲᠡᠳᠡᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠠᠳᠠᠭᠰᠠᠨ ᠭᠡᠵᠦ ᠦᠵᠡᠬᠦ᠃

  (ᠬᠤᠶᠠᠷ) ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ

   ᠳᠡᠭᠡᠷ᠎ᠡ ᠨᠢᠭᠡ ᠱᠠᠲᠤᠨ᠎ᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠪᠤᠶᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠭ᠋ᠠᠯᠳᠣᠬᠤ᠂ ᠢᠯᠡᠴᠢᠯᠡᠨ ᠮᠡᠳᠡᠭᠦᠯᠦᠭᠰᠡᠨ ᠴᠦ᠍ ᠪᠣᠯᠤᠨ᠎ᠠ᠃

  (ᠭᠤᠷᠪᠠ) ᠭᠤᠣᠯ ᠪᠣᠯᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠠᠶ᠋ᠢᠯᠭ᠋ᠠᠬᠤ ᠳᠦᠷᠢᠮ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 711 ᠳ᠋ᠦ᠍ᠭᠡᠷ ᠲᠣᠭ᠋ᠠᠲᠤ)᠃

   ᠳᠥᠷᠪᠡ᠂ ᠠᠵᠢᠯᠲᠠᠨ᠎ᠤ ᠶᠠᠪᠤᠳᠠᠯ ᠬᠥᠳᠡᠯᠮᠦᠷᠢ ᠵᠢᠨ ᠮᠠᠷᠭᠤᠯᠳᠤᠭ᠋ᠠᠨ

  (ᠨᠢᠭᠡ) ᠪᠣᠳᠠᠲᠠᠢ ᠵᠠᠭ᠋ᠠᠯᠳᠤᠯᠭ᠎ᠠ ᠭᠤᠶᠤᠴᠢᠯᠠᠯᠲᠠ

   ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ (ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠭᠡᠷ)᠎ᠤᠨ ᠪᠠᠶ᠋ᠢᠭᠤᠯᠭ᠎ᠠ ᠵᠢᠨ ᠠᠯᠪᠠᠲᠠᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠨᠢ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠬᠢᠨᠠᠨ ᠰᠢᠯᠭ᠋ᠠᠭᠰᠠᠨ ᠦᠷ᠎ᠡ ᠳ᠋ᠦᠩ᠂ ᠠᠵᠢᠯᠲᠠᠨ᠎ᠤ ᠶᠠᠪᠤᠳᠠᠯ᠎ᠤᠨ ᠭᠠᠵᠠᠷ᠎ᠨᠢ ᠵᠡᠷᠭᠡ ᠬᠤᠪᠢᠶᠠᠨ ᠠᠵᠢᠯᠲᠠᠨ᠎ᠤ ᠶᠠᠪᠤᠳᠠᠯ᠎ᠤᠨ ᠰᠢᠢ᠍ᠳᠪᠦᠷᠢᠯᠡᠬᠦ ᠲᠣᠭᠲᠠᠭ᠋ᠠᠯ᠎ᠢ ᠵᠥᠪᠰᠢᠶᠡᠷᠡᠬᠦ ᠦᠭᠡᠢ; ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ (ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠭᠡᠷ)᠎ᠤᠨ ᠪᠠᠶ᠋ᠢᠭᠤᠯᠭ᠎ᠠ ᠵᠢᠨ ᠠᠯᠪᠠᠲᠠᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠨᠡᠷ᠎ᠡ ᠵᠢ᠎ᠨᠢ ᠠᠷᠢᠯᠭ᠋ᠠᠬᠤ᠂ ᠠᠵᠢᠯ᠎ᠠᠴᠠ᠎ᠨᠢ ᠪᠠᠭᠤᠯᠭ᠋ᠠᠬᠤ ᠪᠠ ᠲᠤᠰᠢᠶᠠᠯ᠎ᠠᠴᠠ᠎ᠪᠠᠨ ᠪᠠᠭᠤᠬᠤ᠂ ᠲᠤᠰᠢᠶᠠᠯ᠎ᠠᠴᠠ᠎ᠪᠠᠨ ᠰᠠᠯᠬᠤ ᠵᠡᠷᠭᠡ᠎ᠪᠠᠷ ᠡᠭᠦᠰᠦᠭᠰᠡᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠃

  (ᠬᠤᠶᠠᠷ) ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ

   ᠳᠠᠬᠢᠨ ᠬᠢᠨᠠᠬᠤ᠂ ᠭᠣᠮᠣᠳᠠᠯ ᠲᠣᠭ᠋ᠠᠴᠢᠬᠤ; ᠬᠥᠳᠡᠯᠮᠦᠷᠢ ᠵᠢᠨ ᠬᠥᠨᠳᠡᠯᠡᠨ᠎ᠠᠴᠠ ᠲᠠᠰᠤᠯᠬᠤ᠂ ᠢᠷᠭᠡᠨ᠎ᠤ ᠵᠠᠷᠭᠤ᠃

  (ᠭᠤᠷᠪᠠ) ᠭᠤᠣᠯ ᠪᠣᠯᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠭᠡᠷ᠎ᠡ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠬᠠᠤᠯᠢ》᠂ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 652 ᠳ᠋ᠤᠭ᠋ᠠᠷ ᠲᠣᠭ᠋ᠠᠲᠤ) ᠵᠡᠷᠭᠡ᠃

   ᠲᠠᠪᠤ᠂ ᠺᠠᠳ᠋ᠷᠴᠤᠳ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ

  (ᠨᠢᠭᠡ) ᠪᠣᠳᠠᠲᠠᠢ ᠵᠠᠭ᠋ᠠᠯᠳᠤᠯᠭ᠎ᠠ ᠭᠤᠶᠤᠴᠢᠯᠠᠯᠲᠠ

   ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ (ᠪᠣᠭᠣᠮᠲᠠ ᠵᠢᠨ ᠠᠯᠪᠠᠨ ᠭᠡᠷ) ᠵᠢᠴᠢ ᠠᠵᠢᠯᠲᠠᠨ᠎ᠤ ᠵᠠᠰᠠᠭ ᠵᠠᠬᠢᠷᠭ᠋ᠠᠨ᠎ᠤ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠬᠡᠷᠡᠭᠲᠡᠶ; ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ (ᠪᠣᠭᠣᠮᠲᠠ ᠵᠢᠨ ᠠᠯᠪᠠᠨ ᠭᠡᠷ)᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠬᠦ ᠬᠡᠷᠡᠭᠲᠡᠶ᠃

  (ᠬᠤᠶᠠᠷ) ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ

   ᠬᠢᠨᠠᠨ ᠪᠠᠶ᠋ᠢᠴᠠᠭ᠋ᠠᠬᠤ᠂ ᠰᠠᠬᠢᠯᠭ᠎ᠠ ᠪᠠᠲᠤ ᠵᠢ ᠬᠢᠨᠠᠨ ᠪᠠᠶ᠋ᠢᠴᠠᠭ᠋ᠠᠬᠤ᠂ ᠵᠠᠷᠭᠤ ᠬᠢᠬᠦ᠃

  (ᠭᠤᠷᠪᠠ) ᠭᠤᠣᠯ ᠪᠣᠯᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠶ᠋ᠢᠴᠠᠭ᠋ᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》 ᠵᠡᠷᠭᠡ᠃

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠥᠷᠢ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ
《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠣᠷᠴᠢᠨ ᠲᠣᠭᠤᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭ᠋ᠠᠳᠤ ᠪᠡᠯᠡ ᠵᠢ ᠨᠡᠩ ᠶᠡᠭᠡ ᠡᠷᠴᠢᠮ ᠵᠶ᠋ᠠᠷ ᠲᠠᠲᠠᠬᠤ ᠪᠠ ᠠᠰᠢᠭᠯᠠᠬᠤ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠮᠡᠳᠡᠭᠳᠡᠯ
ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠬᠦᠷᠢᠶ᠎ᠡ ᠴᠡᠷᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠭᠡᠷᠡᠭᠯᠡᠬᠦ ᠠᠷᠭ᠎ᠠ
《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠤᠯᠢᠬᠤ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ 6 ᠰᠠᠯᠠᠭ᠎ᠠ ᠮᠦᠴᠢᠷ᠎ᠤᠨ ᠮᠡᠳᠡᠭᠳᠡᠯ
 
            