ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠵᠠᠬ᠎ᠠ ᠳᠡᠯᠭᠡᠭᠦᠷ᠎ᠦᠨ ᠠᠵᠢᠯᠯᠠᠭᠠᠨ ᠎ᠤ ᠵᠠᠳᠠᠯᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 9 ᠳ᠋ᠦ᠍ᠭᠡᠷ ᠰᠠᠷ᠎ᠠ᠎ᠶᠢᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠠᠵᠢᠯᠯᠠᠭᠠᠨ᠎ᠤ ᠲᠣᠪᠴᠢ ᠵᠠᠳᠠᠯᠤᠯᠲᠠ
ᠨᠡᠶ᠋ᠢᠲᠡᠯᠡᠭᠰᠡᠨ ᠴᠠᠭ᠄ 2025-10-30

            ᠵᠣᠬᠢᠶᠠᠭ᠍ᠴᠢ ᠄ ᠵᠠᠬ᠎ᠠ ᠳᠡᠯᠭᠡᠭᠦᠷ᠎ᠤᠨ ᠠᠵᠢᠯᠯᠠᠭ᠎ᠠ ᠪᠠ ᠬᠡᠷᠡᠭᠯᠡᠭᠡ᠎ᠶᠢ ᠠᠬᠢᠭᠤᠯᠬᠤ ᠭᠠᠵᠠᠷ

            ᠨᠡᠢ᠌ᠲᠡᠯᠡᠭᠰᠡᠨ  ᠴᠠᠭ᠄ 2025-10-15   14᠄05᠄38

 

  ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠰᠢᠰᠲᠧᠮ᠎ᠤᠨ ᠲᠤᠭ᠎ᠠ ᠪᠠᠷᠢᠮᠲᠠ᠎ᠠᠴᠠ ᠦᠵᠡᠪᠡᠯ ᠂ 2025 ᠣᠨ᠎ᠤ 9 ᠳ᠋ᠦ᠍ᠭᠡᠷ ᠰᠠᠷ᠎ᠠ᠎ᠳᠤ ᠪᠥᠬᠦ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢᠯ᠎ᠤᠨ ᠪᠠᠷᠠᠭᠠᠨ᠎ᠤ ᠢᠷᠡᠯᠲᠡ ᠭᠦᠢᠴᠡᠳ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭᠲᠠᠭᠤᠨ ᠪᠠᠶ᠋ᠢᠵᠤ᠂ ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠦᠨ᠎ᠡ ᠬᠠᠩᠰᠢ᠎ᠶᠢ ᠲᠦᠷᠦᠭᠦᠦ ᠨᠢᠭᠡ ᠰᠠᠷ᠎ᠠ᠎ᠶᠢᠨ᠎ᠬᠢ᠎ᠲᠠᠢ ᠬᠠᠷᠢᠴᠠᠭᠤᠯᠪᠠᠯ ( ᠳᠣᠷᠣᠭ᠍ᠰᠢ ᠭᠠᠷᠠᠬᠠᠨ ᠬᠠᠷᠢᠴᠠᠯ )ᠨᠡᠮᠡᠭᠳᠡᠭᠰᠡᠨ᠎ᠨᠢ ᠢᠯᠡᠭᠦᠦ ᠪᠠᠭᠤᠷᠠᠭᠰᠠᠨ ᠨᠢ ᠪᠠᠭ᠎ᠠ ᠪᠤᠯᠤᠨ᠎ᠠ᠃ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠤᠨ ᠬᠢᠨᠠᠨ ᠬᠡᠮᠵᠢᠭᠰᠡᠨ 11ᠲᠣᠮᠣ᠌ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ᠎ᠶᠢᠨ ᠭᠠᠷᠠᠬᠠᠨ ᠬᠠᠷᠢᠴᠠᠯ᠎ᠨᠢ 6᠎ ᠪᠡᠷ ᠥᠰᠴᠦ 2 ᠪᠠᠷ ᠪᠠᠭᠤᠷᠠᠵᠤ 3ᠨᠢ ᠬᠡᠪ᠎ᠦᠨ ᠪᠠᠢᠳᠠᠯ᠎ᠢᠶᠠᠷ ᠶᠠᠪᠤᠭᠳᠠᠵᠤ ᠪᠤᠢ᠃ ᠡᠭᠦᠨ᠎ᠳᠤ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ᠂ ᠥᠨᠳᠡᠭᠡᠨ᠎ᠤ ᠲᠥᠷᠥᠯ᠂ ᠠᠮᠲᠠ ᠣᠷᠣᠭᠤᠯᠬᠤ ᠡᠳ᠋᠂ ᠢᠳᠡᠱᠢᠨ ᠨᠣᠭᠤᠭ᠎ᠠ ᠪᠠ ᠤᠤᠭᠤᠬᠤ ᠤᠰᠤᠨ᠎ᠤ ᠵᠢᠵᠢᠭ᠌ᠯᠡᠨ ᠬᠤᠳᠠᠯᠳᠤᠬᠤ ᠭᠠᠷᠠᠬᠠᠨ ᠬᠠᠷᠢᠴᠠᠯ ᠨᠢ ᠨᠡᠮᠡᠭᠳᠡᠪᠡ; ᠴᠠᠭᠠᠨ ᠢᠳᠡᠭᠡ ᠪᠠ ᠵᠢᠮᠢᠰ ᠵᠢᠵᠢᠭ᠌ᠯᠡᠨ ᠬᠤᠳᠠᠯᠳᠤᠬᠤ ᠭᠠᠷᠠᠬᠠᠨ ᠬᠠᠷᠢᠴᠠᠯ ᠨᠢ ᠪᠠᠭᠤᠷᠠᠪᠠ; ᠠᠮᠤ ᠪᠤᠳᠠᠭ᠎ᠠ᠂ ᠢᠳᠡᠱᠢᠨ ᠲᠣᠰᠣ ᠪᠠ ᠤᠰᠤᠨ ᠭᠠᠷᠤᠯᠲᠠ ᠵᠢᠵᠢᠭ᠌ᠯᠡᠨ ᠬᠤᠳᠠᠯᠳᠤᠬᠤ ᠭᠠᠷᠠᠬᠠᠨ ᠬᠠᠷᠢᠴᠠᠯ ᠨᠢ ᠲᠡᠩᠴᠡᠭᠦᠷᠢᠰᠢᠵᠠᠢ᠃ ᠪᠣᠳᠠᠲᠠᠶ ᠪᠠᠢᠳᠠᠯ᠎ᠤᠨ ᠵᠠᠳᠠᠯᠤᠯᠲᠠ᠎ᠨᠢ ᠳᠣᠤᠷᠠᠬᠢ ᠮᠡᠲᠦ᠍᠄

  ᠨᠢᠭᠡ᠂ ᠠᠮᠤ ᠪᠤᠳᠠᠭ᠎ᠠ ᠪᠣᠯᠣᠨ ᠢᠳᠡᠭᠡᠨ᠎ᠦ ᠲᠣᠰᠣᠨ᠎ᠤ ᠭᠠᠷᠠᠬᠠᠨ ᠬᠠᠷᠢᠴᠠᠯ ᠨᠢ ᠲᠡᠩᠴᠡᠭᠦᠷᠢᠰᠢᠵᠠᠢ

  ᠬᠢᠨᠠᠨ ᠬᠡᠮᠵᠢᠭᠰᠡᠨ ᠲᠥᠷᠥᠯ ᠵᠦᠢᠯ᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠠᠮᠤ ᠪᠤᠳᠠᠭᠠᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 5.8 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ ᠲᠡᠩᠴᠡᠭᠦᠷᠢᠰᠢᠵᠠᠢ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠲᠠᠢ ᠬᠠᠷᠢᠴᠠᠭᠤᠯᠪᠠᠯ(ᠳᠣᠷᠣᠭ᠍ᠰᠢ ᠠᠳᠠᠯᠢ ᠬᠤᠭᠤᠴᠠᠭᠠᠨ᠎ᠤ ᠬᠢ᠎ᠡᠴᠡ ᠭᠡᠵᠦ ᠲᠣᠪᠴᠢᠯᠠᠨ᠎ᠠ )ᠲᠡᠩᠴᠡᠭᠦᠷᠢᠰᠢᠵᠠᠢ᠃ ᠡᠭᠦᠨ᠎ᠳᠤ ᠲᠤᠲᠤᠷᠭ᠎ᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 6.1 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.3% ᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 1.6%᠎ᠪᠠᠷ  ᠪᠠᠭᠤᠷᠠᠪᠠ ; ᠭᠤᠯᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 5.5 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.5%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 1.9%᠎ᠪᠠᠷ ᠨᠡᠮᠡᠭᠳᠡᠪᠡ᠃ ᠢᠳᠡᠭᠡᠨ᠎ᠤ ᠲᠣᠰᠣᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 18.95 ᠲᠥᠭᠦᠷᠢᠭ ᠪᠠᠢᠵᠦ ᠂ ᠭᠠᠷᠠᠬᠠᠨ ᠬᠠᠷᠢᠴᠠᠯ᠎ᠨᠢ  ᠲᠡᠩᠴᠡᠭᠦᠷᠢᠰᠢᠵᠦ ᠂ ᠠᠳᠠᠯᠢ ᠬᠤᠭᠤᠴᠠᠭᠠᠨ᠎ᠤ᠎ᠬᠢ᠎ᠠᠴᠠ 1.4% ᠪᠡᠷ ᠪᠠᠭᠤᠷᠠᠪᠠ᠃ ᠡᠭᠦᠨ᠎ᠳᠤ ᠪᠤᠷᠴᠠᠭ᠎ᠤᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠦ᠎ᠪᠡᠨ 13.42 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠪᠠ᠂ ᠠᠳᠠᠯᠢ ᠬᠤᠭᠤᠴᠠᠭᠠᠨ᠎ᠤ᠎ᠬᠢ᠎ᠠᠴᠠ 3.1%᠎ᠪᠠᠷ ᠪᠠᠭᠤᠷᠠᠪᠠ;ᠨᠠᠢᠷᠠᠯᠭ᠎ᠠ᠎ᠶᠢᠨ ᠲᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠦ᠎ᠪᠡᠨ 16.31ᠲᠥᠭᠦᠷᠢᠭ ᠪᠠᠢ᠌ᠵᠦ ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 2.8% ᠪᠠᠷ ᠪᠠᠭᠤᠷᠠᠪᠠ᠃ 

  ᠠᠮᠤ ᠲᠣᠰᠣ᠌᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠥᠷᠥᠯ᠎ᠤᠨ ᠲᠠᠸᠠᠷ ᠪᠣᠯᠤᠭᠰᠠᠨ᠎ᠤ ᠬᠤᠪᠢ᠎ᠳᠤ᠂ ᠬᠠᠳᠠᠭᠠᠯᠠᠬᠤ᠎ᠳᠤ ᠲᠥᠬᠦᠮ ᠪᠥᠭᠡᠳ ᠵᠥᠭᠡᠭᠡᠪᠦᠷᠢᠯᠡᠬᠦ᠎ᠳᠤ ᠲᠥᠬᠦᠮ ᠪᠠᠶ᠋ᠢᠳᠠᠭ᠃ ᠬᠤᠳᠠᠯᠳᠤᠭᠠᠴᠢᠨ᠎ᠤ ᠪᠡᠯᠡᠳᠭᠡᠯ ᠪᠠᠷᠠᠭ᠎ᠠ ᠬᠠᠩᠭᠠᠯᠲᠠᠲᠠᠢ᠂ ᠵᠠᠬ᠎ᠠ ᠳᠡᠯᠭᠡᠭᠦᠷ᠎ᠤᠨ ᠡᠷᠭᠢᠯᠲᠡ ᠲᠣᠭᠲᠠᠭᠤᠨ ᠪᠠᠢᠨ᠎ᠠ᠃ ᠰᠠᠷ᠎ᠠ ᠪᠦᠷᠢ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭᠴᠡᠭᠡ ᠪᠠ ᠡᠵᠡᠩᠨᠡᠯᠲᠡ᠎ᠶᠢᠨ ᠥᠪᠡᠷ᠎ᠤᠨ ᠥᠷᠲᠡᠭ᠎ᠤᠨ ᠬᠤᠪᠢᠷᠠᠯᠲᠠ᠎ᠶᠢᠨ ᠨᠥᠯᠥᠭᠡ᠎ᠶᠢ ᠭᠥᠷᠳᠡᠵᠦ᠂ ᠪᠠᠭ᠎ᠠ ᠬᠡᠮᠵᠢᠶᠡᠨ᠎ᠤ ᠬᠡᠯᠪᠡᠯᠵᠡᠯ ᠭᠠᠷᠴᠤ᠂ ᠦᠨ᠎ᠡ ᠬᠠᠩᠰᠢ ᠨᠢ ᠴᠥᠮ ᠣᠷᠣᠨ ᠵᠠᠢ᠎ᠳᠤ᠎ᠪᠡᠨ ᠵᠣᠬᠢᠰᠲᠠᠶ ᠠᠵᠢᠯᠯᠠᠵᠤ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ ᠠᠮᠤ ᠪᠤᠳᠠᠭᠠᠨ᠎ᠤ ᠪᠠᠷᠠᠭ᠎ᠠ᠎ᠶᠢᠨ ᠢᠷᠡᠯᠲᠡ ᠭᠦᠢᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭᠲᠠᠭᠤᠨ ᠪᠠᠶ᠋ᠢᠵᠤ᠂ ᠦᠨ᠎ᠡ ᠬᠠᠩᠰᠢ᠎ᠶᠢᠨ ᠬᠠᠷᠢᠴᠠᠯ ᠠᠳᠠᠯᠢ ᠦᠭᠡᠢ᠃ ᠵᠢᠱ᠌ᠢᠯᠲᠡ᠎ᠪᠠᠷ ᠣᠢᠷ᠎ᠠ᠎ᠶᠢᠨ ᠬᠤᠭᠤᠴᠠᠭᠠᠨ᠎ᠳᠤ ᠠᠮᠤ ᠲᠣᠰᠣᠨ᠎ᠤ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭᠲᠠᠭᠤᠨ ᠪᠠᠢᠵᠦ ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠬᠤᠶᠠᠷ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠦᠨ᠎ᠡ᠎ᠶᠢᠨ ᠭᠠᠷᠠᠬᠠᠨ ᠬᠠᠷᠢᠴᠠᠯ ᠨᠢ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠮᠢᠬᠠᠨ᠎ᠤ ᠲᠥᠷᠥᠯ᠎ᠤᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 52 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 0.2%᠎ᠢᠶᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 2.4%᠎ᠪᠠᠷ ᠪᠠᠭᠤᠷᠠᠪᠠ᠃ ᠡᠭᠦᠨ᠎ᠳᠤ ᠭᠠᠬᠠᠢ᠎ᠶᠢᠨ ᠮᠢᠬᠠᠨ᠎ᠤ ᠬᠤᠢᠲᠦ ᠭᠤᠶ᠎ᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 27.04 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 0.6%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 14.4%᠎ᠪᠠᠷ ᠪᠠᠭᠤᠷᠠᠪᠠ ᠃ ᠦᠬᠡᠷ᠎ᠤᠨ ᠮᠢᠬ᠎ᠠ᠂ ᠦᠬᠡᠷ᠎ᠤᠨ ᠭᠤᠶ᠎ᠠ᠎ᠶᠢᠨ ᠮᠢᠬᠠᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 63.13 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 0.8 % ᠪᠠᠷ ᠨᠡᠮᠡᠭᠳᠡᠵᠦ ᠂ ᠠᠳᠠᠯᠢ ᠬᠤᠭᠤᠴᠠᠭᠠᠨ᠎ᠤ᠎ᠬᠢ᠎ᠠᠴᠠ 1.5%᠎ᠪᠡᠷ ᠨᠡᠮᠡᠭᠳᠡᠪᠡ᠃ ᠬᠤᠨᠢᠨ ᠮᠢᠬ᠎ᠠ ᠬᠤᠨᠢᠨ ᠭᠤᠶ᠎ᠠ᠎ᠶᠢᠨ ᠮᠢᠬᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 65.84 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 0.5%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 0.6%᠎ᠪᠡᠷ ᠪᠠᠭᠤᠷᠠᠪᠠ ᠃ ᠵᠢᠭᠦᠷᠲᠡᠨ᠎ᠤ ᠲᠥᠷᠥᠯ᠎ᠤᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 23.71 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 0.4%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 3.9%᠎ᠪᠠᠷ ᠨᠡᠮᠡᠭᠳᠡᠪᠡ ᠃ ᠥᠨᠳᠡᠭᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 8.63 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 3.5% ᠎ᠪᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 26.6%᠎ᠪᠠᠷ ᠪᠠᠭᠤᠷᠠᠪᠠ᠃ 

  ᠪᠦᠬᠦ ᠣᠷᠣᠨ᠎ᠤ ᠮᠢᠬ᠎ᠠ ᠵᠢᠭᠦᠷᠲᠡᠨ ᠥᠨᠳᠡᠭᠡᠨ᠎ᠤ ᠲᠥᠷᠥᠯ᠎ᠤᠨ ᠪᠠᠷᠠᠭ᠎ᠠ᠎ᠶᠢᠨ ᠢᠷᠡᠯᠲᠡ ᠭᠦᠢᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭᠲᠠᠭᠤᠨ ᠪᠠᠶ᠋ᠢᠨ᠎ᠠ᠃ ᠡᠮᠦᠨᠡᠬᠢ ᠬᠤᠭᠤᠴᠠᠭᠠᠨ᠎ᠤ ᠮᠢᠬᠠᠨ᠎ᠤ ᠦᠨ᠎ᠡ ᠬᠠᠷᠢᠴᠠᠩᠭᠤᠶ᠎ᠪᠠᠷ ᠨᠡᠯᠢᠶᠡᠳ ᠳᠣᠤᠷ᠎ᠠ᠂ ᠬᠡᠰᠡᠭ ᠲᠠᠷᠠᠬᠠᠶ ᠲᠡᠵᠢᠭᠡᠵᠦ ᠪᠠᠶ᠋ᠢᠭ᠎ᠠ ᠡᠷᠦᠬᠡ ᠪᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠎ᠶᠢᠨ ᠬᠤᠳᠠᠯᠳᠤᠬᠤ ᠠᠬᠢᠴᠠ ᠤᠳᠠᠭᠠᠰᠢᠷᠠᠭᠰᠠᠨ᠎ᠠᠴᠠ ᠵᠠᠬ᠎ᠠ ᠳᠡᠯᠭᠡᠭᠦᠷ᠎ᠤᠨ ᠬᠠᠩᠭᠠᠯᠭ᠎ᠠ᠎ᠶᠢᠨ ᠴᠢᠳᠠᠪᠤᠷᠢ ᠪᠠᠭᠤᠷᠠᠵᠤ᠂ ᠮᠢᠬᠠᠨ᠎ᠤ ᠲᠥᠷᠥᠯ᠎ᠤᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ᠎ᠢ ᠠᠬᠢᠭᠤᠯᠪᠠ᠃ ᠠᠭᠠᠷ᠎ᠤᠨ ᠳᠤᠯᠠᠭᠠᠨ ᠳᠡᠭᠡᠭᠰᠢᠯᠡᠵᠦ᠂ ᠥᠨᠳᠡᠭᠡᠨ ᠲᠠᠬᠢᠶᠠᠨ᠎ᠤ ᠭᠠᠷᠤᠯᠲᠠ ᠨᠡᠮᠡᠭᠳᠡᠵᠦ᠂ ᠵᠠᠬ᠎ᠠ ᠳᠡᠯᠭᠡᠭᠦᠷ᠎ᠤᠨ ᠬᠠᠩᠭ᠍ᠠᠯᠭ᠎ᠠ᠎ᠶᠢᠨ ᠴᠢᠳᠠᠪᠤᠷᠢ ᠴᠢᠩᠭᠠᠷᠠᠪᠠ᠃ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ ᠬᠠᠰᠤᠭᠳᠠᠵᠤ᠂ ᠡᠵᠡᠩᠨᠡᠯᠲᠡ᠎ᠶᠢᠨ ᠥᠪᠡᠷ᠎ᠤᠨ ᠥᠷᠲᠡᠭ ᠪᠠᠭᠤᠷᠠᠵᠤ ᠪᠠᠶ᠋ᠢᠨ᠎ᠠ᠃ ᠲᠠᠬᠢᠶᠠᠨ ᠥᠨᠳᠡᠭᠡᠨ᠎ᠤ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠠᠷᠠᠭ᠎ᠠ ᠨᠥᠬᠦᠪᠥᠷᠢᠯᠡᠬᠦ ᠣᠪᠣᠷ ᠪᠣᠯᠭᠤᠮᠵᠢᠲᠠᠶ ᠪᠠᠶ᠋ᠢᠵᠤ᠂ ᠪᠠᠷᠠᠭᠠᠨ᠎ᠤ ᠬᠤᠷᠳᠤᠴᠠ ᠤᠳᠠᠭᠠᠨ᠂ ᠥᠨᠳᠡᠭᠡᠨ᠎ᠤ ᠲᠥᠷᠥᠯ᠎ᠤᠨ ᠦᠨ᠎ᠡ ᠬᠠᠩᠰᠢ᠎ᠶᠢᠨ ᠬᠠᠷᠢᠴᠠᠯ ᠪᠠᠭᠤᠷᠠᠬᠤ᠎ᠶᠢ ᠬᠠᠮᠲᠤ᠎ᠪᠠᠷ ᠳᠠᠶ᠋ᠢᠴᠢᠯᠠᠪᠠ᠃ ᠵᠢᠱ᠌ᠢᠯᠲᠡ᠎ᠪᠠᠷ ᠣᠶ᠋ᠢᠷ᠎ᠠ᠎ᠶᠢᠨ ᠬᠤᠭᠤᠴᠠᠭᠠᠨ᠎ᠳᠤ ᠮᠢᠬᠠᠨ᠎ᠤ ᠵᠦᠢᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭᠲᠠᠭᠤᠨ ᠪᠠᠶ᠋ᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠭᠤᠷᠪᠠ᠂ ᠴᠠᠭᠠᠨ ᠢᠳᠡᠭᠡᠨ᠎ᠤ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠪᠠᠭᠤᠷᠠᠪᠠ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠴᠠᠭᠠᠨ ᠢᠳᠡᠭᠡᠨ᠎ᠤ ᠳᠤᠮᠳᠠᠴᠢ ᠦᠨ᠎ᠡ ᠬᠠᠩᠰᠢ᠎ᠨᠢ 103.09 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 0.1% ᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 2.6%᠎ᠪᠠᠷ ᠪᠠᠭᠤᠷᠠᠪᠠ᠃ ᠡᠭᠦᠨ᠎ᠳᠤ ᠬᠡᠪ᠎ᠤᠨ ᠳᠤᠯᠠᠭᠠᠨ ᠰᠦ᠎ᠶᠢᠨ ᠳᠤᠮᠳᠠᠴᠢ ᠦᠨ᠎ᠡ ᠨᠢ ᠯᠢᠲᠷ ᠪᠦᠷᠢ᠎ᠳᠦ᠎ᠪᠡᠨ 10.8 ᠲᠥᠭᠦᠷᠢᠭ ᠪᠠᠶ᠋ᠢᠵᠤ ᠂ ᠭᠠᠷᠠᠬᠠᠨ ᠬᠠᠷᠢᠴᠠᠯ ᠨᠢ 0.4%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 0.1%᠎ᠪᠠᠷ ᠨᠡᠮᠡᠭᠳᠡᠪᠡ; ᠡᠭᠡᠳᠡᠭᠰᠡᠨ ᠰᠦ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 15.07 ᠲᠥᠭᠦᠷᠢᠭ᠎ᠪᠠᠢᠵᠦ᠂ ᠭᠠᠷᠠᠬᠠᠨ ᠬᠠᠷᠢᠴᠠᠯ ᠨᠢ 0.1%᠎ᠪᠠᠷ ᠳᠡᠭᠡᠭᠰᠢᠯᠡᠵᠦ; ᠠᠳᠠᠯᠢ ᠬᠤᠭᠤᠴᠠᠭᠠᠨ᠎ᠤ᠎ᠬᠢ᠎ᠠᠴᠠ 1.3%᠎ᠪᠡᠷ ᠪᠠᠭᠤᠷᠠᠪᠠ; ᠤᠯᠤᠰ᠎ᠤᠨ ᠳᠣᠲᠣᠭᠠᠳᠤ᠎ᠶᠢᠨ ᠨᠢᠯᠬ᠎ᠠ ᠬᠡᠦᠬᠡᠳ᠎ᠤᠨ ᠰᠦᠨ ᠲᠠᠯᠬ᠎ᠠ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 223.6 ᠲᠥᠭᠦᠷᠢᠭ ᠪᠠᠢᠵᠦ ᠂ ᠭᠠᠷᠠᠬᠠᠨ ᠬᠠᠷᠢᠴᠠᠯ ᠨᠢ 0.1%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 3.6%᠎ᠪᠠᠷ ᠪᠠᠭᠤᠷᠠᠪᠠ᠃ 

  ᠴᠠᠭᠠᠨ ᠢᠳᠡᠭᠡᠨ᠎ᠦ ᠪᠠᠷᠠᠭᠠᠨ᠎ᠤ ᠢᠷᠡᠯᠲᠡ ᠭᠦᠢᠴᠡᠳ ᠬᠠᠩᠭᠠᠯᠭ᠎ᠠ ᠬᠡᠷᠡᠭᠴᠡᠭᠡ ᠲᠣᠭᠲᠠᠭᠤᠨ ᠪᠠᠢᠵᠤ᠂ ᠰᠠᠷ᠎ᠠ ᠪᠦᠷᠢ᠎ᠶᠢᠨ ᠦᠨ᠎ᠡ ᠬᠠᠩᠰᠢ ᠨᠢ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ ᠪᠣᠯᠣᠨ ᠡᠵᠡᠩᠨᠡᠯᠲᠡ᠎ᠶᠢᠨ ᠬᠤᠪᠢᠷᠠᠯᠲᠠ᠎ᠶᠢ ᠳᠠᠭᠠᠵᠤ ᠪᠠᠭ᠎ᠠ ᠬᠡᠮᠵᠢᠶ᠎ᠡ᠎ᠪᠡᠷ ᠬᠡᠯᠪᠡᠯᠵᠡᠵᠦ᠂ ᠦᠨ᠎ᠡ ᠬᠠᠩᠰᠢ ᠨᠢ ᠴᠥᠮ ᠣᠷᠣᠨ ᠵᠠᠢ᠎ᠳᠤ ᠵᠦᠢ ᠵᠣᠬᠢᠰᠲᠠᠢ ᠶᠠᠪᠤᠭᠳᠠᠵᠤ ᠪᠠᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠰᠠᠭᠤᠭᠠᠯᠢ ᠠᠷᠠᠳ᠎ᠤᠨ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠠᠷᠠᠭ᠎ᠠ ᠣᠷᠣᠭᠤᠯᠬᠤ ᠤᠷᠮ᠎ᠠ ᠵᠣᠷᠢᠭ᠋ ᠪᠠᠭᠤᠷᠠᠵᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ᠎ᠶᠢᠨ ᠬᠡᠮᠵᠢᠶ᠎ᠡ ᠪᠠᠭᠠᠰᠪᠠ᠂ ᠪᠣᠯᠪᠠᠰᠤᠷᠠᠭᠤᠯᠤᠭᠰᠠᠨ ᠲᠣᠰᠣᠨ᠎ᠤ ᠦᠨ᠎ᠡ ᠬᠠᠩᠰᠢ ᠳᠣᠤᠷ᠎ᠠ ᠪᠠᠶ᠋ᠢᠵᠤ᠂ ᠬᠠᠳᠠᠭᠠᠯᠠᠵᠤ ᠵᠥᠭᠡᠭᠡᠪᠦᠷᠢᠯᠡᠬᠦ ᠥᠪᠡᠷ᠎ᠤᠨ ᠥᠷᠲᠡᠭ ᠪᠠᠭᠠᠰᠴᠤ ᠂ ᠴᠠᠭᠠᠨ ᠢᠳᠡᠭᠡᠨ᠎ᠦ ᠦᠨ᠎ᠡ ᠬᠠᠩᠰᠢ ᠳᠡᠭᠡᠷ᠎ᠡ ᠰᠠᠷ᠎ᠠ᠎ᠶᠢᠨ ᠬᠢ᠎ᠡᠴᠡ ᠪᠠᠭᠤᠷᠠᠬᠤ᠎ᠶᠢ ᠬᠠᠮᠲᠤ᠎ᠪᠠᠷ ᠳᠠᠶ᠋ᠢᠴᠢᠯᠠᠨ᠎ᠠ᠃ ᠵᠢᠱ᠌ᠢᠯᠲᠡ᠎ᠪᠠᠷ ᠣᠶ᠋ᠢᠷ᠎ᠠ᠎ᠶᠢᠨ ᠬᠤᠭᠤᠴᠠᠭᠠᠨ᠎ᠳᠤ ᠴᠠᠭᠠᠨ ᠢᠳᠡᠭᠡᠨ᠎ᠤ ᠵᠠᠬ᠎ᠠ ᠳᠡᠯᠭᠡᠭᠦᠷ ᠲᠣᠭᠲᠠᠭᠤᠨ ᠠᠵᠢᠯᠯᠠᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠳᠦᠷᠪᠡ ᠂ ᠢᠳᠡᠰᠢᠨ ᠨᠣᠭᠤᠭ᠎ᠠ᠎ᠶᠢᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠢᠳᠡᠰᠢᠨ ᠨᠣᠭᠤᠭ᠎ᠠ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 6.52 ᠲᠥᠭᠦᠷᠢᠭ ᠪᠠᠢᠵᠦ᠂ ᠭᠠᠷᠠᠬᠠᠨ ᠬᠠᠷᠢᠴᠠᠯ ᠨᠢ 4.2%᠎ᠢᠶᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 19.4%᠎ᠪᠠᠷ ᠪᠠᠭᠤᠷᠠᠪᠠ᠃ ᠰᠢᠰᠲᠧᠮ᠎ᠲᠠᠢ ᠬᠢᠨᠠᠨ ᠬᠡᠮᠵᠢᠭᠰᠡᠨ ᠢᠳᠡᠰᠢᠨ ᠨᠣᠭᠤᠭ᠎ᠠ᠎ᠶᠢᠨ 30 ᠦᠯᠢᠭᠡᠷ ᠳᠣᠲᠣᠷ᠎ᠠ᠂ 8 ᠵᠦᠢᠯ᠎ᠤᠨ ᠢᠳᠡᠰᠢᠨ ᠨᠣᠭᠤᠭ᠎ᠠ᠎ᠶᠢᠨ ᠦᠯᠢᠭᠡᠷ ᠬᠡᠪ᠎ᠤᠨ ᠦᠨ᠎ᠡ᠎ᠶᠢᠨ ᠭᠠᠷᠠᠬᠠᠨ ᠬᠠᠷᠢᠴᠠᠯ ᠨᠢ ᠪᠠᠭᠤᠷᠠᠵᠤ ᠂ 26.7%᠎ᠶᠢ ᠡᠵᠡᠯᠡᠪᠡ ; 22 ᠵᠦᠢᠯ᠎ᠤᠨ ᠢᠳᠡᠰᠢᠨ ᠨᠣᠭᠤᠭ᠎ᠠ᠎ᠶᠢᠨ ᠦᠯᠢᠭᠡᠷ ᠶᠠᠩᠵᠤ᠎ᠶᠢᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠨᠡᠮᠡᠭᠳᠡᠵᠦ᠂ 73.3%᠎ᠶᠢ ᠡᠵᠡᠯᠡᠪᠡ᠃ ᠡᠭᠦᠨ᠎ᠳᠦ ᠪᠠᠭᠤᠷᠠᠯᠲᠠ᠎ᠶᠢᠨ ᠬᠡᠮᠵᠢᠶ᠎ᠡ᠎ᠪᠡᠷ ᠬᠠᠮᠤᠭ᠎ᠤᠨ ᠶᠡᠬᠡ 3 ᠲᠥᠷᠥᠯ ᠵᠦᠢᠯ ᠨᠢ ᠄ ᠰᠢᠬᠤᠯᠤ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 4.9 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 16.9%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 21.4%᠎ᠪᠠᠷ  ᠨᠡᠮᠡᠭᠳᠡᠪᠡ ; ᠲᠦᠪᠡᠳ ᠬᠠᠰᠢ᠎ᠶᠢᠨ  ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 4.71 ᠲᠥᠭᠦᠷᠢᠭ ᠪᠠᠢᠵᠦ ᠂ ᠭᠠᠷᠠᠬᠠᠨ ᠬᠠᠷᠢᠴᠠᠯ᠎ᠨᠢ 19.2 %᠎ᠢᠶᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 21.4%᠎ᠪᠠᠷ ᠪᠠᠭᠤᠷᠠᠪᠠ; ᠬᠤᠸᠠᠩᠭᠤᠸᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 5.66 ᠲᠥᠭᠦᠷᠢᠭ ᠪᠠᠢᠵᠦ᠂ ᠭᠠᠷᠠᠬᠠᠨ ᠬᠠᠷᠢᠴᠠᠯ᠎ᠨᠢ 23.0 % ᠎ᠢᠶᠡᠷ ᠪᠠᠭᠤᠷᠠᠵᠤ ; ᠠᠳᠠᠯᠢ ᠬᠤᠭᠤᠴᠠᠭᠠᠨ᠎ᠤ᠎ᠬᠢ᠎ᠠᠴᠠ 13.4%᠎ᠪᠠᠷ ᠨᠡᠮᠡᠭᠳᠡᠪᠡ᠃ 

  ᠢᠳᠡᠰᠢᠨ ᠨᠣᠭᠣᠭ᠎ᠠ᠎ᠨᠢ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠭᠣᠤᠯ ᠪᠣᠯᠬᠤ ᠬᠡᠷᠡᠭᠴᠡᠭᠡᠨ᠎ᠤ ᠵᠦᠢᠯ ᠪᠣᠯᠤᠭᠰᠠᠨ᠎ᠤ ᠬᠤᠪᠢ᠎ᠳᠤ᠂ ᠠᠭᠤᠷ ᠠᠮᠢᠰᠬᠤᠯ᠂ ᠭᠠᠷᠤᠯᠲᠠ᠎ᠶᠢᠨ ᠬᠡᠮᠵᠢᠶ᠎ᠡ ᠪᠣᠯᠤᠨ ᠲᠡᠭᠡᠭᠡᠪᠦᠷᠢ᠎ᠶᠢᠨ ᠥᠪᠡᠷ᠎ᠤᠨ ᠥᠷᠲᠡᠭ ᠵᠡᠷᠭᠡ ᠬᠦᠴᠦᠨ ᠵᠦᠢᠯ᠎ᠤᠨ ᠨᠥᠯᠥᠭᠡᠯᠡᠯ᠎ᠢᠶᠠᠷ ᠦᠨ᠎ᠡ ᠬᠠᠩᠰᠢ ᠶᠡᠷᠦ᠎ᠨᠢ ᠲᠠᠰᠤᠷᠠᠯᠲᠠ ᠤᠢ᠍ᠭᠡᠢ ᠬᠤᠪᠢᠷᠠᠵᠤ ᠪᠠᠶ᠋ᠢᠨ᠎ᠠ᠃ ᠬᠢᠨᠠᠨ ᠬᠡᠮᠵᠢᠬᠦ᠌ ᠰᠠᠷ᠎ᠠ᠎ᠳᠤ᠂ ᠬᠡᠰᠡᠭ ᠭᠠᠵᠠᠷ ᠣᠷᠣᠨ᠎ᠳᠤ ᠪᠣᠷᠣᠭᠠᠨ ᠶᠡᠬᠡᠲᠡᠶ ᠪᠣᠯᠬᠣᠷ᠂ ᠢᠳᠡᠱᠢᠨ ᠨᠣᠭᠣᠭ᠎ᠠ᠎ᠶ᠋ᠢᠨ ᠥᠰᠥᠯᠲᠡ ᠵᠣᠬᠢᠬᠤ ᠬᠡᠮᠵᠢᠶ᠎ᠡ᠎ᠪᠡᠷ ᠬᠣᠷᠢᠭ᠍ᠯᠠᠭ᠍ᠳᠠᠵᠤ᠂ ᠭᠠᠷᠤᠯᠲᠠ ᠨᠢ ᠪᠠᠭᠠᠰᠴᠤ᠌᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢᠨ ᠴᠢᠳᠠᠪᠤᠷᠢ ᠨᠢ ᠳᠣᠷᠣᠭ᠍ᠰᠢᠯᠠᠪᠠ᠃ ᠪᠣᠷᠣᠭᠠᠨ ᠣᠷᠣᠭᠤᠯᠬᠤ᠎ᠶ᠋ᠢᠨ ᠬᠠᠮᠲᠤ ᠲᠡᠭᠦᠬᠦ᠌᠎ᠳᠤ ᠵᠣᠬᠢᠬᠤ ᠬᠡᠮᠵᠢᠶᠡᠨ᠎ᠤ ᠬᠦᠴᠢᠷᠳᠡᠯ ᠨᠡᠮᠡᠭ᠌ᠳᠡᠭᠦᠯᠵᠦ᠍᠂ ᠦᠢᠯᠡᠳᠪᠦᠷᠢᠯᠡᠯ᠎ᠤᠨ ᠥᠪᠡᠷ᠎ᠤᠨ ᠥᠷᠲᠡᠭ ᠥᠨᠳᠥᠷ ᠪᠣᠯᠵᠤ᠂ ᠪᠠᠷᠠᠭ᠎ᠠ ᠬᠠᠩᠭᠠᠬᠤ ᠲᠤᠭ᠎ᠠ ᠬᠡᠮᠵᠢᠶ᠎ᠡ ᠴᠢᠩᠭ᠎ᠠ ᠪᠠᠢᠨ᠎ᠠ᠃ ᠵᠠᠮ ᠰᠠᠭᠠᠳ ᠦᠭᠡᠢ ᠲᠡᠭᠡᠭᠡᠪᠦᠷᠢ ᠬᠠᠷᠱᠢᠯᠠᠭ᠍ᠳᠠᠨ᠂ ᠬᠠᠳᠠᠭᠠᠯᠠᠵᠤ ᠵᠥᠭᠡᠭᠡᠪᠦᠷᠢᠯᠡᠬᠦ᠌ ᠥᠪᠡᠷ᠎ᠤᠨ ᠦᠷᠳᠡᠭ ᠨᠡᠮᠡᠭ᠌ᠳᠡᠵᠦ᠍᠂ ᠡᠵᠡᠩᠨᠡᠯᠲᠡ᠎ᠶ᠋ᠢᠨ ᠥᠪᠡᠷ᠎ᠤᠨ ᠦᠷᠳᠡᠭ ᠳᠡᠭᠡᠭ᠌ᠰᠢᠯᠡᠨ᠂ ᠢᠳᠡᠱᠢᠨ ᠨᠣᠭᠤᠭ᠎ᠠ᠎ᠶ᠋ᠢᠨ ᠦᠨ᠎ᠡ ᠵᠡᠷᠭᠡᠪᠡᠷ ᠥᠰᠭᠦ᠎ᠶ᠋ᠢ ᠬᠠᠮᠲᠤᠪᠠᠷ ᠠᠬᠢᠭᠤᠯᠤᠨ᠎ᠠ᠃ ᠵᠢᠱ᠌ᠢᠯᠲᠡ᠎ᠪᠠᠷ ᠣᠶ᠋ᠢᠷ᠎ᠠ᠎ᠶᠢᠨ ᠬᠤᠭᠤᠴᠠᠭᠠᠨ᠎ᠳᠤ ᠢᠳᠡᠰᠢᠨ ᠨᠣᠭᠤᠭ᠎ᠠ᠎ᠶᠢᠨ ᠵᠠᠬ᠎ᠠ ᠳᠡᠯᠭᠡᠭᠦᠷ᠎ᠤᠨ ᠪᠠᠷᠠᠭ᠎ᠠ᠎ᠶᠢᠨ ᠢᠷᠡᠯᠲᠡ ᠭᠦᠢᠴᠡᠳ ᠪᠠᠢᠵᠦ᠂ ᠦᠨ᠎ᠡ ᠬᠠᠩᠰᠢ᠎ᠶᠢᠨ ᠥᠰᠦᠯᠲᠡ ᠪᠠᠭᠤᠷᠠᠯᠲᠠ ᠬᠠᠷᠢᠯᠴᠠᠨ ᠢᠯᠡᠷᠡᠵᠦ ᠶᠠᠪᠤᠭᠳᠠᠨ᠎ᠠ᠃

  ᠲᠠᠪᠤ᠂ ᠵᠢᠮᠢᠰ᠎ᠤᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠪᠠᠭᠤᠷᠠᠪᠠ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠵᠢᠮᠢᠰ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 9.43 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ ᠨᠢ 4.5%᠎ᠪᠠᠷ ᠪᠠᠭᠤᠷᠠᠵᠦ᠂ ᠠᠳᠠᠯᠢ ᠬᠤᠭᠤᠴᠠᠭᠠᠨ᠎ᠤ᠎ᠬᠢ᠎ᠠᠴᠠ 4.2%᠎ᠢᠶᠡᠷ ᠨᠡᠮᠡᠭᠳᠡᠪᠡ᠃ ᠡᠭᠦᠨ᠎ᠳᠤ ᠠᠯᠮᠤᠷᠠᠳ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ ᠪᠡᠨ 13.34 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 1.5%᠎ᠪᠡᠷ  ᠪᠠᠭᠤᠷᠠᠵᠦ᠂ ᠠᠳᠠᠯᠢ ᠬᠤᠭᠤᠴᠠᠭᠠᠨ᠎ᠤ᠎ᠬᠢ᠎ᠠᠴᠠ 4.5% ᠪᠠᠷ ᠨᠡᠮᠡᠭᠳᠡᠪᠡ ; ᠪᠠᠨᠠᠨᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 7.56 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 4.2% ᠢ᠋ᠶ᠋ᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 19.1% ᠪᠠᠷ ᠪᠠᠭᠤᠷᠠᠪᠠ ; ᠦᠵᠦᠮ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ ᠪᠡᠨ 14 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 7.5%᠎ᠪᠡᠷ ᠪᠠᠭᠤᠷᠠᠵᠦ ᠂ ᠠᠳᠠᠯᠢ ᠬᠤᠭᠤᠴᠠᠭᠠᠨ᠎ᠤ᠎ᠬᠢ᠎ᠠᠴᠠ 7.7% ᠪᠠᠷ ᠪᠠᠭᠤᠷᠠᠪᠠ᠃ 

  ᠵᠢᠮᠢᠰ᠎ᠨᠢ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠭᠤᠤᠯ ᠢᠳᠡᠭᠡᠨ᠎ᠤ ᠨᠢᠭᠡ ᠪᠣᠯᠤᠭ᠍ᠰᠠᠨ᠎ᠤ ᠬᠤᠪᠢ᠎ᠳᠤ᠂ ᠤᠯᠠᠷᠢᠯ᠎ᠤᠨ ᠠᠭᠤᠷ ᠠᠮᠢᠰᠭᠤᠯ ᠪᠠ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠬᠤᠪᠢᠷᠠᠯᠲᠠ᠎ᠶ᠋ᠢᠨ ᠨᠥᠯᠥᠭᠡ᠎ᠪᠠᠷ ᠬᠡᠯᠪᠡᠯᠵᠡᠯ ᠨᠡᠯᠢᠶᠡᠳ ᠢᠯᠡᠷᠬᠡᠶ ᠪᠠᠢᠨ᠎ᠠ᠃ ᠬᠢᠨᠠᠨ ᠬᠡᠮᠵᠢᠬᠦ᠌ ᠰᠠᠷ᠎ᠠ᠎ᠳᠤ ᠵᠢᠮᠢᠰ᠎ᠤᠨ ᠭᠠᠷᠤᠯᠲᠠ᠎ᠶ᠋ᠢᠨ ᠭᠠᠵᠠᠷ ᠨᠡᠮᠡᠭ᠌ᠳᠡᠵᠦ᠍᠂ ᠲᠤᠬᠠᠶ᠎ᠶ᠋ᠢᠨ ᠭᠠᠵᠠᠷ᠎ᠤᠨ ᠱᠢᠨ᠎ᠡ ᠪᠦᠲᠦᠭᠡᠭ᠌ᠳᠡᠬᠦᠨ ᠲᠠᠰᠤᠷᠠᠯᠲᠠ ᠦᠭᠡᠢ ᠵᠠᠬ᠎ᠠ ᠳᠡᠯᠭᠡᠭᠦᠷ᠎ᠲᠤ ᠭᠠᠷᠴᠤ᠌᠂ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢᠨ ᠴᠢᠳᠠᠪᠤᠷᠢ ᠴᠢᠩᠭᠠᠷᠠᠪᠠ᠃ ᠭᠠᠳᠠᠷ ᠣᠷᠣᠨ᠎ᠤ ᠱᠢᠯᠵᠢᠭᠦᠯᠦᠨ ᠲᠡᠭᠡᠭᠡᠪᠦᠷᠢᠯᠡᠬᠦ᠌ ᠲᠤᠭ᠎ᠠ ᠬᠡᠮᠵᠢᠶ᠎ᠡ ᠪᠠᠭᠠᠰᠴᠤ᠌᠂ ᠬᠠᠳᠠᠭᠠᠯᠠᠵᠤ ᠵᠥᠭᠡᠭᠡᠪᠦᠷᠢᠯᠡᠬᠦ᠌ ᠥᠪᠡᠷ᠎ᠤᠨ ᠥᠷᠲᠡᠭ ᠳᠣᠤᠷ᠎ᠠ ᠪᠠᠢᠵᠤ᠂ ᠵᠢᠮᠢᠰ᠎ᠤᠨ ᠦᠨ᠎ᠡ ᠬᠠᠩᠰᠢ᠎ᠶ᠋ᠢ ᠬᠠᠮᠲᠤ᠎ᠪᠠᠷ ᠳᠠᠢᠴᠢᠯᠠᠵᠤ ᠪᠠᠢᠨ᠎ᠠ᠃ ᠵᠢᠱ᠌ᠢᠯᠲᠡ᠎ᠪᠠᠷ ᠵᠢᠮᠢᠰ᠎ᠤᠨ ᠵᠠᠬ᠎ᠠ ᠳᠡᠯᠭᠡᠭᠦᠷ᠎ᠤᠨ ᠡᠷᠭᠢᠯᠲᠡ ᠦᠨ᠎ᠡ ᠲᠣᠭᠲᠠᠭᠤᠨ ᠶᠠᠪᠤᠭᠳᠠᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ ᠃

  ᠵᠢᠷᠭᠤᠭ᠎ᠠ᠂ ᠤᠰᠤᠨ ᠭᠠᠷᠤᠯᠲᠠ᠎ᠶᠢᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠲᠡᠩᠴᠡᠭᠦᠷᠢᠰᠢᠪᠡ 

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠤᠰᠤᠨ ᠭᠠᠷᠤᠯᠲᠠ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 28.97 ᠲᠥᠭᠦᠷᠢᠭ ᠪᠠᠢᠵᠦ᠂ ᠭᠠᠷᠠᠬᠠᠨ ᠬᠠᠷᠢᠴᠠᠯ ᠨᠢ ᠲᠡᠩᠴᠡᠭᠦᠷᠢᠰᠢᠵᠦ᠂ ᠠᠳᠠᠯᠢ ᠬᠤᠭᠤᠴᠠᠭᠠᠨ᠎ᠤ᠎ᠬᠢ᠎ᠠᠴᠠ 2.9%᠎ᠪᠡᠷ ᠪᠠᠭᠤᠷᠠᠪᠠ᠃ ᠡᠭᠦᠨ᠎ᠳᠤ ᠮᠥᠷᠭᠦ ᠵᠢᠭᠠᠰᠤᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 18.58 ᠲᠥᠭᠦᠷᠢᠭ᠎ᠪᠠᠢᠵᠦ᠂ ᠭᠠᠷᠠᠬᠠᠨ ᠬᠠᠷᠢᠴᠠᠯ ᠨᠢ 3.1%᠎ᠪᠠᠷ ᠪᠠᠭᠤᠷᠠᠵᠤ; ᠠᠳᠠᠯᠢ ᠬᠤᠭᠤᠴᠠᠭᠠᠨ᠎ᠤ᠎ᠬᠢ᠎ᠠᠴᠠ 2.2%᠎ᠢᠶᠠᠷ ᠪᠠᠭᠤᠷᠠᠪᠠ; ᠠᠯᠠᠭᠠᠨ᠎ᠠ ᠰᠣᠭᠤᠰᠤ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 17.59 ᠲᠥᠭᠦᠷᠢᠭ ᠪᠠᠢᠵᠦ᠂ ᠭᠠᠷᠠᠬᠠᠨ ᠬᠠᠷᠢᠴᠠᠯ ᠨᠢ 0.3%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 14.1%᠎ᠪᠠᠷ ᠪᠠᠭᠤᠷᠠᠪᠠ; ᠠᠮᠤᠷ ᠵᠢᠭᠠᠰᠤᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 20.87 ᠲᠥᠭᠦᠷᠢᠭ ᠪᠠᠢᠵᠦ᠂ ᠭᠠᠷᠠᠬᠠᠨ ᠬᠠᠷᠢᠴᠠᠯ ᠨᠢ 2.1%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 0.2%᠎ᠢᠶᠠᠷ  ᠪᠠᠭᠤᠷᠠᠵᠦ᠂ ᠠᠳᠠᠯᠢ ᠬᠤᠭᠤᠴᠠᠭᠠᠨ᠎ᠤ᠎ᠬᠢ᠎ᠠᠴᠠ 4.6%᠎ᠪᠠᠷ ᠨᠡᠮᠡᠭᠳᠡᠪᠡ᠃

   ᠤᠰᠤᠨ ᠭᠠᠷᠤᠯᠲᠠ᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠥᠷᠥᠯ᠎ᠤᠨ ᠲᠠᠸᠠᠷ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠬᠤᠳᠠᠯᠳᠤᠭᠠᠴᠢᠨ᠎ᠤ ᠨᠥᠭᠡᠴᠡ ᠭᠦᠢᠴᠡᠳ ᠪᠠᠢᠵᠤ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭ᠍ᠲᠠᠭᠤᠨ ᠪᠠᠢᠨ᠎ᠠ᠃ ᠰᠠᠷ᠎ᠠ ᠪᠦᠷᠢ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ ᠪᠠ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠬᠤᠪᠢᠷᠠᠯᠲᠠ᠎ᠶ᠋ᠢᠨ ᠨᠥᠯᠥᠭᠡ᠎ᠶ᠋ᠢ ᠭᠥᠷᠳᠡᠵᠦ᠍᠂ ᠪᠠᠭ᠎ᠠ ᠬᠡᠮᠵᠢᠶᠡᠨ᠎ᠤ ᠬᠡᠯᠪᠡᠯᠵᠡᠯ ᠭᠠᠷᠴᠤ᠌᠂ ᠦᠨ᠎ᠡ ᠬᠠᠩᠰᠢ ᠴᠥᠮ ᠣᠷᠣᠨ ᠵᠠᠢ᠎ᠳᠤ ᠵᠣᠬᠢᠰᠲᠠᠶ ᠠᠵᠢᠯᠯᠠᠵᠤ ᠪᠠᠢᠨ᠎ᠠ᠃ ᠬᠢᠨᠠᠨ ᠬᠡᠮᠵᠢᠯᠲᠡ᠎ᠶ᠋ᠢᠨ ᠰᠠᠷ᠎ᠠ᠎ᠳᠤ ᠤᠰᠤᠨ ᠭᠠᠷᠤᠯᠲᠠ᠎ᠶ᠋ᠢᠨ ᠡᠬᠢ ᠰᠤᠷᠪᠤᠯᠵᠢ ᠭᠦᠢᠴᠡᠳ ᠪᠠᠢᠵᠤ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭ᠍ᠲᠠᠭᠤᠨ ᠪᠠᠢᠵᠤ᠂ ᠦᠨ᠎ᠡ ᠬᠠᠩᠰᠢ᠎ᠶ᠋ᠢᠨ ᠠᠳᠠᠯᠢᠳᠭᠠᠯ᠎ᠨᠢ ᠠᠳᠠᠯᠢ ᠪᠠᠢᠳᠠᠭ᠃ ᠵᠢᠱ᠌ᠢᠯᠲᠡ᠎ᠪᠡᠷ ᠣᠢᠷ᠎ᠠ᠎ᠶᠢᠨ ᠬᠤᠭᠤᠴᠠᠭᠠᠨ᠎ᠳ᠋ᠤ ᠤᠰᠤᠨ ᠭᠠᠷᠤᠯᠲᠠ᠎ᠶᠢᠨ ᠪᠦᠲᠦᠭᠡᠭ᠌ᠳᠡᠬᠦᠨ᠎ᠦ᠌ ᠵᠠᠬ᠎ᠠ ᠳᠡᠯᠭᠡᠭᠦᠷ᠎ᠦ᠋ᠨ ᠡᠷᠭᠢᠯᠲᠡ᠎ᠶᠢᠨ ᠦᠨ᠎ᠡ ᠲᠣᠭ᠍ᠲᠠᠭᠤᠨ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ ᠃

  ᠲᠤᠯᠤᠭ᠎ᠠ᠂ ᠠᠮᠳᠠ ᠤᠷᠤᠭᠤᠯᠬᠤ ᠡᠳ᠋ ᠪᠠ ᠤᠤᠭᠤᠬᠤ ᠤᠰᠤᠨ᠎ᠤ ᠦᠨ᠎ᠠ ᠬᠠᠨᠭ᠌ᠰᠢ᠎ᠶᠢᠨ ᠭᠠᠷᠠᠬᠠᠨ ᠬᠠᠷᠢᠴᠠᠯ ᠨᠢ ᠠᠳᠠᠯᠢ ᠬᠤᠭᠤᠴᠠᠭᠠᠨ᠎ᠤ ᠬᠢ᠎ᠡᠴᠡ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 9 ᠳ᠋ᠦ᠍ᠭᠡᠷ ᠰᠠᠷ᠎ᠠ᠎ᠳᠤ ᠠᠮᠲᠠ ᠣᠷᠣᠭᠤᠯᠬᠤ ᠡᠳ᠋᠎ᠤᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 7.29 ᠲᠥᠭᠦᠷᠢᠭ᠎ᠪᠠᠢᠵᠦ᠂ ᠭᠠᠷᠠᠬᠠᠨ ᠬᠠᠷᠢᠴᠠᠯ᠎ᠨᠢ 0.1%᠎ᠪᠠᠷ ᠨᠡᠮᠡᠭᠳᠡᠵᠦ ; ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭᠠᠨ᠎ᠤ᠎ᠬᠢ ᠲᠠᠢ ᠲᠡᠩᠴᠡᠭᠦᠷᠢᠰᠢᠵᠠᠢ᠃ ᠡᠭᠦᠨ᠎ᠳᠤ ᠢᠳᠡᠰᠢᠨ ᠳᠠᠪᠤᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 4.88 ᠲᠥᠭᠦᠷᠢᠭ ᠪᠠᠢᠵᠦ ᠂ ᠭᠠᠷᠠᠬᠠᠨ ᠬᠠᠷᠢᠴᠠᠯ᠎ᠨᠢ 0.2%᠎ᠢᠶᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 0.2%᠎ᠢᠶᠠᠷ ᠨᠡᠮᠡᠭᠳᠡᠪᠡ ; ᠰᠢᠬᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 9.69 ᠲᠥᠭᠦᠷᠢᠭ ᠪᠠᠢᠵᠦ ᠂ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭᠠᠨ᠎ᠤ᠎ᠬᠢ ᠲᠠᠢ ᠲᠡᠩᠴᠡᠭᠦᠷᠢᠰᠢᠵᠠᠢ᠂ ᠠᠳᠠᠯᠢ ᠬᠤᠭᠤᠴᠠᠭᠠᠨ᠎ᠤ᠎ᠬᠢ᠎ᠠᠴᠠ 0.1%᠎ᠪᠡᠷ ᠪᠠᠭᠤᠷᠠᠪᠠ; ᠤᠤᠭᠤᠬᠤ ᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠦ᠎ᠪᠡᠨ 2.42 ᠲᠥᠭᠦᠷᠢᠭ ᠪᠠᠢᠵᠦ᠂ ᠭᠠᠷᠠᠬᠠᠨ ᠬᠠᠷᠢᠴᠠᠯ ᠨᠢ 0.8%᠎ᠪᠡᠷ ᠨᠡᠮᠡᠭᠳᠡᠵᠦ; ᠠᠳᠠᠯᠢ ᠬᠤᠭᠤᠴᠠᠭᠠᠨ᠎ᠤ᠎ᠬᠢ᠎ᠠᠴᠠ 4.4%᠎ᠪᠡᠷ ᠨᠡᠮᠡᠭᠳᠡᠪᠡ᠃ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠬᠠᠩᠭᠠᠯᠭ᠎ᠠ᠎ᠨᠢ ᠲᠣᠭᠲᠠᠭᠤᠨ ᠪᠠᠢᠵᠦ᠂ ᠡᠵᠡᠩᠨᠡᠨ ᠪᠣᠷᠣᠯᠠᠭᠤᠯᠬᠤ ᠬᠤᠳᠠᠯᠳᠤᠭ᠎ᠠ ᠪᠠᠷᠠᠭ᠎ᠠ᠎ᠶᠢᠨ ᠢᠷᠡᠯᠲᠡ ᠭᠦᠢᠴᠡᠳ ᠪᠠᠢᠨ᠎ᠠ᠃ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ ᠪᠠ ᠡᠵᠡᠩᠨᠡᠯᠲᠡ᠎ᠶᠢᠨ ᠥᠪᠡᠷ᠎ᠦᠨ ᠥᠷᠲᠡᠭ᠎ᠦᠨ ᠨᠥᠯᠥᠭᠡ᠎ᠡᠴᠡ ᠪᠣᠯᠵᠤ᠂ ᠦᠨ᠎ᠡ ᠬᠠᠩᠰᠢ ᠨᠢ ᠨᠠᠭ᠋ᠠᠰᠢ ᠴᠠᠭ᠋ᠠᠰᠢ ᠪᠠᠭ᠎ᠠ ᠬᠡᠮᠵᠢᠶ᠎ᠡ᠎ᠪᠡᠷ ᠬᠡᠯᠪᠡᠯᠵᠡᠵᠦ᠂ ᠥᠰᠦᠯᠲᠡ ᠪᠠᠭᠤᠷᠠᠯᠲᠠ᠎ᠶᠢᠨ ᠬᠡᠮᠵᠢᠶ᠎ᠡ ᠨᠢ ᠴᠥᠮ ᠬᠡᠪ᠎ᠦᠨ ᠬᠡᠪᠴᠢᠶᠡᠨ᠎ᠳᠦ ᠪᠠᠢᠨ᠎ᠠ ᠃ 

( ᠲᠣᠳᠣᠷᠬᠠᠶ᠋ᠢᠯᠠᠬᠤ᠎ᠨᠢ ᠄ ᠳᠡᠭᠡᠷᠡᠬᠢ ᠦᠨ᠎ᠡ ᠬᠠᠩᠰᠢ᠎ᠨᠢ ᠴᠥᠮ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ )

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            