ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠵᠠᠬ᠎ᠠ ᠳᠡᠯᠭᠡᠭᠦᠷ᠎ᠦᠨ ᠠᠵᠢᠯᠯᠠᠭᠠᠨ ᠎ᠤ ᠵᠠᠳᠠᠯᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 4 ᠳ᠋ᠦ᠍ᠭᠡᠷ ᠰᠠᠷ᠎ᠠ ᠵᠢᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠲᠣᠪᠴᠢ ᠵᠠᠳᠠᠯᠤᠯᠲᠠ
ᠨᠡᠶ᠋ᠢᠲᠡᠯᠡᠭᠰᠡᠨ ᠴᠠᠭ᠄ 2025-05-13

      ᠵᠣᠬᠢᠶᠠᠭᠴᠢ᠄ ᠵᠠᠬ᠎ᠠ ᠳᠡᠯᠭᠡᠭᠦᠷ᠎ᠤᠨ ᠠᠵᠢᠯᠯᠠᠭ᠋ᠠᠨ ᠪᠠ ᠬᠡᠷᠡᠭᠯᠡᠭᠡ ᠵᠢ ᠠᠬᠢᠭᠤᠯᠬᠤ ᠭᠠᠵᠠᠷ

   ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠰᠢᠰᠲ᠋ᠧᠮ᠎ᠤᠨ ᠲᠤᠭ᠎ᠠ ᠪᠠᠷᠢᠮᠲᠠ᠎ᠠᠴᠠ ᠦᠵᠡᠪᠡᠯ᠂ 2025 ᠣᠨ᠎ᠤ 4 ᠳ᠋ᠦ᠍ᠭᠡᠷ ᠰᠠᠷ᠎ᠠ᠎ᠳᠤ ᠪᠥᠬᠦ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠪᠠᠷᠠᠭ᠋ᠠᠨ᠎ᠤ ᠢᠷᠡᠯᠲᠡ ᠭᠦᠢ᠍ᠴᠡᠳ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠦᠨ᠎ᠡ ᠬᠠᠩᠰᠢ ᠵᠢ ᠲᠦᠷᠦᠭᠦᠦ ᠨᠢᠭᠡ ᠰᠠᠷ᠎ᠠ ᠵᠢᠨ᠎ᠬᠢ᠎ᠲᠠᠢ ᠬᠠᠷᠢᠴᠠᠭᠤᠯᠪᠠᠯ (ᠳᠣᠷᠣᠭᠰᠢ ᠭᠠᠷᠠᠬᠠᠨ ᠬᠠᠷᠢᠴᠠᠯ) ᠪᠠᠭᠤᠷᠠᠭᠰᠠᠨ᠎ᠨᠢ ᠢᠯᠡᠭᠦᠦ ᠦᠰᠦᠭᠰᠡᠨ᠎ᠨᠢ ᠪᠠᠭ᠎ᠠ ᠪᠤᠯᠤᠨ᠎ᠠ᠃ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠤᠨ ᠬᠢᠨᠠᠨ ᠬᠡᠮᠵᠢᠭᠰᠡᠨ 11 ᠲᠣᠮᠣ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠨ ᠭᠠᠷᠠᠬᠠᠨ ᠬᠠᠷᠢᠴᠠᠯ᠎ᠨᠢ 4᠎ᠪᠠᠷ ᠥᠰᠴᠦ 5᠎ᠪᠠᠷ ᠪᠠᠭᠤᠷᠠᠵᠤ 2᠎ᠨᠢ ᠬᠡᠪ᠎ᠤᠨ ᠪᠠᠢ᠌ᠳᠠᠯ ᠵᠶ᠋ᠠᠷ ᠶᠠᠪᠤᠭᠳᠠᠵᠤ ᠪᠤᠢ᠃ ᠡᠭᠦᠨ᠎ᠳᠤ ᠢᠳᠡᠰᠢᠨ ᠲᠣᠰᠣ᠂ ᠮᠢᠬᠠᠨ᠎ᠤ ᠵᠦᠢ᠍ᠯ᠂ ᠵᠢᠮᠢᠰ ᠪᠠ ᠤᠤᠭᠤᠬᠤ ᠤᠰᠤᠨ᠎ᠤ ᠰᠤᠯᠠ᠎ᠪᠠᠷ ᠬᠤᠳᠠᠯᠳᠤᠬᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠥᠰᠴᠡᠶ; ᠵᠢᠭᠦᠷᠲᠡᠨ᠎ᠤ ᠲᠥᠷᠥᠯ᠂ ᠥᠨᠳᠡᠭᠡᠨ᠎ᠤ ᠲᠥᠷᠥᠯ᠂ ᠴᠠᠭ᠋ᠠᠨ ᠢᠳᠡᠭᠡᠨ᠂ ᠤᠰᠤᠨ ᠭᠠᠷᠤᠯᠲᠠ ᠪᠠ ᠢᠳᠡᠰᠢᠨ ᠨᠣᠭᠤᠭ᠎ᠠ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠪᠠᠭᠤᠷᠠᠵᠤ; ᠠᠮᠤ ᠪᠤᠳᠠᠭ᠎ᠠ ᠪᠠ ᠠᠮᠲᠠ ᠣᠷᠣᠭᠤᠯᠬᠤ ᠡᠳ᠋᠎ᠤᠨ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠃ ᠪᠣᠳᠠᠲᠠᠶ ᠪᠠᠶ᠋ᠢᠳᠠᠯ᠎ᠤᠨ ᠵᠠᠳᠠᠯᠤᠯᠲᠠ᠎ᠨᠢ ᠳᠣᠤᠷᠠᠬᠢ ᠮᠡᠲᠦ᠄

   ᠨᠢᠭᠡ᠂ ᠠᠮᠤ ᠪᠤᠳᠠᠭ᠎ᠠ ᠪᠣᠯᠣᠨ ᠢᠳᠡᠭᠡᠨ᠎ᠤ ᠲᠣᠰᠣᠨ᠎ᠤ ᠦᠨ᠎ᠡ ᠵᠢᠨ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠥᠰᠴᠦ ᠪᠠᠭᠤᠷᠠᠬᠤ ᠪᠠᠢ᠌ᠳᠠᠯ ᠬᠠᠷᠢᠯᠴᠠᠨ ᠢᠯᠡᠷᠡᠪᠡ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠠᠮᠤ ᠪᠤᠳᠠᠭ᠋ᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 5.72 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ (ᠳᠣᠷᠣᠭᠰᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠪᠴᠢᠯᠠᠨ᠎ᠠ) 1.7%᠎ᠪᠠᠷ ᠥᠰᠴᠡᠶ᠃ ᠡᠭᠦᠨ᠎ᠳᠤ ᠲᠤᠲᠤᠷᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 6.05 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.5%᠎ᠪᠠᠷ ᠨᠡᠮᠡᠭᠳᠡᠪᠡ; ᠭᠤᠯᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 5.38 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠂ ᠠᠳᠠᠯᠢ ᠬᠤᠭᠤᠴᠠᠭ᠋ᠠᠨ᠎ᠤ᠎ᠬᠢ᠎ᠠᠴᠠ 0.4%᠎ᠪᠠᠷ ᠨᠡᠮᠡᠭᠳᠡᠪᠡ᠃ ᠢᠳᠡᠭᠡᠨ᠎ᠤ ᠲᠣᠰᠣᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 18.75 ᠲᠥᠭᠦᠷᠢᠭ ᠳᠡᠭᠡᠭᠰᠢᠯᠡᠵᠦ᠂ ᠭᠠᠷᠠᠬᠠᠨ ᠬᠠᠷᠢᠴᠠᠯ᠎ᠨᠢ 0.1%᠎ᠪᠠᠷ ᠳᠡᠭᠡᠭᠰᠢᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.7%᠎ᠪᠠᠷ ᠪᠠᠭᠤᠷᠠᠪᠠ᠃ ᠡᠭᠦᠨ᠎ᠳᠤ ᠪᠤᠷᠴᠠᠭ᠎ᠤᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 13.41 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.0%᠎ᠪᠠᠷ ᠪᠠᠭᠤᠷᠠᠪᠠ; ᠨᠠᠢ᠌ᠷᠠᠯᠭ᠎ᠠ ᠵᠢᠨ ᠲᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 16.09 ᠲᠥᠭᠦᠷᠢᠭ ᠳᠡᠭᠡᠭᠰᠢᠯᠡᠵᠦ᠂ ᠭᠠᠷᠠᠬᠠᠨ ᠬᠠᠷᠢᠴᠠᠯ᠎ᠨᠢ 0.2%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.1%᠎ᠪᠠᠷ ᠪᠠᠭᠤᠷᠠᠪᠠ᠃ ᠠᠮᠤ ᠲᠣᠰᠣ᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠥᠷᠥᠯ᠎ᠤᠨ ᠲᠠᠸᠠᠷ ᠪᠣᠯᠤᠭᠰᠠᠨ᠎ᠤ ᠬᠤᠪᠢ᠎ᠳᠤ᠂ ᠬᠠᠳᠠᠭ᠋ᠠᠯᠠᠬᠤ᠎ᠳᠤ ᠲᠥᠬᠦᠮ ᠪᠥᠭᠡᠳ ᠵᠥᠭᠡᠭᠡᠪᠦᠷᠢᠯᠡᠬᠦ᠎ᠳᠤ ᠲᠥᠬᠦᠮ ᠪᠠᠶ᠋ᠢᠳᠠᠭ᠃ ᠬᠤᠳᠠᠯᠳᠤᠭ᠋ᠠᠴᠢᠨ᠎ᠤ ᠪᠡᠯᠡᠳᠭᠡᠯ ᠪᠠᠷᠠᠭ᠎ᠠ ᠬᠠᠩᠭ᠋ᠠᠯᠲᠠᠲᠠᠢ᠂ ᠵᠠᠬ᠎ᠠ ᠳᠡᠯᠭᠡᠭᠦᠷ᠎ᠤᠨ ᠡᠷᠭᠢᠯᠲᠡ ᠲᠣᠭᠲᠠᠭᠤᠨ ᠪᠠᠢ᠌ᠨ᠎ᠠ᠃ ᠰᠠᠷ᠎ᠠ ᠪᠦᠷᠢ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠬᠤᠪᠢᠷᠠᠯᠲᠠ ᠵᠢᠨ ᠨᠥᠯᠥᠭᠡ ᠵᠢ ᠭᠥᠷᠳᠡᠵᠦ᠂ ᠪᠠᠭ᠎ᠠ ᠬᠡᠮᠵᠢᠶᠡᠨ᠎ᠤ ᠬᠡᠯᠪᠡᠯᠵᠡᠯ ᠭᠠᠷᠴᠤ᠂ ᠦᠨ᠎ᠡ ᠬᠠᠩᠰᠢ ᠴᠥᠮ ᠣᠷᠣᠨ ᠵᠠᠢ᠎ᠳᠤ ᠵᠣᠬᠢᠰᠲᠠᠶ ᠠᠵᠢᠯᠯᠠᠵᠤ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ ᠠᠮᠤ ᠪᠤᠳᠠᠭ᠋ᠠᠨ᠎ᠤ ᠪᠠᠷᠠᠭ᠎ᠠ ᠵᠢᠨ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠦᠨ᠎ᠡ ᠬᠠᠩᠰᠢ ᠵᠢᠨ ᠬᠠᠷᠢᠴᠠᠯ ᠠᠳᠠᠯᠢ ᠦᠭᠡᠢ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠠᠮᠤ ᠲᠣᠰᠣᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠦ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠬᠤᠶᠠᠷ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠦᠨ᠎ᠡ ᠵᠢᠨ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠥᠰᠴᠦ ᠪᠠᠭᠤᠷᠠᠬᠤ ᠪᠠᠢ᠌ᠳᠠᠯ ᠬᠠᠷᠢᠯᠴᠠᠨ ᠢᠯᠡᠷᠡᠪᠡ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠮᠢᠬᠠᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 51.43 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠡᠷ ᠥᠰᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.1%᠎ᠪᠠᠷ ᠪᠠᠭᠤᠷᠠᠪᠠ᠃ ᠡᠭᠦᠨ᠎ᠳᠤ ᠭᠠᠭ᠍ᠠᠶ ᠵᠢᠨ ᠮᠢᠬᠠᠨ᠎ᠤ ᠬᠤᠢ᠌ᠲᠦ ᠭᠤᠶ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 28.06 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 1.7%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.5%᠎ᠪᠠᠷ ᠨᠡᠮᠡᠭᠳᠡᠪᠡ᠃ ᠦᠬᠡᠷ᠎ᠤᠨ ᠮᠢᠬ᠎ᠠ᠂ ᠦᠬᠡᠷ᠎ᠤᠨ ᠭᠤᠶ᠎ᠠ ᠵᠢᠨ ᠮᠢᠬᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 61.42 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 1.7%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 11.9% ᠪᠠᠭᠤᠷᠠᠪᠠ᠃ ᠬᠤᠨᠢᠨ ᠮᠢᠬ᠎ᠠ ᠬᠤᠨᠢᠨ ᠭᠤᠶ᠎ᠠ ᠵᠢᠨ ᠮᠢᠬᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 64.81 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.8%᠎ᠪᠠᠷ ᠪᠠᠭᠤᠷᠠᠪᠠ᠃ ᠵᠢᠭᠦᠷᠲᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 23.86 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.5%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.7%᠎ᠪᠠᠷ ᠨᠡᠮᠡᠭᠳᠡᠪᠡ᠃ ᠥᠨᠳᠡᠭᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 8.66 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 3.4%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.9%᠎ᠪᠠᠷ ᠪᠠᠭᠤᠷᠠᠪᠠ᠃ ᠪᠦᠬᠦ ᠣᠷᠣᠨ᠎ᠤ ᠮᠢᠬ᠎ᠠ ᠵᠢᠭᠦᠷᠲᠡᠨ ᠥᠨᠳᠡᠭᠡᠨ᠎ᠤ ᠲᠥᠷᠥᠯ᠎ᠤᠨ ᠪᠠᠷᠠᠭ᠎ᠠ ᠵᠢᠨ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠨ᠎ᠠ᠃ ᠡᠮᠦᠨᠡᠬᠢ ᠬᠤᠭᠤᠴᠠᠭ᠋ᠠᠨ᠎ᠤ ᠮᠢᠬᠠᠨ᠎ᠤ ᠦᠨ᠎ᠡ ᠬᠠᠷᠢᠴᠠᠩᠭᠤᠶ᠎ᠪᠠᠷ ᠨᠡᠯᠢᠶᠡᠳ ᠳᠣᠤᠷ᠎ᠠ᠂ ᠬᠡᠰᠡᠭ ᠲᠠᠷᠠᠬᠠᠶ ᠲᠡᠵᠢᠭᠡᠵᠦ ᠪᠠᠶ᠋ᠢᠭ᠎ᠠ ᠡᠷᠦᠬᠡ ᠪᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠢᠨ ᠬᠤᠳᠠᠯᠳᠤᠬᠤ ᠠᠬᠢᠴᠠ ᠤᠳᠠᠭ᠋ᠠᠰᠢᠷᠠᠭᠰᠠᠨ᠎ᠠᠴᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠪᠠᠭᠤᠷᠠᠵᠤ᠂ ᠮᠢᠬᠠᠨ᠎ᠤ ᠲᠥᠷᠥᠯ᠎ᠤᠨ ᠦᠨ᠎ᠡ ᠬᠠᠩᠰᠢ ᠵᠢᠨ ᠠᠳᠠᠯᠢᠳᠬᠠᠨ ᠥᠰᠬᠦ ᠵᠢ ᠠᠬᠢᠭᠤᠯᠪᠠ᠃ ᠠᠭ᠋ᠠᠷ᠎ᠤᠨ ᠳᠤᠯᠠᠭ᠋ᠠᠨ ᠳᠡᠭᠡᠭᠰᠢᠯᠡᠵᠦ᠂ ᠥᠨᠳᠡᠭᠡᠨ ᠲᠠᠬᠢᠶᠠᠨ᠎ᠤ ᠭᠠᠷᠤᠯᠲᠠ ᠨᠡᠮᠡᠭᠳᠡᠵᠦ᠂ ᠵᠠᠬ᠎ᠠ ᠳᠡᠯᠭᠡᠭᠦᠷ᠎ᠤᠨ ᠬᠠᠩᠭ᠍ᠠᠯᠭ᠎ᠠ ᠵᠢᠨ ᠴᠢᠳᠠᠪᠤᠷᠢ ᠴᠢᠩᠭ᠋ᠠᠷᠠᠪᠠ᠃ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ ᠬᠠᠰᠤᠭᠳᠠᠵᠤ᠂ ᠡᠵᠡᠩᠨᠡᠯᠲᠡ ᠵᠢᠨ ᠥᠪᠡᠷ᠎ᠤᠨ ᠥᠷᠲᠡᠭ ᠪᠠᠭᠤᠷᠠᠵᠤ ᠪᠠᠶ᠋ᠢᠨ᠎ᠠ᠃ ᠲᠠᠬᠢᠶᠠᠨ ᠥᠨᠳᠡᠭᠡᠨ᠎ᠤ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠠᠷᠠᠭ᠎ᠠ ᠨᠥᠬᠦᠪᠥᠷᠢᠯᠡᠬᠦ ᠣᠪᠣᠷ ᠪᠣᠯᠭᠤᠮᠵᠢᠲᠠᠶ ᠪᠠᠶ᠋ᠢᠵᠤ᠂ ᠪᠠᠷᠠᠭ᠋ᠠᠨ᠎ᠤ ᠬᠤᠷᠳᠤᠴᠠ ᠤᠳᠠᠭ᠋ᠠᠨ᠂ ᠥᠨᠳᠡᠭᠡᠨ᠎ᠤ ᠲᠥᠷᠥᠯ᠎ᠤᠨ ᠦᠨ᠎ᠡ ᠬᠠᠩᠰᠢ ᠵᠢᠨ ᠬᠠᠷᠢᠴᠠᠯ ᠪᠠᠭᠤᠷᠠᠬᠤ ᠵᠢ ᠬᠠᠮᠲᠤ᠎ᠪᠠᠷ ᠳᠠᠶ᠋ᠢᠴᠢᠯᠠᠪᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠮᠢᠬᠠᠨ᠎ᠤ ᠵᠦᠢ᠍ᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠭᠤᠷᠪᠠ᠂ ᠴᠠᠭ᠋ᠠᠨ ᠢᠳᠡᠭᠡᠨ᠎ᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠴᠠᠭ᠋ᠠᠨ ᠢᠳᠡᠭᠡᠨ᠎ᠤ ᠳᠤᠮᠳᠠᠴᠢ ᠦᠨ᠎ᠡ ᠬᠠᠩᠰᠢ᠎ᠨᠢ 100.74 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.4%᠎ᠪᠠᠷ ᠪᠠᠭᠤᠷᠠᠪᠠ᠃ ᠡᠭᠦᠨ᠎ᠳᠤ ᠬᠡᠪ᠎ᠤᠨ ᠳᠤᠯᠠᠭ᠋ᠠᠨ ᠰᠦ ᠵᠢᠨ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 10.39 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.2% ᠵᠶ᠋ᠠᠷ ᠪᠠᠭᠤᠷᠠᠪᠠ; ᠡᠭᠡᠳᠡᠭᠰᠡᠨ ᠰᠦ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 14.63 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.1%᠎ᠪᠠᠷ ᠳᠡᠭᠡᠭᠰᠢᠯᠡᠵᠦ; ᠠᠳᠠᠯᠢ ᠬᠤᠭᠤᠴᠠᠭ᠋ᠠᠨ᠎ᠤ᠎ᠬᠢ᠎ᠠᠴᠠ 4.2% ᠵᠶ᠋ᠠᠷ ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠨᠢᠯᠬ᠎ᠠ ᠬᠡᠦᠬᠡᠳ᠎ᠤᠨ ᠰᠦᠨ ᠲᠠᠯᠬ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 218.69 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.7%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.5%᠎ᠪᠠᠷ ᠪᠠᠭᠤᠷᠠᠪᠠ᠃ ᠴᠠᠭ᠋ᠠᠨ ᠢᠳᠡᠭᠡᠨ᠎ᠤ ᠢᠷᠡᠯᠲᠡ ᠵᠢᠨ ᠬᠠᠩᠭ᠋ᠠᠯᠭ᠎ᠠ ᠬᠡᠷᠡᠭᠴᠡᠭᠡ ᠲᠣᠭᠲᠠᠭᠤᠨ ᠪᠠᠶ᠋ᠢᠵᠤ᠂ ᠬᠠᠷᠢᠴᠠᠩᠭᠤᠶ ᠲᠣᠭᠲᠠᠭᠤᠨ ᠠᠵᠢᠯᠯᠠᠭ᠋ᠠᠨ᠎ᠤ ᠪᠠᠶ᠋ᠢᠳᠠᠯ᠎ᠢ ᠪᠠᠲᠤᠯᠠᠭᠰᠠᠭ᠋ᠠᠷ ᠢᠷᠡᠵᠡᠶ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠰᠠᠭᠤᠭ᠋ᠠᠯᠢ ᠠᠷᠠᠳ᠎ᠤᠨ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠠᠷᠠᠭ᠎ᠠ ᠣᠷᠣᠭᠤᠯᠬᠤ ᠤᠷᠮ᠎ᠠ ᠵᠣᠷᠢᠭ ᠪᠠᠭᠤᠷᠠᠵᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭ᠋ᠠᠰᠴᠤ᠂ ᠦᠨ᠎ᠡ ᠬᠠᠩᠰᠢ ᠵᠢᠨ ᠬᠠᠷᠢᠴᠠᠯ ᠪᠠᠭᠤᠷᠠᠬᠤ ᠵᠢ ᠳᠠᠶ᠋ᠢᠴᠢᠯᠠᠪᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠴᠠᠭ᠋ᠠᠨ ᠢᠳᠡᠭᠡᠨ᠎ᠤ ᠵᠠᠬ᠎ᠠ ᠳᠡᠯᠭᠡᠭᠦᠷ ᠲᠣᠭᠲᠠᠭᠤᠨ ᠠᠵᠢᠯᠯᠠᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠳᠦᠷᠪᠡ᠂ ᠢᠳᠡᠰᠢᠨ ᠨᠣᠭᠤᠭ᠎ᠠ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠢᠳᠡᠰᠢᠨ ᠨᠣᠭᠤᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 7.02 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 1.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠪᠠᠭᠤᠷᠠᠪᠠ᠃ ᠰᠢᠰᠲ᠋ᠧᠮ᠎ᠲᠠᠢ ᠬᠢᠨᠠᠨ ᠬᠡᠮᠵᠢᠭᠰᠡᠨ ᠢᠳᠡᠰᠢᠨ ᠨᠣᠭᠤᠭ᠎ᠠ ᠵᠢᠨ 30 ᠦᠯᠢᠭᠡᠷ ᠳᠣᠲᠣᠷ᠎ᠠ᠂ 28 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠬᠡᠪ᠎ᠤᠨ ᠦᠨ᠎ᠡ ᠵᠢᠨ ᠭᠠᠷᠠᠬᠠᠨ ᠬᠠᠷᠢᠴᠠᠯ᠎ᠨᠢ ᠪᠠᠭᠤᠷᠠᠵᠤ᠂ 66.7% ᠵᠢ ᠡᠵᠡᠯᠡᠪᠡ; 10 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠶᠠᠩᠵᠤ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠦᠰᠴᠦ᠂ 33.3% ᠵᠢ ᠡᠵᠡᠯᠡᠪᠡ᠃ ᠡᠭᠦᠨ᠎ᠳᠤ ᠪᠠᠭᠤᠷᠠᠯᠲᠠ ᠵᠢᠨ ᠬᠡᠮᠵᠢᠶ᠎ᠡ᠎ᠪᠠᠷ ᠬᠠᠮᠤᠭ᠎ᠤᠨ ᠶᠡᠬᠡ 3 ᠲᠥᠷᠥᠯ ᠵᠦᠢ᠍ᠯ᠎ᠨᠢ᠄ ᠰᠣᠩᠭᠢᠨ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 5.43 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 10.7%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.7%᠎ᠪᠠᠷ ᠨᠡᠮᠡᠭᠳᠡᠪᠡ; ᠴᠤᠭᠤᠷ ᠨᠣᠭᠤᠭ᠎ᠠ ᠵᠢᠨ ᠳᠤᠮᠳᠠᠴᠢ ᠦᠨ᠎ᠡ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 4.15 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 8.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 30.8%᠎ᠪᠠᠷ ᠪᠠᠭᠤᠷᠠᠪᠠ; ᠰᠢᠬᠤᠯᠤ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 4.77 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 8.1%᠎ᠪᠠᠷ ᠪᠠᠭᠤᠷᠠᠵᠤ; ᠠᠳᠠᠯᠢ ᠬᠤᠭᠤᠴᠠᠭ᠋ᠠᠨ᠎ᠤ᠎ᠬᠢ᠎ᠠᠴᠠ 12.5%᠎ᠪᠠᠷ ᠪᠠᠭᠤᠷᠠᠵᠠᠶ᠃ ᠢᠳᠡᠰᠢᠨ ᠨᠣᠭᠣᠭ᠎ᠠ᠎ᠨᠢ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠭᠣᠤᠯ ᠪᠣᠯᠬᠤ ᠬᠡᠷᠡᠭᠴᠡᠭᠡᠨ᠎ᠤ ᠵᠦᠢ᠍ᠯ ᠪᠣᠯᠤᠭᠰᠠᠨ᠎ᠤ ᠬᠤᠪᠢ᠎ᠳᠤ᠂ ᠠᠭᠤᠷ ᠠᠮᠢᠰᠬᠤᠯ᠂ ᠭᠠᠷᠤᠯᠲᠠ ᠵᠢᠨ ᠬᠡᠮᠵᠢᠶ᠎ᠡ ᠪᠣᠯᠤᠨ ᠲᠡᠭᠡᠭᠡᠪᠦᠷᠢ ᠵᠢᠨ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ ᠦᠨ᠎ᠡ ᠬᠠᠩᠰᠢ ᠶᠡᠷᠦ᠎ᠨᠢ ᠲᠠᠰᠤᠷᠠᠯᠲᠠ ᠤᠢ᠍ᠭᠡᠢ ᠬᠤᠪᠢᠷᠠᠵᠤ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠠᠭ᠋ᠠᠷ᠎ᠤᠨ ᠳᠤᠯᠠᠭ᠋ᠠᠨ ᠦᠷᠭᠦᠯᠵᠢᠯᠡᠨ ᠳᠡᠭᠡᠭᠰᠢᠯᠡᠵᠦ᠂ ᠨᠡᠷᠡᠨ᠎ᠤ ᠭᠡᠷᠡᠯ ᠭᠦᠢ᠍ᠴᠡᠳ ᠲᠤᠰᠴᠤ᠂ ᠢᠳᠡᠰᠢᠨ ᠨᠣᠭᠤᠭ᠎ᠠ ᠵᠢᠨ ᠥᠰᠥᠯᠲᠡ᠎ᠳᠤ ᠠᠰᠢᠭᠲᠠᠢ᠂ ᠢᠳᠡᠰᠢᠨ ᠨᠣᠭᠤᠭ᠎ᠠ ᠵᠢᠨ ᠤᠨᠠᠯᠲᠠ ᠵᠢ ᠨᠡᠮᠡᠭᠳᠡᠭᠦᠯᠬᠦ᠎ᠳᠤ ᠠᠰᠢᠭᠲᠠᠢ ᠪᠣᠯᠭ᠋ᠠᠵᠠᠢ᠃ ᠰᠠᠢ᠌ᠨ ᠰᠠᠢ᠌ᠬᠠᠨ ᠠᠭᠤᠷ ᠠᠮᠢᠰᠬᠤᠯ᠎ᠨᠢ ᠴᠦ᠍ ᠢᠳᠡᠰᠢᠨ ᠨᠣᠭᠣᠭ᠎ᠠ ᠲᠡᠭᠦᠬᠦ᠂ ᠬᠠᠳᠠᠭ᠋ᠠᠯᠠᠬᠤ ᠪᠠ ᠲᠡᠭᠡᠭᠡᠪᠦᠷᠢᠯᠡᠬᠦ᠎ᠳᠤ ᠠᠰᠢᠭᠲᠠᠢ᠂ ᠬᠠᠳᠠᠭ᠋ᠠᠯᠠᠵᠤ ᠵᠥᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠪᠠᠷᠠᠭ᠎ᠠ ᠬᠠᠩᠭ᠋ᠠᠬᠤ ᠲᠣᠭ᠎ᠠ ᠬᠡᠮᠵᠢᠶ᠎ᠡ᠎ᠨᠢ ᠠᠯᠬᠤᠮ ᠠᠯᠬᠤᠮ ᠵᠶ᠋ᠠᠷ ᠠᠭᠤᠵᠢᠭᠤ ᠪᠠᠢ᠌ᠵᠦ᠂ ᠡᠵᠡᠩᠨᠡᠯᠲᠡ ᠵᠢᠨ ᠥᠪᠡᠷ᠎ᠤᠨ ᠥᠷᠲᠡᠭ᠎ᠨᠢ ᠳᠣᠣᠷ᠎ᠠ ᠪᠠᠢ᠌ᠵᠦ᠂ ᠢᠳᠡᠰᠢᠨ ᠨᠣᠭᠣᠭ᠎ᠠ ᠵᠢᠨ ᠦᠨ᠎ᠡ ᠬᠠᠩᠰᠢ ᠵᠢᠨ ᠬᠠᠷᠢᠴᠠᠭᠤᠯᠤᠭᠰᠠᠨ ᠪᠠᠭᠤᠷᠠᠯᠲᠠ ᠵᠢ ᠳᠠᠢ᠌ᠴᠢᠯᠠᠬᠤ ᠬᠡᠷᠡᠭᠲᠡᠢ᠃ ᠵᠢᠱ᠌ᠢᠯᠲᠡ᠎ᠪᠠᠷ ᠤᠢ᠌ᠷ᠎ᠠ ᠵᠢᠨ ᠬᠤᠭᠤᠴᠠᠭ᠋ᠠᠨ᠎ᠳᠤ ᠢᠳᠡᠰᠢᠨ ᠨᠣᠭᠣᠭ᠋ᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠥᠰᠦᠯᠲᠡ ᠪᠠᠭᠤᠷᠠᠯᠲᠠ᠎ᠨᠢ ᠬᠠᠷᠢᠯᠴᠠᠨ ᠢᠯᠡᠷᠡᠵᠦ ᠶᠠᠪᠤᠭᠳᠠᠨ᠎ᠠ᠃

ᠲᠠᠪᠤ᠂ ᠵᠢᠮᠢᠰ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠨᠡᠮᠡᠭᠳᠡᠪᠡ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠵᠢᠮᠢᠰ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 10.43 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 2.9%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.7%᠎ᠪᠠᠷ ᠨᠡᠮᠡᠭᠳᠡᠪᠡ᠃ ᠡᠭᠦᠨ᠎ᠳᠤ ᠠᠯᠮᠤᠷᠠᠳ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 11.81 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 4.1%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 5.1%᠎ᠪᠠᠷ ᠨᠡᠮᠡᠭᠳᠡᠪᠡ; ᠪᠠᠨᠠᠨᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 9.14 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 3.7% ᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 21.6%᠎ᠪᠠᠷ ᠨᠡᠮᠡᠭᠳᠡᠪᠡ; ᠦᠵᠦᠮ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 15.58 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ 9.6%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.8%᠎ᠪᠠᠷ ᠪᠠᠭᠤᠷᠠᠪᠠ᠃ ᠵᠢᠮᠢᠰ᠎ᠨᠢ ᠰᠠᠭᠤᠭ᠋ᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠭᠤᠤᠯ ᠢᠳᠡᠭᠡᠨ᠎ᠤ ᠨᠢᠭᠡ ᠪᠣᠯᠤᠭᠰᠠᠨ᠎ᠤ ᠬᠤᠪᠢ᠎ᠳᠤ᠂ ᠤᠯᠠᠷᠢᠯ᠎ᠤᠨ ᠠᠭᠤᠷ ᠠᠮᠢᠰᠬᠤᠯ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠤᠪᠢᠷᠠᠯᠲᠠ ᠵᠢᠨ ᠨᠥᠯᠥᠭᠡ᠎ᠪᠠᠷ ᠬᠡᠯᠪᠡᠯᠵᠡᠯ ᠨᠡᠯᠢᠶᠡᠳ ᠢᠯᠡᠷᠬᠡᠶ ᠪᠠᠶ᠋ᠢᠨ᠎ᠠ᠃ ᠬᠢᠨᠠᠨ ᠬᠡᠮᠵᠢᠯᠲᠡ᠎ᠳᠤ ᠣᠷᠣᠭᠰᠠᠨ ᠰᠠᠷ᠎ᠠ᠎ᠨᠢ ᠤᠯᠠᠷᠢᠯ᠎ᠤᠨ ᠰᠣᠯᠢᠭᠳᠠᠯ᠎ᠤᠨ ᠨᠥᠯᠥᠭᠡ ᠵᠢ ᠭᠥᠷᠳᠡᠵᠦ᠂ ᠬᠡᠰᠡᠭ ᠡᠪᠦᠯ᠎ᠤᠨ ᠤᠯᠠᠷᠢᠯ᠎ᠤᠨ ᠵᠢᠮᠢᠰ᠎ᠤᠨ ᠲᠥᠷᠥᠯ ᠵᠦᠢ᠍ᠯ᠎ᠢ ᠵᠠᠬ᠎ᠠ ᠳᠡᠯᠭᠡᠭᠦᠷ ᠎ᠠᠴᠠ ᠭᠠᠷᠴᠦ᠂ ᠵᠠᠬ᠎ᠠ ᠳᠡᠯᠭᠡᠭᠦᠷ ᠳᠡᠭᠡᠷ᠎ᠡ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠢᠮᠢᠰ᠎ᠤᠨ ᠲᠥᠷᠥᠯ ᠵᠦᠢ᠍ᠯ ᠵᠢᠴᠢ ᠲᠣᠭ᠎ᠠ ᠬᠡᠮᠵᠢᠶ᠎ᠡ᠎ᠨᠢ ᠪᠠᠭ᠋ᠠᠰᠴᠤ ᠪᠠᠢ᠌ᠨ᠎ᠠ᠃ ᠲᠤᠬᠠᠶ ᠵᠢᠨ ᠭᠠᠵᠠᠷ᠎ᠤᠨ ᠵᠢᠮᠢᠰ᠎ᠤᠨ ᠭᠠᠷᠤᠯᠲᠠ ᠨᠡᠯᠢᠶᠡᠳ ᠴᠥᠭᠡᠨ ᠪᠠᠶ᠋ᠢᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠭᠤᠣᠯᠳᠠᠭᠤ ᠭᠠᠳᠠᠷ ᠣᠷᠣᠨ᠎ᠠᠴᠠ ᠰᠢᠯᠵᠢᠭᠦᠯᠦᠨ ᠲᠡᠭᠡᠭᠡᠪᠦᠷᠢᠯᠡᠬᠦ᠎ᠪᠠᠷ ᠭᠤᠣᠯ ᠪᠣᠯᠭ᠋ᠠᠵᠤ᠂ ᠬᠠᠳᠠᠭ᠋ᠠᠯᠠᠵᠤ ᠵᠥᠭᠡᠭᠡᠪᠦᠷᠢᠯᠡᠬᠦ ᠪᠠ ᠡᠵᠡᠩᠨᠡᠬᠦ ᠥᠪᠡᠷ᠎ᠤᠨ ᠦᠷᠳᠡᠭ ᠨᠡᠮᠡᠭᠳᠡᠵᠦ᠂ ᠵᠢᠮᠢᠰ᠎ᠤᠨ ᠦᠨ᠎ᠡ ᠬᠠᠩᠰᠢ ᠵᠢᠨ ᠬᠠᠷᠢᠴᠠᠭᠤᠯᠤᠭᠰᠠᠨ ᠥᠰᠥᠯᠲᠡ ᠵᠢ ᠬᠠᠮᠲᠤ᠎ᠪᠠᠷ ᠲᠦᠯᠬᠢᠨ ᠠᠬᠢᠭᠤᠯᠤᠨ᠎ᠠ᠃ ᠵᠢᠱ᠌ᠢᠯᠲᠡ᠎ᠪᠠᠷ ᠵᠢᠮᠢᠰ᠎ᠤᠨ ᠵᠠᠬ᠎ᠠ ᠳᠡᠯᠭᠡᠭᠦᠷ᠎ᠤᠨ ᠡᠷᠭᠢᠯᠲᠡ ᠦᠨ᠎ᠡ ᠲᠣᠭᠲᠠᠭᠤᠨ ᠶᠠᠪᠤᠭᠳᠠᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠵᠢᠷᠭᠤᠭ᠎ᠠ᠂ ᠤᠰᠤᠨ ᠭᠠᠷᠤᠯᠲᠠ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠤᠰᠤᠨ ᠭᠠᠷᠤᠯᠲᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 28.43 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.4%᠎ᠪᠠᠷ ᠪᠠᠭᠤᠷᠠᠪᠠ᠃ ᠡᠭᠦᠨ᠎ᠳᠤ ᠮᠥᠷᠭᠦ ᠵᠢᠭ᠋ᠠᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 18.36 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.7%᠎ᠪᠠᠷ ᠨᠡᠮᠡᠭᠳᠡᠵᠦ ᠠᠳᠠᠯᠢ ᠬᠤᠭᠤᠴᠠᠭ᠋ᠠᠨ᠎ᠤ᠎ᠬᠢ᠎ᠠᠴᠠ 3.1%᠎ᠪᠠᠷ ᠨᠡᠮᠡᠭᠳᠡᠪᠡ; ᠠᠯᠠᠭ᠋ᠠᠨ᠎ᠠ ᠰᠣᠭᠤᠰᠤ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 19.07 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 3.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.8%᠎ᠪᠠᠷ ᠪᠠᠭᠤᠷᠠᠪᠠ; ᠠᠮᠤᠷ ᠵᠢᠭ᠋ᠠᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 19.48 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.4%᠎ᠪᠠᠷ ᠪᠠᠭᠤᠷᠠᠪᠠ᠃ ᠬᠢᠨᠠᠨ ᠬᠡᠮᠵᠢᠬᠦ ᠰᠠᠷ᠎ᠠ᠎ᠳᠤ ᠤᠷᠤᠵᠦ᠂ ᠤᠰᠤᠨ᠎ᠤ ᠭᠠᠷᠤᠯᠲᠠ ᠵᠢᠨ ᠬᠡᠷᠡᠭᠯᠡᠭᠡᠨ᠎ᠤ ᠬᠡᠷᠡᠭᠴᠡᠭᠡ ᠪᠠᠭ᠋ᠠᠰᠴᠤ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭᠤᠷᠠᠵᠠᠢ᠃ ᠪᠣᠯᠪᠠᠰᠤᠷᠠᠭᠤᠯᠤᠭᠰᠠᠨ ᠲᠤᠰᠤᠨ᠎ᠤ ᠦᠨ᠎ᠡ ᠬᠠᠩᠰᠢ ᠳᠣᠤᠷ᠎ᠠ ᠪᠠᠶ᠋ᠢᠵᠤ᠂ ᠬᠠᠳᠠᠭ᠋ᠠᠯᠠᠵᠤ ᠲᠡᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠤᠰᠤᠨ ᠭᠠᠷᠤᠯᠲᠠ ᠵᠢᠨ ᠦᠨ᠎ᠡ ᠬᠠᠩᠰᠢ ᠵᠢᠨ ᠭᠠᠷᠬᠠᠨ ᠬᠠᠷᠢᠴᠠᠯ ᠪᠠᠭᠤᠷᠠᠬᠤ ᠶᠠᠪᠤᠳᠠᠯ᠎ᠢ ᠬᠠᠮᠲᠤᠪᠠᠷ ᠳᠠᠶ᠋ᠢᠴᠢᠯᠠᠬᠤ ᠬᠡᠷᠡᠭᠲᠡᠶ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠤᠰᠤᠨ ᠭᠠᠷᠤᠯᠲᠠ ᠵᠢᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠡᠷᠭᠢᠯᠲᠡ ᠵᠢᠨ ᠦᠨ᠎ᠡ ᠲᠣᠭᠲᠠᠭᠤᠨ ᠪᠣᠯᠬᠤ ᠪᠣᠯᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠲᠤᠯᠤᠭ᠎ᠠ᠂ ᠠᠮᠳᠠ ᠤᠷᠤᠭᠤᠯᠬᠤ ᠡᠳ᠋ ᠪᠠ ᠤᠤᠭᠤᠬᠤ ᠤᠰᠤᠨ᠎ᠤ ᠦᠨ᠎ᠠ ᠬᠠᠨᠭ᠌ᠰᠢ ᠵᠢᠨ ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠥᠰᠴᠦ ᠪᠠᠭᠤᠷᠠᠬᠤ ᠪᠠᠢ᠌ᠳᠠᠯ ᠬᠠᠷᠢᠯᠴᠠᠨ ᠢᠯᠡᠷᠡᠪᠡ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 4 ᠳ᠋ᠦ᠍ᠭᠡᠷ ᠰᠠᠷ᠎ᠠ᠎ᠳᠤ ᠠᠮᠲᠠ ᠣᠷᠣᠭᠤᠯᠬᠤ ᠡᠳ᠋᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 7.34 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ; ᠠᠳᠠᠯᠢ ᠬᠤᠭᠤᠴᠠᠭ᠋ᠠᠨ᠎ᠤ᠎ᠬᠢ᠎ᠠᠴᠠ 1.7%᠎ᠪᠠᠷ ᠨᠡᠮᠡᠭᠳᠡᠪᠡ᠃ ᠡᠭᠦᠨ᠎ᠳᠤ ᠢᠳᠡᠰᠢᠨ ᠳᠠᠪᠤᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 4.95 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.2% ᠵᠶ᠋ᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 6.4%᠎ᠪᠠᠷ ᠪᠠᠭᠤᠷᠠᠪᠠ; ᠰᠢᠬᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 9.73 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠨᠡᠮᠡᠭᠳᠡᠪᠡ; ᠤᠤᠭᠤᠬᠤ ᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 2.39 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠨᠢ 0.4%᠎ᠪᠠᠷ ᠨᠡᠮᠡᠭᠳᠡᠵᠦ; ᠠᠳᠠᠯᠢ ᠬᠤᠭᠤᠴᠠᠭ᠋ᠠᠨ᠎ᠤ᠎ᠬᠢ᠎ᠠᠴᠠ 4.3%᠎ᠪᠠᠷ ᠨᠡᠮᠡᠭᠳᠡᠪᠡ᠃ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠬᠠᠩᠭ᠋ᠠᠯᠭ᠎ᠠ᠎ᠨᠢ ᠲᠣᠭᠲᠠᠭᠤᠨ ᠪᠠᠢ᠌ᠵᠦ᠂ ᠡᠵᠡᠩᠨᠡᠨ ᠪᠣᠷᠣᠯᠠᠭᠤᠯᠬᠤ ᠬᠤᠳᠠᠯᠳᠤᠭ᠎ᠠ ᠪᠠᠷᠠᠭ᠎ᠠ ᠵᠢᠨ ᠢᠷᠡᠯᠲᠡ ᠭᠦᠢ᠍ᠴᠡᠳ ᠪᠠᠢ᠌ᠨ᠎ᠠ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠨᠥᠯᠥᠭᠡ᠎ᠠᠴᠠ ᠪᠣᠯᠵᠤ᠂ ᠦᠨ᠎ᠡ ᠬᠠᠩᠰᠢ᠎ᠨᠢ ᠨᠠᠰᠢ ᠴᠠᠰᠢ ᠪᠠᠭ᠎ᠠ ᠬᠡᠮᠵᠢᠶ᠎ᠡ᠎ᠪᠠᠷ ᠬᠡᠯᠪᠡᠯᠵᠡᠵᠦ᠂ ᠥᠰᠦᠯᠲᠡ ᠪᠠᠭᠤᠷᠠᠯᠲᠠ ᠵᠢᠨ ᠬᠡᠮᠵᠢᠶ᠎ᠡ᠎ᠨᠢ ᠴᠥᠮ ᠬᠡᠪ᠎ᠤᠨ ᠬᠡᠪᠴᠢᠶᠡᠨ᠎ᠳᠤ ᠪᠠᠢ᠌ᠨ᠎ᠠ᠃

  (ᠲᠣᠳᠣᠷᠬᠠᠶ᠋ᠢᠯᠠᠬᠤ᠎ᠨᠢ᠄ ᠳᠡᠭᠡᠷᠡᠬᠢ ᠦᠨ᠎ᠡ ᠬᠠᠩᠰᠢ᠎ᠨᠢ ᠴᠥᠮ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ)

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            