ᠬᠡᠯᠬᠢᠶᠡᠰᠦᠨ ᠨᠣᠮᠧᠷ᠄ 11150000011512749A/2025 — 00933
ᠭᠤᠣᠯ ᠰᠡᠳᠦᠪ᠎ᠤᠨ ᠠᠩᠭᠢᠯᠠᠯ᠄ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
ᠪᠢᠴᠢᠭ᠎ᠤᠨ ᠳ᠋ᠤᠭ᠋ᠠᠷ᠄
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ — —
ᠡᠯ᠎ᠡ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ᠄
《2025 ᠣᠨ᠎ᠳᠤ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠪᠣᠳᠠᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠬᠦᠴᠦᠯᠡᠨ ᠬᠡᠷᠡᠭᠵᠢᠭᠦᠯᠬᠦ ᠲᠤᠬᠠᠶ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠡᠬᠢ [2025] 13 ᠳ᠋ᠤᠭ᠋ᠠᠷ ᠲᠣᠭ᠋ᠠᠲᠤ) 《2025 ᠣᠨ᠎ᠤ ᠬᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠬᠤᠳᠠᠯᠳᠤᠭ᠎ᠠ ᠠᠯᠪᠠᠨ ᠡᠷᠬᠢᠯᠡᠬᠦ ᠭᠦᠢ᠍ᠯᠭᠡᠭᠡᠨ ᠵᠠᠬᠢᠳᠠᠯ [2025] 6 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ 2025 ᠣᠨ᠎ᠤ ᠪᠥᠬᠦ ᠣᠷᠣᠨ᠎ᠤ ᠬᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠦᠭᠬᠦ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠨᠡᠮᠡᠭᠦᠷᠢ ᠥᠭᠬᠦ ᠲᠥᠷᠥᠯ ᠵᠦᠢ᠍ᠯ ᠪᠠ ᠴᠠᠭ᠎ᠤᠨ ᠬᠢᠵᠠᠭ᠋ᠠᠷ
(ᠨᠢᠭᠡ) ᠨᠡᠮᠡᠭᠦᠷᠢ ᠵᠢᠨ ᠲᠦᠷᠦᠯ ᠵᠦᠢ᠍ᠯ
12 ᠶᠡᠭᠡ ᠲᠥᠷᠥᠯ᠎ᠤᠨ ᠪᠦᠲᠦᠭᠡᠭᠳᠡᠬᠦᠨ᠎ᠳᠤ᠄ ᠬᠦᠯᠳᠡᠭᠡᠭᠦᠷ ᠠᠪᠳᠠᠷ᠎ᠠ (ᠬᠦᠯᠳᠡᠭᠡᠭᠦᠷ ᠬᠣᠷᠭᠣ)᠂ ᠬᠤᠪᠴᠠᠰᠤ ᠤᠬᠢᠶᠠᠬᠤ ᠮᠠᠰᠢᠨ (ᠬᠠᠭᠤᠷᠠᠢ᠎ᠪᠠᠷ ᠤᠬᠢᠶᠠᠬᠤ ᠮᠠᠰᠢᠨ)᠂ ᠲᠧᠯᠸᠢᠰ (ᠲᠤᠰᠬᠠᠬᠤ ᠬᠡᠮᠵᠢᠭᠦᠷᠯᠢᠭ)᠂ ᠠᠭ᠋ᠠᠷ ᠲᠣᠬᠢᠷᠠᠭᠤᠯᠤᠭᠴᠢ (ᠠᠭ᠋ᠠᠷ᠎ᠤᠨ ᠢᠷᠡᠯᠲᠡ ᠵᠢᠨ ᠢᠯᠴᠢ ᠵᠢᠨ ᠬᠥᠭᠡᠷᠭᠡ)᠂ ᠺᠣᠮᠫᠢᠦ᠋ᠲ᠋ᠧᠷ᠂ ᠬᠡᠷ᠎ᠤᠨ ᠬᠡᠷᠡᠭᠯᠡᠭᠡᠨ᠎ᠤ ᠵᠤᠤᠬ᠎ᠠ ᠵᠢᠨ ᠬᠡᠷᠡᠭᠰᠡᠯ (ᠬᠤᠷᠠᠮᠠᠯ ᠵᠤᠤᠬ᠎ᠠ)᠂ ᠲᠣᠰᠣ ᠰᠣᠷᠣᠬᠤ ᠮᠠᠰᠢᠨ᠂ ᠪᠢᠴᠢᠯ ᠳᠣᠯᠭᠢᠶᠠᠨ᠎ᠤ ᠵᠤᠤᠬ᠎ᠠ᠂ ᠤᠰᠤ ᠬᠠᠯᠠᠭ᠋ᠠᠬᠤ ᠮᠠᠰᠢᠨ (ᠬᠠᠨᠠᠨ ᠡᠯᠭᠦᠮᠡᠯ ᠵᠤᠤᠬ᠎ᠠ)᠂ ᠠᠶᠠᠭ᠎ᠠ ᠤᠬᠢᠶᠠᠬᠤ ᠮᠠᠰᠢᠨ᠂ ᠤᠰᠤ ᠴᠡᠪᠡᠷᠰᠢᠭᠦᠯᠬᠦ ᠮᠠᠰᠢᠨ (ᠵᠥᠭᠡᠯᠡᠨ ᠤᠰᠤᠨ᠎ᠤ ᠮᠠᠰᠢᠨ᠂ ᠤᠰᠤ ᠤᠤᠭᠤᠬᠤ ᠮᠠᠰᠢᠨ)᠂ ᠪᠤᠳᠠᠭ᠎ᠠ ᠴᠢᠨᠠᠬᠤ ᠴᠠᠬᠢᠯᠭ᠋ᠠᠨ ᠲᠣᠭᠤᠭ᠎ᠠ (ᠴᠠᠬᠢᠯᠭ᠋ᠠᠨ ᠳᠠᠷᠤᠯᠲᠠᠲᠤ ᠲᠣᠭᠤᠭ᠎ᠠ)᠃
ᠰᠢᠨ᠎ᠡ᠎ᠪᠠᠷ ᠨᠡᠮᠡᠭᠳᠡᠭᠰᠡᠨ 6 ᠵᠦᠢ᠍ᠯ᠎ᠤᠨ ᠦᠢ᠍ᠯᠡᠳᠬᠦᠨ᠄ ᠬᠤᠪᠴᠠᠰᠤ ᠬᠤᠨᠠᠷ ᠠᠷᠠᠴᠢᠯᠠᠬᠤ ᠮᠠᠰᠢᠨ (ᠬᠠᠯᠠᠭ᠋ᠠᠵᠤ ᠢᠯᠢᠭᠦᠷᠳᠡᠬᠦ ᠮᠠᠰᠢᠨ᠂ ᠡᠯᠭᠦᠮᠡᠯ ᠬᠠᠯᠠᠭ᠋ᠠᠬᠤ ᠮᠠᠰᠢᠨ)᠂ ᠭᠠᠵᠠᠷ ᠱᠦᠭᠦᠷᠳᠡᠬᠦ ᠮᠠᠰᠢᠨ (ᠭᠠᠵᠠᠷ ᠵᠦᠯᠭᠦᠬᠦ ᠮᠠᠰᠢᠨ᠂ ᠭᠠᠵᠠᠷ ᠤᠬᠢᠶᠠᠬᠤ ᠮᠠᠰᠢᠨ᠂ ᠲᠣᠭᠣᠰᠣ ᠰᠣᠷᠣᠬᠤ ᠮᠠᠰᠢᠨ)᠂ ᠵᠢᠩᠨᠡᠨ ᠰᠢᠷᠠᠬᠤ ᠠᠪᠳᠠᠷ᠎ᠠ (ᠵᠢᠩᠨᠡᠨ ᠰᠢᠷᠠᠬᠤ ᠨᠢᠭᠡ ᠪᠡᠶᠡᠲᠦ ᠮᠠᠰᠢᠨ᠂ ᠵᠢᠩᠨᠡᠨ ᠰᠢᠷᠠᠬᠤ ᠠᠪᠳᠠᠷ᠎ᠠ᠂ ᠰᠢᠷᠠᠬᠤ ᠠᠪᠳᠠᠷ᠎ᠠ)᠂ ᠠᠭ᠋ᠠᠷ ᠵᠶ᠋ᠠᠷ ᠳᠡᠯᠪᠡᠴᠢᠬᠦ ᠲᠣᠭᠣᠭ᠎ᠠ᠂ ᠠᠭ᠋ᠠᠷ ᠴᠡᠪᠡᠷᠰᠢᠭᠦᠯᠦᠭᠴᠢ (ᠰᠢᠨ᠎ᠡ ᠰᠠᠯᠬᠢᠨ᠎ᠤ ᠮᠠᠰᠢᠨ᠂ ᠴᠢᠭᠢᠭᠯᠡᠭᠦᠷ᠂ ᠴᠠᠬᠢᠯᠭ᠋ᠠᠨ ᠳᠤᠯᠠᠭ᠋ᠠᠮᠵᠢ)᠂ ᠴᠠᠬᠢᠯᠭ᠋ᠠᠨ ᠵᠶ᠋ᠠᠷ ᠵᠢᠩᠨᠡᠬᠦ ᠲᠣᠭᠣᠭ᠎ᠠ (ᠴᠠᠬᠢᠯᠭ᠋ᠠᠨ ᠬᠠᠯᠠᠭ᠋ᠠᠯᠲᠠ ᠵᠢᠨ ᠳᠡᠪᠦᠷ᠎ᠡ᠂ ᠪᠡᠶ᠎ᠡ ᠰᠤᠪᠢᠯᠠᠯᠲᠠ ᠵᠢᠨ ᠳᠡᠪᠦᠷ᠎ᠡ᠂ ᠴᠠᠬᠢᠯᠭ᠋ᠠᠨ ᠬᠠᠯᠠᠭᠤᠨ ᠲᠣᠭᠣᠭ᠎ᠠ᠂ ᠴᠠᠬᠢᠯᠭ᠋ᠠᠨ ᠬᠠᠭ᠋ᠠᠷᠢᠭᠤᠯ᠂ ᠴᠠᠬᠢᠯᠭ᠋ᠠᠨ ᠰᠣᠷᠢᠨᠵᠢᠨ ᠵᠤᠤᠬ᠎ᠠ)᠃
(ᠬᠤᠶᠠᠷ) ᠨᠡᠮᠡᠭᠦᠷᠢ ᠥᠭᠬᠦ ᠪᠠᠷᠢᠮᠵᠢᠶ᠎ᠠ
ᠬᠤᠪᠢ ᠬᠥᠮᠦᠨ᠎ᠤ ᠬᠡᠷᠡᠭᠯᠡᠭᠴᠢᠳ ᠳᠡᠭᠡᠷ᠎ᠡ ᠳᠤᠷᠠᠳᠤᠭᠰᠠᠨ ᠬᠡᠷ᠎ᠤᠨ ᠴᠠᠬᠢᠯᠭ᠋ᠠᠨ ᠬᠡᠷᠡᠭᠰᠡᠯ᠎ᠤᠨ ᠪᠦᠲᠦᠭᠡᠭᠳᠡᠬᠦᠨ᠎ᠤ ᠲᠥᠷᠥᠯ ᠳᠣᠲᠣᠷᠠᠬᠢ 2 ᠲᠠᠰ᠎ᠤᠨ ᠡᠨᠧᠷᠭᠢ ᠵᠢᠨ ᠦᠷ᠎ᠡ ᠠᠰᠢᠭ ᠪᠤᠶᠤ ᠤᠰᠤᠨ᠎ᠤ ᠠᠰᠢᠭᠯᠠᠮᠵᠢ ᠵᠢᠨ ᠪᠠᠷᠢᠮᠵᠢᠶ᠎ᠠ ᠵᠢᠨ ᠦᠢ᠍ᠯᠡᠳᠭᠦᠨ᠎ᠢ ᠬᠤᠳᠠᠯᠳᠤᠨ ᠠᠪᠬᠤ᠎ᠳᠤ᠂ ᠨᠡᠮᠡᠭᠦᠷᠢ ᠵᠢᠨ ᠪᠠᠷᠢᠮᠵᠢᠶ᠎ᠠ᠎ᠨᠢ ᠦᠢ᠍ᠯᠡᠳᠭᠦᠨ᠎ᠤ ᠪᠣᠷᠣᠯᠠᠭᠤᠯᠬᠤ ᠦᠨ᠎ᠡ ᠬᠠᠩᠰᠢ ᠵᠢᠨ 15% ᠪᠣᠯᠤᠨ᠎ᠠ; 1 ᠲᠠᠰ᠎ᠤᠨ ᠡᠨᠧᠷᠭᠢ ᠵᠢᠨ ᠠᠰᠢᠭᠯᠠᠮᠵᠢ ᠪᠤᠶᠤ ᠤᠰᠤᠨ᠎ᠤ ᠠᠰᠢᠭᠯᠠᠮᠵᠢ ᠵᠢᠨ ᠪᠠᠷᠢᠮᠵᠢᠶ᠎ᠠ ᠵᠢᠨ ᠦᠢ᠍ᠯᠡᠳᠭᠦᠨ᠎ᠢ ᠬᠤᠳᠠᠯᠳᠤᠨ ᠠᠪᠴᠤ᠂ ᠨᠡᠮᠡᠭᠦᠷᠢ ᠵᠢᠨ ᠪᠠᠷᠢᠮᠵᠢᠶ᠎ᠠ᠎ᠨᠢ ᠦᠢ᠍ᠯᠡᠳᠭᠦᠨ᠎ᠤ ᠪᠣᠷᠣᠯᠠᠭᠤᠯᠬᠤ ᠦᠨ᠎ᠡ ᠬᠠᠩᠰᠢ ᠵᠢᠨ 20% ᠪᠣᠯᠤᠨ᠎ᠠ; ᠡᠨᠧᠷᠭᠢ ᠵᠢᠨ ᠠᠰᠢᠭᠯᠠᠮᠵᠢ ᠪᠤᠶᠤ ᠤᠰᠤᠨ᠎ᠤ ᠠᠰᠢᠭᠯᠠᠮᠵᠢ ᠵᠢ ᠲᠣᠭᠲᠠᠭ᠋ᠠᠭᠰᠠᠨ ᠦᠭᠡᠢ ᠦᠢ᠍ᠯᠡᠳᠭᠦᠨ᠎ᠳᠤ ᠨᠡᠮᠡᠭᠦᠷᠢ ᠥᠭᠬᠦ ᠪᠠᠷᠢᠮᠵᠢᠶ᠎ᠠ᠎ᠨᠢ ᠦᠢ᠍ᠯᠡᠳᠭᠦᠨ᠎ᠤ ᠬᠠᠮᠤᠭ ᠡᠴᠦᠰ᠎ᠤᠨ ᠪᠣᠷᠣᠯᠠᠭᠤᠯᠬᠤ ᠦᠨ᠎ᠡ ᠬᠠᠩᠰᠢ ᠵᠢᠨ 15% ᠪᠣᠯᠤᠨ᠎ᠠ᠃ ᠬᠡᠷᠡᠭᠯᠡᠭᠴᠢᠳ ᠲᠥᠷᠥᠯ ᠪᠦᠷᠢ ᠵᠢᠨ ᠦᠢ᠍ᠯᠡᠳᠬᠦᠨ᠎ᠳᠤ 1 ᠬᠤᠪᠢ ᠨᠡᠮᠡᠭᠦᠷᠢ ᠥᠭᠴᠦ ᠪᠣᠯᠤᠨ᠎ᠠ (ᠠᠭ᠋ᠠᠷ ᠲᠣᠬᠢᠷᠠᠭᠤᠯᠤᠭᠴᠢ ᠦᠢ᠍ᠯᠡᠳᠬᠦᠨ᠎ᠳᠤ ᠬᠠᠮᠤᠭ ᠠᠷᠪᠢᠨ᠎ᠳᠠᠭᠠᠨ 3 ᠬᠤᠪᠢ ᠨᠡᠮᠡᠭᠦᠷᠢ ᠥᠭᠴᠦ ᠪᠣᠯᠤᠨ᠎ᠠ)᠂ ᠵᠦᠢ᠍ᠯ ᠪᠦᠷᠢ ᠵᠢᠨ ᠨᠡᠮᠡᠭᠦᠷᠢ ᠵᠢ 2000 ᠲᠥᠭᠥᠷᠢᠭ᠎ᠠᠴᠠ ᠬᠡᠲᠦᠷᠡᠭᠦᠯᠵᠦ ᠪᠣᠯᠬᠤ ᠦᠭᠡᠶ᠃ 2024 ᠣᠨ᠎ᠳᠤ ᠨᠢᠭᠡᠨᠲᠡ ᠶᠠᠮᠠᠷ ᠨᠢᠭᠡᠨ ᠲᠥᠷᠥᠯ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠭᠦᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠵᠢ ᠭᠥᠷᠳᠡᠭᠰᠡᠨ ᠬᠤᠪᠢ ᠬᠥᠮᠦᠨ᠎ᠤ ᠬᠡᠷᠡᠭᠯᠡᠭᠴᠢᠳ᠎ᠢ ᠭᠥᠷᠳᠡᠵᠦ᠂ 2025 ᠣᠨ᠎ᠳᠤ ᠠᠳᠠᠯᠢ ᠲᠥᠷᠥᠯ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠭᠦᠨ᠎ᠢ ᠬᠤᠳᠠᠯᠳᠤᠨ ᠠᠪᠬᠤ᠎ᠳᠤ ᠦᠷᠭᠦᠯᠵᠢᠯᠡᠨ ᠨᠡᠮᠡᠭᠦᠷᠢ ᠭᠥᠷᠳᠡᠵᠦ ᠪᠣᠯᠤᠨ᠎ᠠ᠃
(ᠭᠤᠷᠪᠠ) ᠨᠡᠮᠡᠭᠦᠷᠢ ᠥᠭᠬᠦ ᠴᠠᠭ᠎ᠤᠨ ᠬᠢᠵᠠᠭ᠋ᠠᠷ
ᠨᠡᠮᠡᠭᠦᠷᠢ ᠥᠭᠬᠦ ᠴᠠᠭ᠎ᠤᠨ ᠬᠢᠵᠠᠭ᠋ᠠᠷ᠎ᠨᠢ 2025 ᠣᠨ ᠪᠣᠯᠤᠨ᠎ᠠ᠂ ᠡᠭᠦᠨ᠎ᠳᠤ᠂ ᠣᠨ ᠠᠯᠤᠰᠯᠠᠭᠰᠠᠨ ᠲᠥᠷᠥ ᠵᠢᠨ ᠪᠣᠳᠣᠯᠭ᠎ᠠ ᠵᠢᠨ ᠵᠤᠯᠭ᠋ᠠᠭᠤᠯᠬᠤ ᠬᠤᠭᠤᠴᠠᠭ᠎ᠠ (1 ᠳ᠋ᠦ᠍ᠭᠡᠷ ᠰᠠᠷ᠎ᠠ ᠵᠢᠨ 1᠎ᠤ ᠡᠳᠦᠷ᠎ᠤᠨ 0 ᠴᠠᠭ᠎ᠠᠴᠠ 1 ᠳ᠋ᠦ᠍ᠭᠡᠷ ᠰᠠᠷ᠎ᠠ ᠵᠢᠨ 19᠎ᠤ ᠡᠳᠦᠷ᠎ᠤᠨ 24 ᠴᠠᠭ)᠎ᠳᠤ ᠨᠢᠭᠡᠨᠲᠡ 《8 ᠶᠡᠭᠡ ᠲᠥᠷᠥᠯ》᠎ᠤᠨ ᠬᠡᠷ᠎ᠤᠨ ᠴᠠᠬᠢᠯᠭ᠋ᠠᠨ ᠬᠡᠷᠡᠭᠰᠡᠯ (ᠬᠦᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭ᠋ᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠬᠠᠯᠠᠭ᠋ᠠᠬᠤ ᠮᠠᠰᠢᠨ᠂ ᠭᠡᠷ᠎ᠲᠤ ᠬᠡᠷᠡᠭᠯᠡᠬᠦ ᠵᠤᠤᠬᠠᠨ᠎ᠤ ᠬᠡᠷᠡᠭᠰᠡᠯ᠂ ᠲᠤᠰᠤ ᠤᠲᠤᠭ᠎ᠠ ᠰᠣᠷᠣᠬᠤ ᠮᠠᠰᠢᠨ)᠎ᠲᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠪᠠᠯᠠ ᠮᠥᠩᠭᠦ ᠨᠢᠭᠡᠨᠲᠡ ᠡᠭᠦᠰᠴᠦ᠂ 2025 ᠣᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠪᠠᠯᠠ ᠮᠥᠩᠭᠦ ᠵᠢᠨ ᠲᠤᠭ᠎ᠠ ᠬᠡᠮᠵᠢᠶ᠎ᠡ ᠵᠢ ᠬᠡᠷᠡᠭᠯᠡᠪᠡ; ᠬᠦᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭ᠋ᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠬᠡᠷ᠎ᠤᠨ ᠬᠡᠷᠡᠭᠯᠡᠭᠡᠨ᠎ᠤ ᠵᠤᠤᠬ᠎ᠠ᠂ ᠲᠣᠰᠣ ᠤᠲᠤᠭ᠎ᠠ ᠰᠣᠷᠣᠬᠤ ᠮᠠᠰᠢᠨ᠂ ᠪᠢᠴᠢᠯ ᠳᠣᠯᠭᠢᠶᠠᠨ᠎ᠤ ᠵᠤᠤᠬ᠎ᠠ᠂ ᠤᠰᠤ ᠬᠠᠯᠠᠭ᠋ᠠᠬᠤ ᠮᠠᠰᠢᠨ᠂ ᠠᠶᠠᠭ᠎ᠠ ᠤᠬᠢᠶᠠᠬᠤ ᠮᠠᠰᠢᠨ᠂ ᠤᠰᠤ ᠴᠡᠪᠡᠷᠯᠡᠬᠦ ᠮᠠᠰᠢᠨ᠂ ᠪᠤᠳᠠᠭ᠎ᠠ ᠴᠢᠨᠠᠬᠤ ᠴᠠᠬᠢᠯᠭ᠋ᠠᠨ ᠲᠣᠭᠤᠭ᠎ᠠ ᠵᠡᠷᠭᠡ 12 ᠲᠥᠷᠥᠯ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠢ ᠬᠡᠷᠡᠭᠯᠡᠵᠦ᠂ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠤᠨ 0 ᠴᠠᠭ᠎ᠠᠴᠠ ᠡᠬᠢᠯᠡᠨ ᠨᠡᠮᠡᠭᠦᠷᠢ ᠣᠯᠭᠤᠨ᠎ᠠ; 6 ᠲᠥᠷᠥᠯ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠤᠨ ᠪᠦᠲᠦᠭᠡᠭᠳᠡᠬᠦᠨ᠎ᠢ ᠲᠣᠰ ᠪᠢᠴᠢᠭ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠨᠡᠮᠡᠭᠦᠷᠢ ᠣᠯᠭᠤᠨ᠎ᠠ᠃
ᠬᠤᠶᠠᠷ᠂ ᠨᠡᠮᠡᠭᠦᠷᠢ ᠥᠭᠬᠦ ᠠᠷᠭ᠎ᠠ ᠮᠠᠶᠢᠭ ᠪᠠ ᠴᠤᠪᠤᠷᠠᠯ
2025 ᠣᠨ᠎ᠳᠤ᠂ ᠪᠥᠬᠦ ᠣᠷᠣᠨ᠎ᠤ ᠬᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠦᠭᠬᠦ ᠠᠵᠢᠯ᠎ᠳᠤ ᠳᠤᠮᠳᠠᠳᠤ ᠤᠯᠤᠰ᠎ᠤᠨ ᠪᠠᠩᠬᠢ ᠵᠢᠨ ᠬᠤᠯᠪᠣᠭ᠎ᠠ ᠵᠢᠨ ᠥᠪᠥᠷ ᠮᠣᠩᠭᠤᠯ᠎ᠳᠠᠬᠢ ᠬᠤᠪᠢᠶᠠᠷᠢ ᠺᠣᠮᠫᠠᠨᠢ ᠵᠢᠨ ᠬᠠᠩᠭ᠋ᠠᠭᠰᠠᠨ ᠦᠢ᠍ᠯᠡᠴᠢᠯᠡᠭᠡᠨ᠎ᠤ ᠲᠠᠪᠴᠠᠩ᠎ᠢ ᠬᠡᠷᠡᠭᠯᠡᠵᠦ᠂ ᠬᠡᠷᠡᠭᠯᠡᠭᠴᠢᠳ ᠲᠠᠪᠴᠠᠩ ᠵᠶ᠋ᠠᠷ ᠳᠠᠮᠵᠢᠭᠤᠯᠤᠨ ᠲᠡᠮᠳᠡᠭᠲᠦ ᠠᠪᠬᠤ ᠬᠢᠷᠢ ᠬᠡᠮ᠎ᠢ ᠬᠠᠷᠭᠤᠭᠤᠯᠤᠨ ᠪᠠᠢ᠌ᠴᠠᠭ᠋ᠠᠨ᠎ᠠ᠃ ᠡᠯᠸᠺᠲᠷᠣᠨ ᠲᠤᠯᠭ᠋ᠠᠨ ᠬᠡᠷᠡᠭᠯᠡᠬᠦ ᠲᠡᠮᠳᠡᠭᠲᠦ ᠵᠢᠨ ᠬᠢᠷᠢ ᠬᠡᠮ ᠠᠪᠬᠤ᠎ᠳᠤ ᠨᠡᠶ᠋ᠢᠴᠡᠬᠦ ᠬᠡᠷᠡᠭᠯᠡᠭᠴᠢᠳ ᠪᠠᠩᠬᠢ ᠵᠢᠨ ᠬᠤᠯᠪᠣᠭ᠋ᠠᠨ᠎ᠤ 《ᠶᠦᠨ ᠱᠠᠨ ᠹᠦ᠋》 ᠲᠠᠪᠴᠠᠩ ᠵᠶ᠋ᠠᠷ ᠳᠠᠮᠵᠢᠭᠤᠯᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠠᠰᠠᠭ᠎ᠤᠨ ᠣᠷᠳᠣᠨ᠎ᠤ ᠨᠡᠮᠡᠭᠦᠷᠢ ᠦᠭᠬᠦ ᠡᠯᠸᠺᠲᠷᠣᠨ ᠵᠶ᠋ᠠᠷ ᠲᠤᠯᠭ᠋ᠠᠨ ᠬᠡᠷᠡᠭᠯᠡᠬᠦ ᠲᠡᠮᠳᠡᠭᠲᠦ ᠵᠢ ᠠᠪᠴᠤ᠂ ᠰᠦᠯᠵᠢᠶᠡᠨ ᠭᠠᠳᠠᠨᠠᠬᠢ ᠬᠡᠷᠡᠭᠯᠡᠭᠡᠨ᠎ᠤ ᠦᠶ᠎ᠡ᠎ᠳᠤ ᠬᠡᠷᠡᠭᠯᠡᠭᠴᠢᠳ ᠡᠭᠦᠯᠡᠨ ᠲᠣᠭ᠋ᠠᠴᠠᠭ᠎ᠠ ᠬᠢᠬᠦ ᠬᠤᠶᠠᠷ ᠬᠡᠮᠵᠢᠯᠳᠦ ᠲᠡᠮᠳᠡᠭ ᠵᠶ᠋ᠠᠨ ᠭᠠᠷᠭ᠋ᠠᠨ ᠦᠵᠡᠭᠦᠯᠵᠦ᠂ ᠠᠵᠤ ᠠᠬᠤᠶ᠋ᠢᠯᠠᠯ (ᠡᠭᠦᠳᠡᠨ ᠳᠡᠯᠭᠡᠭᠦᠷ)᠎ᠨᠢ ᠲᠣᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ ᠵᠢᠭ᠋ᠠᠨ ᠲᠣᠭᠲᠠᠭ᠋ᠠᠭᠰᠠᠨ ᠵᠢᠵᠢᠭ U POS ᠺᠣᠳ᠋ ᠰᠢᠷᠪᠢᠬᠦ᠎ᠳᠤ ᠣᠷᠣᠯᠴᠠᠵᠤ᠂ ᠲᠠᠪᠴᠠᠩ᠎ᠤᠨ ᠠᠦ᠋ᠲ᠋ᠣ᠋ ᠲᠣᠭ᠋ᠠᠴᠠᠭ᠎ᠠ ᠬᠢᠬᠦ ᠨᠡᠮᠡᠭᠦᠷᠢ ᠦᠭᠬᠦ ᠵᠣᠭᠤᠰ᠎ᠤᠨ ᠲᠤᠭ᠎ᠠ ᠵᠢ ᠪᠣᠳᠣᠬᠤ ᠵᠢᠨ ᠬᠠᠮᠲᠤ ᠬᠡᠷᠡᠭᠯᠡᠭᠴᠢᠳ᠎ᠤᠨ 《ᠶᠦᠨ ᠱᠠᠨ ᠹᠦ᠋》 ᠲᠠᠪᠴᠠᠩ᠎ᠳᠠᠬᠢ ᠬᠦᠴᠦᠨ ᠪᠥᠬᠦᠶ ᠡᠯᠸᠺᠲᠷᠣᠨ ᠲᠤᠯᠭ᠋ᠠᠨ ᠬᠡᠷᠡᠭᠯᠡᠬᠦ ᠲᠡᠮᠳᠡᠭᠲᠦ ᠵᠢ ᠬᠠᠷᠭᠤᠭᠤᠯᠤᠨ ᠬᠦᠴᠦᠨ ᠥᠬᠡᠶ ᠪᠣᠯᠭ᠋ᠠᠨ᠎ᠠ᠃ ᠬᠡᠷᠡᠭᠯᠡᠭᠴᠢᠳ᠎ᠤᠨ ᠪᠣᠳᠠᠲᠠᠢ ᠥᠭᠭᠦᠭᠰᠡᠨ ᠮᠥᠩᠭᠥᠨ᠎ᠤ ᠲᠣᠭ᠎ᠠ᠎ᠨᠢ ᠪᠦᠲᠦᠭᠡᠭᠳᠡᠬᠦᠨ᠎ᠤ ᠡᠴᠦᠰ᠎ᠤᠨ ᠬᠤᠳᠠᠯᠳᠤᠬᠤ ᠦᠨ᠎ᠡ᠎ᠠᠴᠠ ᠨᠡᠮᠡᠭᠦᠷᠢ ᠵᠢ ᠬᠠᠰᠤᠭᠰᠠᠨ᠎ᠤ ᠳᠠᠷᠠᠭ᠋ᠠᠬᠢ ᠮᠥᠩᠭᠥᠨ᠎ᠤ ᠲᠣᠭ᠎ᠠ ᠪᠣᠯᠤᠨ᠎ᠠ᠃ ᠬᠡᠷᠡᠭᠯᠡᠭᠴᠢᠳ᠎ᠤᠨ ᠵᠣᠭᠤᠰ ᠥᠭᠬᠦ ᠠᠷᠭ᠎ᠠ ᠮᠠᠶᠢᠭ ᠪᠠ ᠥᠭᠬᠦ ᠭᠡᠷᠡᠴᠢ ᠪᠠᠷᠢᠮᠲᠠ ᠵᠢᠨ ᠲᠥᠷᠥᠯ ᠬᠡᠯᠪᠡᠷᠢ ᠵᠢ ᠬᠢᠵᠠᠭ᠋ᠠᠷᠯᠠᠬᠤ ᠥᠬᠡᠶ ᠪᠠᠶ᠋ᠢᠵᠤ᠂ ᠬᠡᠷ᠎ᠤᠨ ᠴᠠᠬᠢᠯᠭ᠋ᠠᠨ ᠬᠡᠷᠡᠭᠰᠡᠯ ᠪᠣᠷᠣᠯᠠᠭᠤᠯᠬᠤ ᠭᠤᠤᠯ ᠴᠣᠭᠴᠠ ᠵᠢᠨ ᠬᠠᠮᠲᠤᠷᠠᠨ ᠦᠢ᠍ᠯᠡᠳᠪᠦᠷᠢᠯᠡᠬᠦ ᠠᠵᠤ ᠠᠬᠤᠶ᠋ᠢᠯᠠᠯ᠂ ᠡᠭᠡᠭᠦᠯᠦᠨ ᠬᠤᠷᠢᠶᠠᠬᠤ ᠠᠵᠤ ᠠᠬᠤᠶ᠋ᠢᠯᠠᠯ᠎ᠯᠤᠭ᠎ᠠ ᠬᠤᠯᠪᠣᠭ᠋ᠠᠯᠠᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠥᠷᠨᠢᠭᠦᠯᠬᠦ ᠵᠢ ᠳᠡᠮᠵᠢᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠷᠠᠭ᠋ᠠᠯᠵᠠᠯ᠎ᠤᠨ ᠠᠰᠢᠭ ᠣᠯᠭᠤᠬᠤ ᠵᠢ ᠵᠣᠷᠢᠭᠵᠢᠭᠤᠯᠤᠨ᠂ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ》 ᠵᠢ ᠪᠣᠶ ᠪᠣᠯᠭ᠋ᠠᠨ᠎ᠠ᠃
ᠭᠤᠷᠪᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠴᠢᠩᠭ᠋ᠠᠳᠬᠠᠨ᠎ᠠ
(ᠨᠢᠭᠡ) ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃ ᠡᠯ᠎ᠡ ᠠᠶ᠋ᠢᠮᠠᠭ ᠬᠣᠲᠠ᠎ᠨᠤᠭᠤᠳ ᠰᠠᠯᠠᠭ᠎ᠠ ᠮᠥᠴᠢᠷ᠎ᠤᠨ ᠵᠣᠬᠢᠴᠠᠭᠤᠯᠭ᠎ᠠ᠎ᠪᠠᠨ ᠴᠢᠩᠭ᠋ᠠᠳᠬᠠᠵᠦ᠂ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠂ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ; ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠡᠮᠡᠭᠦᠷᠢ ᠦᠭᠬᠦ ᠪᠡᠯᠡ ᠮᠥᠩᠭᠦ ᠵᠢ ᠬᠢᠨᠠᠨ ᠬᠠᠷᠭᠤᠭᠤᠯᠬᠤ᠂ ᠰᠣᠯᠢᠵᠤ ᠥᠭᠬᠦ ᠠᠵᠢᠯ᠎ᠢ ᠰᠠᠶ᠋ᠢᠲᠤᠷ ᠬᠢᠵᠦ᠂ ᠪᠡᠯᠡ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠶ; ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠨᠡᠮᠡᠭᠦᠷᠢ ᠦᠭᠬᠦ ᠪᠡᠯᠡ ᠮᠥᠩᠭᠦ ᠵᠢ ᠰᠠᠯᠭ᠋ᠠᠨ ᠥᠭᠬᠦ᠎ᠳᠤ ᠬᠢᠨᠠᠯᠲᠠ ᠬᠠᠮᠢᠶᠠᠷᠤᠯᠲᠠ ᠬᠢᠬᠦ ᠵᠢ ᠬᠠᠷᠢᠭᠤᠴᠠᠨ᠎ᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠷᠢᠭᠤᠴᠠᠨ ᠦᠢ᠍ᠯᠡᠳᠬᠦᠨ᠎ᠤ ᠶᠠᠰᠤ ᠴᠢᠨᠠᠷ ᠪᠠ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠦᠨ᠎ᠡ ᠬᠠᠩᠰᠢ ᠵᠢᠨ ᠮᠡᠬᠡᠯᠡᠯ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠨ᠎ᠠ᠃
(ᠬᠤᠶᠠᠷ) ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠶ᠋ᠢᠲᠤᠷ ᠬᠢᠬᠦ ᠬᠡᠷᠡᠭᠲᠡᠢ᠃ ᠡᠯ᠎ᠡ ᠠᠶ᠋ᠢᠮᠠᠭ ᠬᠤᠲᠠ᠎ᠨᠢ ᠬᠤᠯᠪᠣᠭᠳᠠᠯ ᠪᠥᠬᠦᠶ ᠠᠵᠢᠯ᠎ᠤᠨ ᠱᠠᠭ᠋ᠠᠷᠳᠠᠯᠭ᠎ᠠ ᠪᠠ ᠭᠠᠵᠠᠷ ᠣᠷᠣᠨ᠎ᠤ ᠪᠣᠳᠠᠲᠠᠶ ᠪᠠᠶ᠋ᠢᠳᠠᠯ᠎ᠢ ᠦᠨᠳᠦᠰᠦᠯᠡᠨ᠂ 2024 ᠣᠨ᠎ᠤ ᠨᠡᠮᠡᠭᠦᠷᠢ ᠦᠭᠬᠦ ᠪᠠᠯᠠ ᠮᠥᠩᠭᠦ ᠵᠢ ᠬᠢᠨᠠᠨ ᠬᠠᠷᠭᠤᠭᠤᠯᠵᠤ ᠰᠠᠯᠭ᠋ᠠᠨ ᠥᠭᠬᠦ ᠪᠠ ᠣᠨ ᠠᠯᠤᠰᠯᠠᠨ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ 2025 ᠣᠨ᠎ᠤ ᠠᠵᠢᠯ᠎ᠤᠨ ᠬᠠᠷᠠᠯᠲᠠ᠎ᠪᠠᠨ ᠲᠣᠳᠣᠷᠬᠠᠶ᠋ᠢᠯᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠬᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠥᠷᠥ ᠵᠢᠨ ᠪᠣᠳᠣᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠭᠤᠷᠪᠠ) ᠡᠯ᠎ᠡ ᠲᠥᠷᠥᠯ᠎ᠤᠨ ᠭᠤᠣᠯ ᠴᠣᠭᠴᠠ ᠵᠢ ᠭᠤᠣᠯᠴᠢ᠎ᠪᠠᠷ ᠳᠡᠮᠵᠢᠨ᠎ᠡ᠃ ᠡᠯ᠎ᠡ ᠠᠶ᠋ᠢᠮᠠᠭ ᠬᠤᠲᠠ ᠵᠢᠨ᠎ᠬᠢᠨ ᠣᠷᠣᠯᠴᠠᠬᠤ ᠭᠤᠤᠯ ᠴᠣᠭᠴᠠ ᠵᠢ ᠲᠣᠭᠲᠠᠭ᠋ᠠᠬᠤ᠎ᠳᠤ᠎ᠪᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠤ ᠠᠬᠤᠶ᠋ᠢᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠠᠳᠠᠯᠢ ᠪᠤᠰᠤ ᠳᠠᠩᠰᠠᠯᠠᠭᠤᠯᠤᠭᠰᠠᠨ ᠭᠠᠵᠠᠷ᠂ ᠠᠳᠠᠯᠢ ᠪᠤᠰᠤ ᠥᠮᠴᠢᠯᠡᠯ᠎ᠤᠨ ᠠᠵᠤ ᠠᠬᠤᠶ᠋ᠢᠯᠠᠯ᠂ ᠠᠳᠠᠯᠢ ᠪᠤᠰᠤ ᠬᠡᠪᠴᠢᠶᠡᠲᠦ ᠡᠵᠡᠩᠨᠡᠯᠲᠡ ᠵᠢᠨ ᠭᠤᠤᠯ ᠴᠣᠭᠴᠠ᠎ᠳᠤ ᠡᠷᠬᠡ ᠲᠡᠭᠰᠢ᠎ᠪᠠᠷ ᠬᠠᠨᠳᠤᠬᠤ ᠬᠡᠷᠡᠭᠲᠡᠶ᠂ ᠪᠣᠷᠣᠯᠠᠭᠤᠯᠭ᠎ᠠ ᠵᠢᠨ ᠲᠤᠭ᠎ᠠ᠂ ᠣᠷᠣᠯᠠᠨ ᠪᠠᠯᠠ ᠣᠷᠣᠭᠤᠯᠬᠤ ᠴᠢᠳᠠᠪᠤᠷᠢ ᠵᠡᠷᠭᠡ᠎ᠪᠠᠷ ᠰᠢᠯᠲᠠᠭ ᠪᠣᠯᠭ᠋ᠠᠨ ᠡᠵᠡᠩᠨᠡᠯᠲᠡ ᠵᠢᠨ ᠭᠤᠤᠯ ᠴᠣᠭᠴᠠ ᠵᠢᠨ ᠣᠷᠣᠯᠴᠠᠬᠤ ᠵᠢ ᠬᠢᠵᠠᠭ᠋ᠠᠷᠯᠠᠵᠤ ᠪᠣᠯᠬᠣ ᠦᠭᠡᠢ᠂ ᠣᠷᠣᠯᠴᠠᠬᠤ ᠭᠤᠤᠯ ᠴᠣᠭᠴᠠ ᠵᠢᠨ ᠨᠡᠷᠡᠰ᠎ᠢ ᠴᠠᠭ ᠲᠤᠬᠠᠶ᠎ᠳᠤᠨᠢ ᠰᠢᠨᠡᠳᠭᠡᠬᠦ ᠬᠡᠷᠡᠭᠲᠡᠢ᠃ ᠣᠷᠣᠨ ᠠᠯᠤᠰᠯᠠᠭᠰᠠᠨ ᠭᠡᠷ᠎ᠤᠨ ᠴᠠᠬᠢᠯᠭ᠋ᠠᠨ ᠬᠡᠷᠡᠭᠰᠡᠯ᠎ᠢ ᠪᠣᠷᠣᠯᠠᠭᠤᠯᠬᠤ ᠭᠣᠤᠯ ᠴᠣᠭᠴᠠ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠶᠠᠮᠠᠷ ᠨᠢᠭᠡᠨ ᠠᠶ᠋ᠢᠮᠠᠭ ᠬᠣᠲᠠ ᠵᠢ ᠰᠣᠩᠭᠣᠵᠤ ᠨᠡᠷ᠎ᠡ ᠮᠡᠳᠡᠭᠦᠯᠵᠦ ᠪᠣᠯᠤᠨ᠎ᠠ᠂ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠡᠷᠡᠭ᠎ᠠ᠂ ᠲᠡᠭᠦᠨ᠎ᠤ ᠬᠤᠪᠢᠶᠠᠷᠢ ᠰᠠᠯᠪᠤᠷᠢ ᠪᠠᠶ᠋ᠢᠭᠤᠯᠤᠮᠵᠢ ᠵᠢᠨ ᠪᠠᠶ᠋ᠢᠭ᠎ᠠ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠪᠠᠯ ᠪᠣᠯᠴᠢᠬᠠᠨ᠎ᠠ᠃ ᠬᠡᠷ᠎ᠤᠨ ᠴᠠᠬᠢᠯᠭ᠋ᠠᠨ ᠬᠡᠷᠡᠭᠰᠡᠯ᠎ᠤᠨ ᠠᠵᠤ ᠠᠬᠤᠶ᠋ᠢᠯᠠᠯ᠂ ᠡᠯᠸᠺᠲᠷᠣᠨ ᠬᠤᠳᠠᠯᠳᠤᠭ᠋ᠠᠨ᠎ᠤ ᠲᠠᠪᠴᠠᠩ᠎ᠨᠢ ᠬᠤᠳᠠᠯᠳᠤᠭ᠋ᠠᠨ᠎ᠤ ᠡᠷᠦᠬᠡ ᠵᠢ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠡᠭᠦᠷᠭᠡᠯᠡᠵᠦ᠂ ᠨᠠᠷᠠᠲᠤ ᠲᠥᠷᠥᠯ ᠲᠡᠮᠳᠡᠭᠲᠦ ᠵᠢᠨ ᠬᠤᠳᠠᠯᠳᠤᠭ᠋ᠠᠴᠢᠨ᠎ᠤ ᠪᠣᠷᠣᠯᠠᠭᠤᠯᠬᠤ ᠠᠷᠭ᠎ᠠ ᠵᠠᠮ ᠵᠶ᠋ᠠᠷ ᠬᠢᠵᠠᠭ᠋ᠠᠷᠯᠠᠬᠤ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ᠎ᠳᠤ ᠣᠷᠣᠯᠴᠠᠬᠤ ᠵᠢ ᠵᠢᠷᠤᠮᠵᠢᠭᠤᠯᠤᠨ᠎ᠠ᠃
(ᠲᠦᠷᠪᠡ) ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠯ᠎ᠡ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠠᠶᠠᠭᠳᠠᠮᠠᠯ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭ᠋ᠠᠳᠬᠠᠨ᠂ ᠡᠭᠡᠭᠦᠯᠦᠨ ᠬᠤᠷᠢᠶᠠᠬᠤ ᠴᠢᠳᠠᠪᠤᠷᠢ᠎ᠲᠠᠢ ᠪᠥᠭᠡᠳ ᠡᠭᠡᠭᠦᠯᠦᠨ ᠬᠤᠷᠢᠶᠠᠬᠤ ᠦᠢ᠍ᠯᠡᠴᠢᠯᠡᠭᠡᠨ ᠬᠠᠩᠭ᠋ᠠᠬᠤ ᠭᠣᠤᠯ ᠴᠣᠭᠴᠠ ᠵᠢᠨ᠎ᠬᠢᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ᠎ᠳᠤ ᠬᠠᠭᠤᠴᠢᠨ ᠵᠶ᠋ᠠᠷ ᠣᠷᠣᠯᠴᠠᠬᠤ ᠵᠢ ᠡᠩ ᠲᠡᠷᠢᠭᠦᠨ᠎ᠳᠤ ᠳᠡᠮᠵᠢᠵᠦ᠂ ᠣᠷᠣᠯᠴᠠᠬᠤ ᠭᠣᠤᠯ ᠴᠣᠭᠴᠠ ᠵᠢᠨ᠎ᠬᠢᠨ᠎ᠤ ᠬᠡᠷᠡᠭᠯᠡᠭᠴᠢᠳ᠎ᠲᠤ ᠰᠢᠨ᠎ᠡ᠎ᠪᠠᠷ ᠬᠤᠷᠢᠶᠠᠬᠤ ᠬᠠᠭᠤᠴᠢᠨ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ ᠬᠠᠩᠭ᠋ᠠᠬᠤ ᠵᠢ ᠵᠣᠷᠢᠭᠵᠢᠭᠤᠯᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ᠎ᠬᠢᠨ 《ᠰᠢᠨ᠎ᠡ ᠵᠢ ᠰᠣᠯᠢᠬᠤ》 ᠬᠢᠭᠡᠳ 《ᠬᠠᠭᠤᠴᠢᠨ᠎ᠢ ᠡᠭᠡᠭᠦᠯᠦᠨ ᠬᠤᠷᠢᠶᠠᠬᠤ》 ᠵᠢᠨ ᠬᠠᠷᠢᠴᠠᠭ᠎ᠠ ᠵᠢ ᠨᠢᠭᠡᠳᠦᠯᠲᠡᠶ ᠲᠥᠯᠥᠪᠯᠡᠵᠦ᠂ ᠭᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠭᠣᠤᠯ ᠴᠣᠭᠴᠠ ᠵᠢᠨ ᠡᠭᠡᠭᠦᠯᠦᠨ ᠬᠤᠷᠢᠶᠠᠬᠤ ᠬᠠᠶᠠᠭᠳᠠᠮᠠᠯ ᠭᠡᠷ᠎ᠤᠨ ᠴᠠᠬᠢᠯᠭ᠋ᠠᠨ ᠬᠡᠷᠡᠭᠰᠡᠯ᠎ᠢ ᠵᠢᠩᠬᠢᠨᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶ᠋ᠢᠯᠠᠯ᠎ᠳᠤ ᠲᠤᠰᠢᠶᠠᠨ ᠰᠢᠢ᠍ᠳᠪᠦᠷᠢᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ 2027 ᠣᠨ ᠪᠣᠯᠬᠤ᠎ᠳᠤ᠂ ᠡᠯ᠎ᠡ ᠠᠶ᠋ᠢᠮᠠᠭ ᠬᠤᠲᠠ ᠵᠢᠨ ᠬᠠᠶᠠᠭᠳᠠᠮᠠᠯ ᠬᠠᠭᠤᠴᠢᠨ ᠬᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠬᠤᠷᠢᠶᠠᠭᠰᠠᠨ ᠬᠡᠮᠵᠢᠶ᠎ᠡ ᠵᠢ 2024 ᠣᠨ᠎ᠤ᠎ᠬᠢ᠎ᠠᠴᠠ 30%᠎ᠠᠴᠠ ᠳᠡᠭᠡᠭᠰᠢ ᠨᠡᠮᠡᠭᠳᠡᠭᠦᠯᠦᠨ᠎ᠡ᠃
(ᠲᠠᠪᠤ) ᠲᠥᠷᠥ ᠵᠢᠨ ᠪᠣᠳᠣᠯᠭ᠎ᠠ ᠵᠢ ᠤᠬᠠᠭᠤᠯᠤᠨ ᠲᠦᠭᠡᠮᠡᠯᠵᠢᠭᠦᠯᠬᠦ ᠵᠢ ᠴᠢᠩᠭ᠋ᠠᠳᠬᠠᠬᠤ ᠬᠡᠷᠡᠭᠲᠡᠢ᠃ ᠡᠯ᠎ᠡ ᠠᠶ᠋ᠢᠮᠠᠭ ᠬᠣᠲᠠ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠡᠷᠴᠢᠮ ᠵᠶ᠋ᠠᠨ ᠨᠡᠮᠡᠭᠳᠡᠭᠦᠯᠵᠦ᠂ ᠪᠣᠬᠢᠷᠲᠤᠯ ᠦᠭᠡᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠡᠷᠡᠭᠯᠡᠭᠡᠨ᠎ᠤ ᠣᠨᠣᠯᠵᠢᠬᠤᠨ᠎ᠢ ᠰᠠᠨᠠᠭ᠋ᠠᠴᠢᠯᠠᠵᠤ᠂ ᠬᠡᠷᠡᠭᠯᠡᠭᠡ ᠵᠢ ᠠᠬᠢᠭᠤᠯᠬᠤ ᠭᠣᠤᠯ ᠰᠡᠳᠦᠪᠲᠦ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠬᠤ ᠬᠡᠷᠡᠭᠲᠡᠶ᠃ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠬᠡᠷᠡᠭᠯᠡᠭᠴᠢᠳ᠎ᠤᠨ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭᠴᠦ᠂ ᠠᠰᠠᠭᠤᠨ ᠯᠠᠪᠯᠠᠬᠤ ᠦᠢ᠍ᠯᠡᠴᠢᠯᠡᠭᠡᠨ᠎ᠤ ᠠᠷᠭ᠎ᠠ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ᠃
(ᠵᠢᠷᠭᠤᠭ᠎ᠠ) ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠵᠢᠷᠤᠮᠵᠢᠭᠤᠯᠤᠨ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠬᠡᠷᠡᠭᠯᠡᠭᠴᠢᠳ᠎ᠤᠨ ᠢᠯᠡᠴᠢᠯᠡᠨ ᠮᠡᠳᠡᠭᠦᠯᠵᠦ ᠵᠠᠭ᠋ᠠᠯᠳᠤᠬᠤ ᠠᠷᠭ᠎ᠠ ᠵᠠᠮ᠎ᠢ ᠰᠠᠭ᠋ᠠᠳ ᠦᠭᠡᠶ ᠨᠡᠪᠲᠡᠷᠡᠭᠦᠯᠵᠦ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠬᠡᠷᠡᠭᠯᠡᠭᠡ ᠵᠢᠨ ᠵᠦᠢ᠍ᠯᠡᠰ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠬᠠᠭᠤᠷᠮᠠᠭ ᠵᠶ᠋ᠠᠷ ᠵᠢᠩᠬᠢᠨᠢ ᠵᠢ ᠣᠷᠣᠯᠠᠭᠤᠯᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ ᠬᠠᠭᠤᠴᠢᠨ ᠵᠶ᠋ᠠᠷ ᠰᠢᠨ᠎ᠡ ᠵᠢ ᠣᠷᠣᠯᠠᠭᠤᠯᠬᠤ᠂ ᠬᠢᠷᠢ ᠲᠡᠩᠴᠡᠬᠦ ᠦᠭᠡᠶ ᠦᠢ᠍ᠯᠡᠳᠬᠦᠨ ᠵᠶ᠋ᠠᠷ ᠬᠢᠷᠢ ᠲᠡᠩᠴᠡᠭᠰᠡᠨ ᠦᠢ᠍ᠯᠡᠳᠬᠦᠨ᠎ᠢ ᠣᠷᠣᠯᠠᠭᠤᠯᠬᠤ ᠵᠢᠴᠢ ᠡᠨᠧᠷᠭᠢ ᠵᠢᠨ ᠠᠰᠢᠭᠯᠠᠮᠵᠢ᠂ ᠤᠰᠤᠨ᠎ᠤ ᠦᠷ᠎ᠡ ᠠᠰᠢᠭ᠎ᠤᠨ ᠲᠡᠮᠳᠡᠭ᠎ᠢ ᠬᠠᠭᠤᠷᠮᠠᠭᠯᠠᠨ ᠵᠣᠬᠢᠶᠠᠬᠤ ᠵᠡᠷᠭᠡ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠡᠵᠡᠩᠨᠡᠯᠲᠡ ᠵᠢᠨ ᠭᠣᠤᠯ ᠴᠣᠭᠴᠠ ᠵᠢ ᠵᠣᠬᠢᠶᠠᠨ ᠪᠠᠶ᠋ᠢᠭᠤᠯᠤᠨ ᠦᠢ᠍ᠯᠡᠳᠬᠦᠨ᠎ᠤ ᠪᠣᠷᠣᠯᠠᠭᠤᠯᠭ᠎ᠠ ᠵᠢᠨ ᠦᠨ᠎ᠡ ᠬᠠᠩᠰᠢ ᠵᠢ ᠢᠯᠡ ᠠᠮᠠᠯᠠᠯᠲᠠ ᠵᠢ ᠬᠡᠷᠡᠭᠵᠢᠭᠦᠯᠵᠦ᠂ ᠦᠨ᠎ᠡ ᠬᠠᠩᠰᠢ ᠵᠢᠨ ᠮᠡᠬᠡᠯᠡᠯ ᠬᠢᠬᠦ᠂ ᠤᠷᠢᠳᠠᠪᠠᠷ ᠥᠰᠬᠡᠵᠦ ᠳᠠᠷᠠᠭ᠎ᠠ᠎ᠨᠢ ᠨᠡᠮᠡᠭᠦᠷᠢ ᠥᠭᠬᠦ᠂ ᠨᠡᠮᠡᠭᠦᠷᠢ ᠵᠢᠨ ᠪᠡᠯᠡ ᠮᠥᠩᠭᠥ ᠵᠢ ᠮᠡᠬᠡᠯᠡᠨ ᠠᠪᠬᠤ ᠵᠡᠷᠭᠡ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠲᠡᠭᠦᠨ᠎ᠤ ᠭᠣᠤᠯ ᠴᠣᠭᠴᠠ ᠵᠢᠨ ᠠᠵᠢᠯᠯᠠᠭ᠎ᠠ᠎ᠳᠤ ᠣᠷᠣᠯᠴᠠᠬᠤ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠬᠤ ᠵᠢᠨ ᠬᠠᠮᠲᠤ ᠤᠯᠤᠰ᠎ᠤᠨ ᠨᠡᠮᠡᠭᠦᠷᠢ ᠵᠢᠨ ᠪᠡᠯᠡ ᠮᠥᠩᠭᠥ ᠵᠢ ᠨᠡᠬᠡᠮᠵᠢᠯᠡᠨ ᠬᠤᠷᠢᠶᠠᠵᠤ᠂ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨᠢᠨᠢ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠶ᠃
ᠳᠥᠷᠪᠡ᠂ ᠪᠡᠯᠡ ᠮᠥᠩᠭᠥ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ
(ᠨᠢᠭᠡ) ᠡᠯ᠎ᠡ ᠠᠶ᠋ᠢᠮᠠᠭ ᠬᠣᠲᠠ ᠵᠢᠨ᠎ᠬᠢᠨ ᠪᠡᠯᠡ ᠮᠥᠩᠭᠥ ᠬᠤᠪᠢᠶᠠᠷᠢᠯᠠᠬᠤ᠂ ᠬᠢᠨᠠᠨ ᠬᠠᠷᠭᠤᠭᠤᠯᠬᠤ᠂ ᠰᠠᠯᠭ᠋ᠠᠨ ᠥᠭᠬᠦ᠂ ᠬᠢᠨᠠᠨ ᠬᠠᠮᠢᠶᠠᠷᠬᠤ᠂ ᠬᠢᠨᠠᠨ ᠪᠠᠶ᠋ᠢᠴᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠵᠦ᠂ ᠪᠡᠯᠡ ᠮᠥᠩᠭᠥ ᠵᠢᠨ ᠠᠶᠤᠯ ᠦᠭᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠨᠡᠮᠡᠭᠦᠷᠢ ᠵᠢᠨ ᠪᠡᠯᠡ ᠮᠥᠩᠭᠥ ᠵᠢ ᠴᠠᠭ ᠲᠤᠬᠠᠶ᠎ᠳᠤᠨᠢ ᠣᠯᠭᠣᠵᠤ᠂ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠦᠭᠬᠦ ᠪᠠᠯᠠ ᠮᠥᠩᠭᠦ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠮᠡᠭᠦᠷᠢ ᠦᠭᠬᠦ ᠪᠠᠯᠠ ᠮᠥᠩᠭᠦ ᠵᠢ ᠬᠢᠨᠠᠨ ᠬᠠᠷᠭᠤᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠠᠯᠠ ᠮᠥᠩᠭᠦ ᠵᠢᠨ ᠬᠡᠷᠡᠭᠯᠡᠯᠲᠡ ᠵᠢᠨ ᠠᠮᠤᠷ ᠲᠦᠪᠰᠢᠨ ᠪᠠ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠶ᠎ᠪᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
(ᠬᠤᠶᠠᠷ) ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠰᠠᠶ᠋ᠢᠲᠤᠷ ᠬᠢᠬᠦ ᠪᠠ ᠪᠠᠯᠠ ᠮᠥᠩᠭᠦ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠤᠷ᠎ᠠ᠂ ᠡᠯ᠎ᠡ ᠠᠶ᠋ᠢᠮᠠᠭ ᠬᠤᠲᠠ ᠵᠢᠨ᠎ᠬᠢᠨ ᠪᠣᠳᠠᠲᠠᠶ᠎ᠲᠠᠢ᠎ᠪᠠᠨ ᠤᠶᠠᠯᠳᠤᠭᠤᠯᠤᠨ ᠬᠡᠰᠡᠭ ᠪᠠᠯᠠ ᠮᠥᠩᠭᠦ ᠵᠢ ᠤᠷᠢᠳᠴᠢᠯᠠᠨ ᠰᠠᠯᠭ᠋ᠠᠨ ᠥᠭᠴᠦ ᠪᠠᠶ᠋ᠢᠭ᠋ᠠᠳ ᠵᠣᠬᠢᠴᠠᠩᠭᠤᠶ ᠲᠣᠭ᠋ᠠᠴᠠᠭ᠎ᠠ ᠬᠢᠬᠦ ᠲᠠᠪᠴᠠᠩ ᠪᠤᠶᠤ ᠡᠵᠡᠩᠨᠡᠯᠲᠡ ᠵᠢᠨ ᠭᠤᠤᠯ ᠴᠣᠭᠴᠠ᠎ᠳᠤ ᠰᠢᠯᠵᠢᠭᠦᠯᠦᠨ ᠥᠭᠬᠦ ᠵᠡᠷᠭᠡ ᠠᠷᠭ᠎ᠠ ᠮᠠᠶᠢᠭ᠎ᠲᠤ ᠬᠦᠷᠴᠦ᠂ ᠪᠠᠯᠠ ᠮᠥᠩᠭᠦ ᠵᠢᠨ ᠢᠯᠭ᠋ᠠᠷᠠᠭᠤᠯᠤᠨ ᠪᠤᠳᠤᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠣᠷᠣᠯᠴᠠᠬᠤ ᠭᠤᠤᠯ ᠴᠣᠭᠴᠠ ᠵᠢᠨ ᠪᠠᠯᠠ ᠮᠥᠩᠭᠦ ᠪᠠ ᠡᠵᠡᠩᠨᠡᠯᠲᠡ ᠵᠢᠨ ᠳᠠᠷᠤᠯᠲᠠ ᠵᠢ ᠪᠠᠭᠤᠷᠠᠭᠤᠯᠵᠤ ᠪᠣᠯᠤᠨ᠎ᠠ᠃
(ᠭᠤᠷᠪᠠ) ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠠᠴᠠ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠯᠠ ᠮᠥᠩᠭᠦ ᠵᠢᠨ ᠨᠡᠮᠡᠭᠦᠷᠢ ᠦᠭᠬᠦ ᠲᠥᠷᠥ ᠵᠢᠨ ᠪᠣᠳᠣᠯᠭ᠎ᠠ ᠵᠢᠨ ᠶᠣᠰᠣᠭ᠋ᠠᠷ᠂ ᠠᠶ᠋ᠢᠮᠠᠭ ᠬᠤᠲᠠ ᠵᠢᠨ ᠠᠵᠢᠯ ᠥᠷᠨᠢᠭᠦᠯᠦᠭᠰᠡᠨ ᠪᠠᠶ᠋ᠢᠳᠠᠯ᠎ᠢ ᠦᠨᠳᠦᠰᠦᠯᠡᠨ ᠢᠯᠭ᠋ᠠᠷᠠᠭᠤᠯᠤᠨ ᠪᠤᠳᠤᠨ᠎ᠠ᠃ ᠡᠯ᠎ᠡ ᠠᠶ᠋ᠢᠮᠠᠭ ᠬᠣᠲᠠ ᠨᠡᠮᠡᠭᠦᠷᠢ ᠵᠢᠨ ᠪᠡᠯᠡ ᠮᠥᠩᠭᠥ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠴᠠᠭ ᠲᠤᠬᠠᠶ᠎ᠳᠤᠨᠢ ᠮᠡᠳᠡᠭᠦᠯᠦᠨ ᠬᠦᠷᠭᠡᠵᠦ᠂ ᠰᠠᠶ᠋ᠢᠨ ᠲᠤᠷᠰᠢᠯᠭ᠎ᠠ ᠠᠷᠭ᠎ᠠ ᠪᠠᠷᠢᠯ ᠵᠶ᠋ᠠᠨ ᠴᠠᠭ ᠲᠤᠬᠠᠶ᠎ᠳᠤᠨᠢ ᠳ᠋ᠦᠩᠨᠡᠨ᠂ ᠠᠵᠢᠯ᠎ᠤᠨ ᠠᠬᠢᠴᠠ᠂ ᠪᠡᠯᠡ ᠮᠥᠩᠭᠥ ᠵᠢᠨ ᠬᠡᠷᠡᠭᠯᠡᠯᠲᠡ ᠵᠡᠷᠭᠡ ᠪᠠᠶ᠋ᠢᠳᠠᠯ ᠪᠣᠯᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠤᠨ ᠦᠷ᠎ᠡ ᠪᠦᠲᠦᠮᠵᠢ᠎ᠪᠠᠨ ᠰᠠᠷ᠎ᠠ᠎ᠪᠠᠷ ᠮᠡᠳᠡᠭᠦᠯᠦᠨ ᠬᠦᠷᠭᠡᠬᠦ ᠬᠡᠷᠡᠭᠲᠡᠶ᠃
ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠷᠢᠯᠴᠠᠬᠤ ᠬᠥᠮᠦᠨ᠄ ᠸᠠᠩ ᠶᠠ ᠮᠢᠩ
ᠬᠠᠷᠢᠯᠴᠠᠬᠤ ᠠᠷᠭ᠎ᠠ ᠮᠠᠶᠢᠭ᠄ 0471 – 6945209
ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠯᠴᠠᠬᠤ ᠬᠥᠮᠦᠨ᠄ ᠵᠦ᠍ ᠳ᠋ᠠ ᠸᠧᠶ
ᠬᠠᠷᠢᠯᠴᠠᠬᠤ ᠠᠷᠭ᠎ᠠ ᠮᠠᠶᠢᠭ᠄ 0471 – 6659277
ᠡᠳ᠋᠎ᠤᠨ ᠵᠠᠰᠠᠭ᠎ᠤᠨ ᠲᠢᠩᠬᠢᠮ᠎ᠤᠨ ᠬᠠᠷᠢᠯᠴᠠᠬᠤ ᠬᠥᠮᠦᠨ᠄ ᠯᠢ ᠰᠦᠨ
ᠬᠠᠷᠢᠯᠴᠠᠬᠤ ᠠᠷᠭ᠎ᠠ ᠮᠠᠶᠢᠭ᠄ 0471 — 4192185
ᠵᠠᠬ᠎ᠠ ᠳᠡᠯᠭᠡᠭᠦᠷ᠎ᠤᠨ ᠲᠣᠪᠴᠢᠶ᠎ᠠ ᠵᠢᠨ ᠬᠠᠷᠢᠯᠴᠠᠬᠤ ᠬᠥᠮᠦᠨ᠄ ᠭᠤᠤ ᠶᠤᠸᠠᠢ
ᠬᠠᠷᠢᠯᠴᠠᠬᠤ ᠠᠷᠭ᠎ᠠ ᠮᠠᠶᠢᠭ᠄ 0471 – 4923975
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2025 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ