ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠵᠠᠬ᠎ᠠ ᠳᠡᠯᠭᠡᠭᠦᠷ᠎ᠦᠨ ᠠᠵᠢᠯᠯᠠᠭᠠᠨ ᠎ᠤ ᠵᠠᠳᠠᠯᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 1 ᠳ᠋ᠤᠭᠡᠷ ᠰᠠᠷ᠎ᠠ ᠵᠢᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠲᠣᠪᠴᠢ ᠵᠠᠳᠠᠯᠤᠯᠲᠠ
ᠨᠡᠶ᠋ᠢᠲᠡᠯᠡᠭᠰᠡᠨ ᠴᠠᠭ᠄ 2025-02-28

  ᠵᠣᠬᠢᠶᠠᠭᠴᠢ᠄ ᠬᠤᠳᠠᠯᠳᠤᠭ᠋ᠠᠨ᠎ᠤ ᠶᠠᠪᠤᠳᠠᠯ᠎ᠤᠨ ᠲᠢᠩᠭᠢᠮ᠎ᠤᠨ ᠵᠠᠬ᠎ᠠ ᠳᠡᠯᠭᠡᠭᠦᠷ᠎ᠤᠨ ᠠᠵᠢᠯᠯᠠᠭ᠎ᠠ ᠪᠠ ᠬᠡᠷᠡᠭᠯᠡᠭᠡ ᠵᠢ ᠠᠬᠢᠭᠤᠯᠬᠤ ᠭᠠᠵᠠᠷ

  ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠰᠢᠰᠲ᠋ᠧᠮ᠎ᠤᠨ ᠲᠤᠭ᠎ᠠ ᠪᠠᠷᠢᠮᠲᠠ᠎ᠠᠴᠠ ᠦᠵᠡᠪᠡᠯ᠄ 2025 ᠣᠨ᠎ᠤ 1 ᠳ᠋ᠦ᠍ᠭᠡᠷ ᠰᠠᠷ᠎ᠠ᠎ᠳᠤ ᠪᠥᠬᠦ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠪᠠᠷᠠᠭ᠋ᠠᠨ᠎ᠤ ᠢᠷᠡᠯᠲᠡ ᠭᠦᠢ᠍ᠴᠡᠳ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠦᠨ᠎ᠡ ᠬᠠᠩᠰᠢ ᠵᠢ ᠲᠦᠷᠦᠭᠦᠦ ᠨᠢᠭᠡ ᠰᠠᠷ᠎ᠠ ᠵᠢᠨ᠎ᠬᠢ᠎ᠲᠠᠢ ᠬᠠᠷᠢᠴᠠᠭᠤᠯᠪᠠᠯ (ᠳᠣᠷᠣᠭᠰᠢ ᠭᠠᠷᠠᠬᠠᠨ ᠬᠠᠷᠢᠴᠠᠯ ᠭᠡᠵᠦ ᠲᠤᠪᠴᠢᠯᠠᠨ᠎ᠠ) ᠨᠡᠮᠡᠭᠳᠡᠬᠦ᠎ᠨᠢ ᠠᠷᠪᠢᠨ ᠪᠠᠭᠤᠷᠠᠬᠤ᠎ᠨᠢ ᠪᠠᠭ᠎ᠠ᠃ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠤᠨ ᠬᠢᠨᠠᠨ ᠬᠡᠮᠵᠢᠭᠰᠡᠨ 11 ᠲᠣᠮᠣ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ᠎ᠨᠢ 8 ᠥᠰᠴᠦ 2 ᠵᠶ᠋ᠠᠷ ᠪᠠᠭᠤᠷᠠᠵᠤ 1᠎ᠨᠢ ᠲᠡᠩᠴᠡᠭᠦᠦ ᠪᠠᠢ᠌ᠳᠠᠯ ᠢᠯᠡᠷᠡᠪᠡ᠃ ᠡᠭᠦᠨ᠎ᠳᠤ ᠢᠳᠡᠭᠡᠨ᠎ᠤ ᠲᠣᠰᠣ᠂ ᠵᠢᠭᠦᠷᠲᠡᠨ᠎ᠤ ᠲᠥᠷᠥᠯ᠂ ᠥᠨᠳᠡᠭᠡᠨ᠎ᠤ ᠲᠥᠷᠥᠯ᠂ ᠠᠮᠲᠠ ᠣᠷᠣᠭᠤᠯᠬᠤ ᠡᠳ᠋᠂ ᠤᠰᠤᠨ ᠭᠠᠷᠤᠯᠲᠠ᠂ ᠢᠳᠡᠰᠢᠨ ᠨᠣᠭᠤᠭ᠎ᠠ᠂ ᠵᠢᠮᠢᠰ ᠪᠠ ᠤᠤᠭᠤᠬᠤ ᠤᠰᠤᠨ᠎ᠤ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠨᠡᠮᠡᠭᠳᠡᠪᠡ; ᠠᠮᠤ ᠪᠤᠳᠠᠭ᠎ᠠ ᠪᠠ ᠮᠢᠬᠠᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠪᠠᠭᠤᠷᠠᠪᠠ; ᠴᠠᠭ᠋ᠠᠨ ᠢᠳᠡᠭᠡᠨ᠎ᠤ ᠦᠨ᠎ᠡ ᠵᠢᠨ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠡᠢ᠃ ᠪᠣᠳᠠᠲᠠᠶ ᠪᠠᠶ᠋ᠢᠳᠠᠯ᠎ᠤᠨ ᠵᠠᠳᠠᠯᠤᠯᠲᠠ᠎ᠨᠢ ᠳᠣᠤᠷᠠᠬᠢ ᠮᠡᠲᠦ᠄

  ᠨᠢᠭᠡ᠂ ᠠᠮᠤ ᠲᠣᠰᠣᠨ᠎ᠤ ᠦᠨ᠎ᠡ ᠵᠢᠨ ᠭᠠᠷᠠᠬᠠᠨ ᠬᠠᠷᠢᠴᠠᠯ᠎ᠬᠢ᠎ᠠᠴᠠ ᠨᠡᠮᠡᠭᠳᠡᠵᠦ ᠪᠠᠭᠤᠷᠠᠬᠤ ᠪᠠᠶ᠋ᠢᠳᠠᠯ ᠬᠠᠷᠢᠯᠴᠠᠨ ᠢᠯᠡᠷᠡᠵᠡᠢ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ᠎ᠤᠨ ᠲᠣᠭ᠎ᠠ ᠪᠠᠷᠢᠮᠲᠠ᠎ᠠᠴᠠ ᠦᠵᠡᠪᠡᠯ᠂ 1 ᠳ᠋ᠦ᠍ᠭᠡᠷ ᠰᠠᠷ᠎ᠠ ᠵᠢᠨ ᠠᠮᠤ ᠪᠤᠳᠠᠭ᠋ᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 5.86 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.3%᠎ᠪᠠᠷ ᠪᠠᠭᠤᠷᠠᠵᠤ᠂ ᠲᠦᠷᠦᠭᠦᠸ᠋ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ (ᠳᠣᠷᠣᠭᠰᠢ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ) 2.2% ᠵᠢᠡᠷ ᠨᠡᠮᠡᠭᠳᠡᠪᠡ᠃ ᠡᠭᠦᠨ᠎ᠳᠤ ᠲᠤᠲᠤᠷᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 6.21 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.5%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.6%᠎ᠪᠠᠷ ᠨᠡᠮᠡᠭᠳᠡᠪᠡ; ᠭᠤᠯᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 5.51 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠲᠠᠢ ᠲᠡᠩᠴᠡᠭᠦᠷᠢᠰᠢᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠪᠡ᠃ ᠢᠳᠡᠰᠢᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠡᠭᠡᠨ 18.5 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.1%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.0%᠎ᠪᠠᠷ ᠪᠠᠭᠤᠷᠠᠪᠠ᠃ ᠡᠭᠦᠨ᠎ᠳᠤ ᠪᠤᠷᠴᠠᠭ᠎ᠤᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠡᠭᠡᠨ 13.4 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.5%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 7.8%᠎ᠪᠠᠷ ᠪᠠᠭᠤᠷᠠᠪᠠ; ᠨᠠᠶ᠋ᠢᠷᠠᠭᠤᠯᠤᠮᠠᠯ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠡᠭᠡᠨ 16.27 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.9%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.1%᠎ᠪᠠᠷ ᠪᠠᠭᠤᠷᠠᠪᠠ᠃ ᠠᠮᠤ ᠲᠣᠰᠣ᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠥᠷᠥᠯ᠎ᠤᠨ ᠲᠠᠸᠠᠷ ᠪᠣᠯᠤᠭᠰᠠᠨ᠎ᠤ ᠬᠤᠪᠢ᠎ᠳᠤ᠂ ᠬᠠᠳᠠᠭ᠋ᠠᠯᠠᠬᠤ᠎ᠳᠤ ᠲᠥᠬᠦᠮ ᠪᠥᠭᠡᠳ ᠵᠥᠭᠡᠭᠡᠪᠦᠷᠢᠯᠡᠬᠦ᠎ᠳᠤ ᠲᠥᠬᠦᠮ ᠪᠠᠶ᠋ᠢᠳᠠᠭ᠃ ᠬᠤᠳᠠᠯᠳᠤᠭ᠋ᠠᠴᠢᠨ᠎ᠤ ᠪᠡᠯᠡᠳᠭᠡᠯ ᠪᠠᠷᠠᠭ᠎ᠠ ᠬᠠᠩᠭ᠋ᠠᠯᠲᠠᠲᠠᠢ ᠵᠠᠬ᠎ᠠ ᠳᠡᠯᠭᠡᠭᠦᠷ᠎ᠤᠨ ᠡᠷᠭᠢᠯᠲᠡ ᠲᠣᠭᠲᠠᠭᠤᠨ ᠪᠠᠢ᠌ᠨ᠎ᠠ᠃ ᠦᠨ᠎ᠡ ᠬᠠᠩᠰᠢ ᠵᠢᠨ ᠬᠡᠯᠪᠡᠯᠵᠡᠯ ᠶᠡᠬᠡ ᠪᠢᠰᠢ᠂ ᠬᠠᠩᠭ᠋ᠠᠯᠭ᠎ᠠ ᠬᠡᠷᠡᠭᠴᠡᠭᠡ ᠢᠮᠠᠭᠲᠠ ᠲᠣᠭᠲᠠᠭᠤᠨ ᠪᠣᠯᠪᠠ᠃ ᠬᠢᠨᠠᠨ ᠬᠡᠮᠵᠢᠯᠲᠡ ᠵᠢᠨ ᠰᠠᠷ᠎ᠠ᠎ᠳᠤ ᠣᠷᠣᠵᠤ ᠠᠮᠤ ᠪᠤᠳᠠᠭ᠋ᠠᠨ᠎ᠤ ᠦᠨ᠎ᠡ ᠬᠠᠩᠰᠢ ᠶᠡᠷᠦᠩᠬᠡᠢ᠎ᠳᠡᠭᠡᠨ ᠪᠠᠭᠤᠷᠠᠢ ᠰᠢᠭ᠋ ᠶᠠᠪᠤᠭᠳᠠᠵᠤ ᠪᠠᠢ᠌ᠨ᠎ᠠ᠃ ᠭᠤᠯᠢᠷ᠎ᠤᠨ ᠠᠵᠤ ᠠᠬᠤᠢ᠌ᠯᠠᠯ᠎ᠤᠨ ᠠᠵᠢᠯ ᠡᠬᠢᠯᠡᠭᠦᠯᠦᠭᠰᠡᠨ ᠨᠣᠷᠮ᠎ᠠ ᠳᠣᠣᠷ᠎ᠠ ᠪᠠᠢ᠌ᠵᠦ᠂ ᠤᠤᠯ᠎ᠤᠨ ᠪᠤᠳᠠᠭ᠎ᠠ ᠨᠥᠬᠥᠪᠥᠷᠢᠯᠡᠬᠦ ᠬᠥᠮᠥᠷᠭᠡ᠎ᠨᠢ ᠪᠣᠯᠭᠣᠮᠵᠢᠲᠠᠢ ᠪᠠᠢ᠌ᠭᠰᠠᠭ᠋ᠠᠷ᠃ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠤ ᠪᠠᠷᠠᠭ᠎ᠠ ᠬᠠᠳᠠᠭ᠋ᠠᠯᠠᠬᠤ ᠬᠠᠯᠠᠭᠤᠨ ᠰᠡᠳᠭᠢᠯᠭᠡ ᠥᠨᠳᠥᠷ ᠪᠤᠰᠤ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭ᠋ᠠᠰᠴᠠᠢ᠃ ᠵᠢᠵᠢᠭ ᠰᠠᠵᠢᠭ ᠬᠤᠳᠠᠯᠳᠤᠨ ᠠᠪᠬᠤ ᠶᠠᠪᠤᠳᠠᠯ᠎ᠨᠢ ᠵᠠᠬ᠎ᠠ ᠳᠡᠯᠭᠡᠭᠦᠷ᠎ᠲᠤ ᠦᠵᠡᠭᠦᠯᠬᠦ ᠲᠤᠯᠭ᠋ᠠᠭᠤᠷᠢᠯᠠᠯ᠎ᠤᠨ ᠡᠷᠴᠢᠮ ᠬᠢᠵᠠᠭ᠋ᠠᠷ᠎ᠲᠠᠢ ᠪᠠᠶ᠋ᠢᠵᠤ᠂ ᠪᠦᠬᠦᠯᠢ ᠴᠣᠭᠴᠠ ᠵᠢᠨ ᠭᠦᠢ᠍ᠯᠭᠡᠭᠡ᠎ᠨᠢ ᠨᠡᠯᠢᠶᠡᠳ ᠶᠡᠷᠦᠮᠳᠡᠭ ᠪᠠᠶ᠋ᠢᠵᠤ᠂ ᠠᠮᠤ ᠪᠤᠳᠠᠭ᠋ᠠᠨ᠎ᠤ ᠦᠨ᠎ᠡ ᠬᠠᠩᠰᠢ ᠵᠢ ᠲᠠᠲᠠᠬᠤ ᠭᠠᠷᠠᠬᠠᠨ ᠬᠠᠷᠢᠴᠠᠯ᠎ᠨᠢ ᠪᠠᠭᠤᠷᠠᠪᠠ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠠᠮᠤ ᠲᠤᠰᠤᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠡᠯᠪᠡᠯᠵᠡᠯ᠎ᠲᠠᠢ ᠶᠠᠪᠤᠭᠳᠠᠬᠤ ᠪᠣᠯᠣᠨ᠎ᠠ᠃

  ᠬᠤᠶᠠᠷ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠦᠨ᠎ᠡ ᠵᠢᠨ ᠭᠠᠷᠠᠬᠠᠨ ᠬᠠᠷᠢᠴᠠᠯ ᠨᠡᠮᠡᠭᠳᠡᠵᠦ ᠪᠠᠭᠤᠷᠠᠬᠤ ᠪᠠᠢ᠌ᠳᠠᠯ ᠬᠠᠷᠢᠯᠴᠠᠨ ᠢᠯᠡᠷᠡᠵᠡᠢ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 1 ᠳ᠋ᠦ᠍ᠭᠡᠷ ᠰᠠᠷ᠎ᠠ ᠵᠢᠨ ᠮᠢᠬᠠᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 51.17 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 1.5% ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.1% ᠪᠠᠭᠤᠷᠠᠪᠠ᠃ ᠡᠭᠦᠨ᠎ᠳᠤ ᠭᠠᠭ᠍ᠠᠶ ᠵᠢᠨ ᠮᠢᠬ᠎ᠠ ᠵᠢᠨ ᠬᠤᠢ᠌ᠲᠦ ᠭᠤᠶ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 28.84 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 2.1% ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.9% ᠨᠡᠮᠡᠭᠳᠡᠪᠡ᠃ ᠦᠬᠡᠷ᠎ᠤᠨ ᠮᠢᠬ᠎ᠠ ᠦᠬᠡᠷ᠎ᠤᠨ ᠭᠤᠶ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 58.82 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 1.9% ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.1% ᠪᠠᠭᠤᠷᠠᠪᠠ᠃ ᠬᠣᠨᠢᠨ ᠮᠢᠬ᠎ᠠ ᠬᠣᠨᠢᠨ ᠭᠤᠶ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 65.84 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.8% ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.8% ᠪᠠᠭᠤᠷᠠᠪᠠ᠃ ᠵᠢᠭᠦᠷᠲᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 23.51 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.2% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 5.3% ᠨᠡᠮᠡᠭᠳᠡᠪᠡ᠃ ᠥᠨᠳᠡᠭᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 10.69 ᠲᠥᠭᠥᠷᠢᠭ ᠪᠠᠢ᠌ᠵᠤ᠂ ᠭᠠᠷᠠᠬᠠᠨ ᠬᠠᠷᠢᠴᠠᠯ᠎ᠬᠢ᠎ᠠᠴᠠ 0.2% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.3%᠎ᠪᠠᠷ ᠨᠡᠮᠡᠭᠳᠡᠪᠡ᠃ ᠪᠥᠬᠥ ᠣᠷᠣᠨ᠎ᠤ ᠮᠢᠬ᠎ᠠ ᠵᠢᠭᠦᠷᠲᠡᠨ ᠥᠨᠳᠡᠭᠡ ᠵᠢᠨ ᠲᠥᠷᠥᠯ᠎ᠤᠨ ᠪᠠᠷᠠᠭ᠋ᠠᠨ᠎ᠤ ᠢᠷᠡᠯᠲᠡ ᠭᠦᠢ᠍ᠴᠡᠳ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠨ᠎ᠠ᠃ ᠣᠢ᠌ᠷ᠎ᠠ ᠵᠢᠨ ᠵᠢᠯ᠎ᠤᠳ᠎ᠲᠤ ᠲᠡᠵᠢᠭᠡᠨ ᠦᠷᠡᠵᠢᠭᠦᠯᠬᠦ ᠡᠷᠦᠭᠡ ᠬᠣᠢ᠌ᠨ᠎ᠠ ᠬᠣᠢ᠌ᠨ᠎ᠠ᠎ᠠᠴᠠ᠎ᠪᠠᠨ ᠬᠡᠪᠴᠢᠶ᠎ᠡ᠎ᠪᠠᠨ ᠥᠷᠭᠡᠳᠬᠡᠭᠰᠡᠨ᠎ᠠᠴᠠ ᠮᠠᠯ᠎ᠤᠨ ᠲᠣᠭ᠎ᠠ ᠲᠣᠯᠣᠭ᠋ᠠᠢ ᠪᠠ ᠭᠠᠷᠭ᠋ᠠᠯᠲᠠ ᠵᠢᠨ ᠲᠣᠭ᠎ᠠ ᠬᠡᠮᠵᠢᠶ᠎ᠡ ᠲᠦᠷᠭᠡᠨ ᠵᠶ᠋ᠡᠷ ᠨᠡᠮᠡᠭᠳᠡᠭᠰᠡᠨ ᠪᠠᠢ᠌ᠨ᠎ᠠ᠃ ᠬᠢᠨᠠᠨ ᠬᠡᠮᠵᠢᠯᠲᠡ ᠵᠢᠨ ᠰᠠᠷ᠎ᠠ ᠪᠣᠯ ᠪᠠᠰᠠ ᠴᠤ᠌ ᠬᠥᠳᠡᠭᠡ ᠲᠣᠰᠬᠣᠨ᠎ᠤ ᠲᠥᠪᠯᠡᠷᠡᠭᠦᠯᠦᠨ ᠨᠢᠲᠤᠯᠵᠤ ᠭᠠᠷᠭ᠋ᠠᠬᠤ ᠬᠤᠭᠤᠴᠠᠭ᠎ᠠ ᠮᠥᠨ᠂ ᠭᠠᠳᠠᠭ᠋ᠠᠳᠤ᠎ᠠᠴᠠ ᠣᠷᠣᠭᠤᠯᠬᠤ ᠲᠣᠭ᠎ᠠ ᠬᠡᠮᠵᠢᠶ᠎ᠡ ᠦᠰᠴᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠨᠡᠮᠡᠭᠳᠡᠵᠡᠢ᠃ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠬᠡᠷᠡᠭᠴᠡᠭᠡ ᠮᠠᠭᠤᠳᠠᠵᠤ᠂ ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠵᠢᠨ ᠬᠡᠮᠵᠢᠶ᠎ᠡ ᠪᠠᠭᠤᠷᠠᠵᠤ᠂ ᠮᠢᠬᠠᠨ᠎ᠤ ᠵᠦᠢ᠍ᠯ᠎ᠤᠨ ᠦᠨ᠎ᠡ ᠵᠢ ᠲᠠᠲᠠᠬᠤ ᠭᠠᠷᠠᠬᠠᠨ ᠬᠠᠷᠢᠴᠠᠯ ᠪᠠᠭᠤᠷᠠᠪᠠ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ ᠪᠠ ᠥᠨᠳᠡᠭᠡ ᠵᠢᠨ ᠲᠥᠷᠥᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠡᠯᠪᠡᠯᠵᠡᠯ᠎ᠲᠠᠢ ᠶᠠᠪᠤᠭᠳᠠᠬᠤ ᠪᠣᠯᠣᠨ᠎ᠠ᠃

  ᠭᠤᠷᠪᠠ᠂ ᠴᠠᠭ᠋ᠠᠨ ᠢᠳᠡᠭᠡᠨ᠎ᠤ ᠦᠨ᠎ᠡ ᠵᠢᠨ ᠭᠠᠷᠠᠬᠠᠨ ᠬᠠᠷᠢᠴᠠᠯ ᠲᠡᠩᠴᠡᠭᠦᠷᠢᠰᠢᠵᠠᠢ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 1 ᠳ᠋ᠦ᠍ᠭᠡᠷ ᠰᠠᠷ᠎ᠠ ᠵᠢᠨ ᠴᠠᠭ᠋ᠠᠨ ᠢᠳᠡᠭᠡᠨ᠎ᠤ ᠳᠤᠮᠳᠠᠴᠢ ᠦᠨ᠎ᠡ᠎ᠨᠢ 104 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.4% ᠪᠠᠭᠤᠷᠠᠪᠠ᠃ ᠡᠭᠦᠨ᠎ᠳᠤ ᠬᠡᠪ᠎ᠤᠨ ᠳᠤᠯᠠᠭ᠋ᠠᠨ ᠰᠦ ᠵᠢᠨ ᠳᠤᠮᠳᠠᠴᠢ ᠦᠨ᠎ᠡ᠎ᠨᠢ ᠯᠢᠲᠷ ᠪᠦᠷᠢ᠎ᠳᠡᠭᠡᠨ 10.56 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.8%᠎ᠪᠠᠷ ᠪᠠᠭᠤᠷᠠᠪᠠ; ᠡᠭᠡᠳᠡᠭᠰᠡᠨ ᠰᠦ ᠵᠢᠨ ᠳᠤᠮᠳᠠᠴᠢ ᠦᠨ᠎ᠡ᠎ᠨᠢ ᠯᠢᠲᠷ ᠪᠦᠷᠢ᠎ᠳᠡᠭᠡᠨ 14.92 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 0.5%᠎ᠪᠠᠷ ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠨᠠᠷᠠᠲᠤ ᠲᠡᠮᠳᠡᠭᠲᠦ ᠨᠢᠯᠬ᠎ᠠ ᠬᠡᠦᠬᠡᠳ᠎ᠤᠨ ᠰᠦᠨ ᠲᠠᠯᠬ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 223.92 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 0.4%᠎ᠪᠠᠷ ᠨᠡᠮᠡᠭᠳᠡᠪᠡ᠃ ᠴᠠᠭ᠋ᠠᠨ ᠢᠳᠡᠭᠡᠨ᠎ᠤ ᠢᠷᠡᠯᠲᠡ ᠵᠢᠨ ᠬᠠᠩᠭ᠋ᠠᠯᠭ᠎ᠠ ᠬᠡᠷᠡᠭᠴᠡᠭᠡ ᠲᠣᠭᠲᠠᠭᠤᠨ ᠪᠠᠶ᠋ᠢᠵᠤ᠂ ᠬᠠᠷᠢᠴᠠᠩᠭᠤᠶ ᠲᠣᠭᠲᠠᠭᠤᠨ ᠠᠵᠢᠯᠯᠠᠭ᠋ᠠᠨ᠎ᠤ ᠪᠠᠶ᠋ᠢᠳᠠᠯ᠎ᠢ ᠪᠠᠲᠤᠯᠠᠭᠰᠠᠭ᠋ᠠᠷ ᠢᠷᠡᠵᠡᠶ᠃ ᠬᠢᠨᠠᠨ ᠬᠡᠮᠵᠢᠯᠲᠡ ᠵᠢᠨ ᠰᠠᠷ᠎ᠠ᠎ᠳᠤ ᠴᠠᠭ᠋ᠠᠨ ᠢᠳᠡᠭᠡᠨ᠎ᠤ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠨᠢ ᠲᠣᠭᠲᠠᠭᠤᠨ ᠪᠠᠶ᠋ᠢᠵᠤ᠂ ᠦᠨ᠎ᠡ ᠬᠠᠩᠰᠢ᠎ᠨᠢ ᠠᠳᠠᠯᠢ ᠦᠭᠡᠢ ᠪᠠᠶ᠋ᠢᠳᠠᠭ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠴᠠᠭ᠋ᠠᠨ ᠢᠳᠡᠭᠡᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠡᠯᠪᠡᠯᠵᠡᠯ᠎ᠲᠠᠢ ᠶᠠᠪᠤᠭᠳᠠᠬᠤ ᠪᠣᠯᠣᠨ᠎ᠠ᠃

  ᠳᠥᠷᠪᠡ᠂ ᠢᠳᠡᠰᠢᠨ ᠨᠣᠭᠤᠭ᠎ᠠ ᠵᠢᠨ ᠦᠨ᠎ᠡ ᠵᠢᠨ ᠭᠠᠷᠠᠬᠠᠨ ᠬᠠᠷᠢᠴᠠᠯ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 1 ᠳ᠋ᠦ᠍ᠭᠡᠷ ᠰᠠᠷ᠎ᠠ᠎ᠳᠤ ᠢᠳᠡᠰᠢᠨ ᠨᠣᠭᠤᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 7.76 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 5.2% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.6%᠎ᠪᠠᠷ ᠪᠠᠭᠤᠷᠠᠪᠠ᠃ ᠰᠢᠰᠲ᠋ᠧᠮ᠎ᠲᠠᠢ ᠬᠢᠨᠠᠨ ᠬᠡᠮᠵᠢᠭᠰᠡᠨ 30 ᠢᠳᠡᠰᠢᠨ ᠨᠣᠭᠤᠭ᠎ᠠ ᠵᠢᠨ ᠦᠯᠢᠭᠡᠷ ᠳᠣᠲᠣᠷ᠎ᠠ᠂ 3 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠬᠡᠪ᠎ᠤᠨ ᠦᠨ᠎ᠡ ᠵᠢᠨ ᠬᠠᠷᠢᠴᠠᠯ᠎ᠨᠢ ᠪᠠᠭᠤᠷᠠᠵᠤ᠂ 10.0% ᠵᠢ ᠡᠵᠡᠯᠡᠪᠡ; 0 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠶᠠᠩᠵᠤ ᠵᠢᠨ ᠦᠨ᠎ᠡ ᠬᠠᠩᠰᠢ᠎ᠨᠢ ᠲᠡᠩᠴᠡᠭᠦᠷᠢᠰᠢᠵᠦ᠂ 0.0%᠎ᠢ ᠡᠵᠡᠯᠡᠪᠡ; 27 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠶᠠᠩᠵᠤ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠨᠡᠮᠡᠭᠳᠡᠵᠦ᠂ 90.0% ᠵᠢ ᠡᠵᠡᠯᠡᠪᠡ᠃ ᠡᠭᠦᠨ᠎ᠳᠤ ᠥᠰᠦᠯᠲᠡ ᠵᠢᠨ ᠬᠡᠮᠵᠢᠶ᠎ᠡ᠎ᠪᠠᠷ ᠬᠠᠮᠤᠭ᠎ᠤᠨ ᠶᠡᠭᠡ 3 ᠲᠥᠷᠥᠯ ᠵᠦᠢ᠍ᠯ ᠭᠡᠪᠡᠯ᠄ ᠨᠣᠭᠤᠭ᠎ᠠ ᠵᠢᠨ ᠳᠤᠮᠳᠠᠴᠢ ᠦᠨ᠎ᠡ᠎ᠨᠢ ᠲᠣᠰ ᠲᠣᠰ ᠺᠢᠯᠣᠭ᠌ᠷᠠᠮ ᠪᠦᠷᠢ᠎ᠳᠡᠭᠡᠨ 8.43 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 14.4% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 20.0% ᠨᠡᠮᠡᠭᠳᠡᠪᠡ; ᠯᠠᠵᠤᠤ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 9.31 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 16.7% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.0% ᠨᠡᠮᠡᠭᠳᠡᠪᠡ; ᠪᠤᠷᠴᠠᠭ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 13.21 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 17.3% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.1% ᠨᠡᠮᠡᠭᠳᠡᠪᠡ᠃ ᠢᠳᠡᠰᠢᠨ ᠨᠣᠭᠣᠭ᠎ᠠ᠎ᠨᠢ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠭᠣᠤᠯ ᠪᠣᠯᠬᠤ ᠬᠡᠷᠡᠭᠴᠡᠭᠡᠨ᠎ᠤ ᠵᠦᠢ᠍ᠯ ᠪᠣᠯᠤᠭᠰᠠᠨ᠎ᠤ ᠬᠤᠪᠢ᠎ᠳᠤ᠂ ᠠᠭᠤᠷ ᠠᠮᠢᠰᠬᠤᠯ᠂ ᠭᠠᠷᠤᠯᠲᠠ ᠵᠢᠨ ᠬᠡᠮᠵᠢᠶ᠎ᠡ ᠪᠣᠯᠤᠨ ᠲᠡᠭᠡᠭᠡᠪᠦᠷᠢ ᠵᠢᠨ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ ᠦᠨ᠎ᠡ ᠬᠠᠩᠰᠢ ᠶᠡᠷᠦ᠎ᠨᠢ ᠲᠠᠰᠤᠷᠠᠯᠲᠠ ᠤᠢ᠍ᠭᠡᠢ ᠬᠤᠪᠢᠷᠠᠵᠤ ᠪᠠᠶ᠋ᠢᠨ᠎ᠠ᠃ ᠬᠢᠨᠠᠨ ᠬᠡᠮᠵᠢᠯᠲᠡ ᠵᠢᠨ ᠰᠠᠷ᠎ᠠ᠎ᠳᠠᠭᠠᠨ ᠣᠷᠣᠵᠤ᠂ ᠠᠭ᠋ᠠᠷ᠎ᠤᠨ ᠳᠤᠯᠠᠭ᠋ᠠᠨ ᠬᠠᠷᠢᠴᠠᠩᠭᠤᠶ ᠳᠣᠤᠷ᠎ᠠ᠂ ᠲᠤᠬᠠᠶ ᠵᠢᠨ ᠭᠠᠵᠠᠷ᠎ᠤᠨ ᠢᠳᠡᠰᠢᠨ ᠨᠣᠭᠣᠭ᠎ᠠ ᠵᠢᠨ ᠤᠨᠠᠯᠲᠠ ᠪᠠᠭ᠋ᠠᠰᠴᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠳᠣᠷᠣᠭᠰᠢᠯᠠᠪᠠ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠲᠥᠷᠥᠯ ᠰᠠᠳᠤᠨ ᠨᠠᠶ᠋ᠢᠵᠠ ᠨᠥᠬᠦᠳ᠎ᠤᠨ ᠬᠠᠮᠲᠤ ᠵᠢᠨ ᠬᠤᠭᠤᠯᠠᠨ᠎ᠤ ᠳᠠᠶ᠋ᠢᠯᠠᠯᠭ᠎ᠠ ᠢᠯᠡᠳᠲᠡ ᠦᠰᠴᠦ᠂ ᠢᠳᠡᠰᠢᠨ ᠨᠣᠭᠤᠭ᠎ᠠ ᠵᠢᠨ ᠬᠡᠷᠡᠭᠴᠡᠭᠡᠨ᠎ᠤ ᠬᠡᠮᠵᠢᠶ᠎ᠡ ᠶᠡᠭᠡ᠎ᠪᠠᠷ ᠳᠡᠭᠡᠭᠰᠢᠯᠡᠨ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠨᠡᠮᠡᠭᠳᠡᠪᠡ᠃ ᠬᠡᠰᠡᠭ ᠵᠠᠷᠢᠮ ᠠᠵᠢᠯᠲᠠᠨ ᠴᠢᠯᠥᠭᠡ ᠲᠠᠯᠪᠢᠭᠰᠠᠨ᠎ᠠᠴᠠ ᠢᠳᠡᠰᠢᠨ ᠨᠣᠭᠣᠭ᠎ᠠ ᠬᠠᠳᠠᠭ᠋ᠠᠯᠠᠵᠤ ᠵᠥᠭᠡᠭᠡᠪᠦᠷᠢᠯᠡᠬᠦ ᠪᠠ ᠡᠵᠡᠩᠨᠡᠯᠲᠡ ᠵᠢᠨ ᠥᠪᠡᠷ᠎ᠤᠨ ᠥᠷᠲᠡᠭ ᠨᠡᠮᠡᠭᠳᠡᠭᠰᠡᠨ ᠪᠠᠶ᠋ᠢᠨ᠎ᠠ᠃ ᠬᠠᠮᠠᠭ᠋ᠠᠯᠠᠯᠲᠠ ᠵᠢᠨ ᠭᠠᠵᠠᠷ᠎ᠤᠨ ᠦᠢ᠍ᠯᠡᠳᠪᠦᠷᠢᠯᠡᠯ᠎ᠳᠤ ᠬᠣᠯᠪᠣᠭᠳᠠᠬᠤ ᠵᠠᠷᠤᠳᠠᠯ᠎ᠨᠢ ᠨᠡᠮᠡᠭᠳᠡᠭᠰᠡᠨ ᠪᠠᠶ᠋ᠢᠨ᠎ᠠ᠃ ᠭᠠᠳᠠᠷ ᠣᠷᠣᠨ᠎ᠤ ᠰᠢᠯᠵᠢᠭᠦᠯᠦᠨ ᠲᠡᠭᠡᠭᠡᠪᠦᠷᠢᠯᠡᠬᠦ ᠲᠤᠭ᠎ᠠ ᠬᠡᠮᠵᠢᠶ᠎ᠡ ᠦᠰᠴᠦ᠂ ᠬᠠᠳᠠᠭ᠋ᠠᠯᠠᠵᠤ ᠲᠡᠭᠡᠭᠡᠪᠦᠷᠢᠯᠡᠬᠦ ᠥᠪᠡᠷ᠎ᠤᠨ ᠥᠷᠲᠡᠭ ᠨᠡᠮᠡᠭᠳᠡᠭᠡᠳ᠂ ᠢᠳᠡᠰᠢᠨ ᠨᠣᠭᠤᠭ᠎ᠠ ᠵᠢᠨ ᠦᠨ᠎ᠡ ᠲᠦᠷᠦᠭᠦᠤ ᠵᠢᠯ᠎ᠤᠨ᠎ᠬᠢ᠎ᠠᠴᠠ ᠨᠡᠮᠡᠭᠳᠡᠭᠰᠡᠨ ᠪᠠᠶ᠋ᠢᠨ᠎ᠠ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠢᠳᠡᠰᠢᠨ ᠨᠤᠭᠤᠭ᠋ᠠᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠡᠯᠪᠡᠯᠵᠡᠯ᠎ᠲᠠᠢ ᠶᠠᠪᠤᠭᠳᠠᠬᠤ ᠪᠣᠯᠣᠨ᠎ᠠ᠃

  ᠲᠠᠪᠤ᠂ ᠵᠢᠮᠢᠰ᠎ᠤᠨ ᠦᠨ᠎ᠡ ᠵᠢᠨ ᠭᠠᠷᠠᠬᠠᠨ ᠬᠠᠷᠢᠴᠠᠯ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 1 ᠳ᠋ᠦ᠍ᠭᠡᠷ ᠰᠠᠷ᠎ᠠ᠎ᠳᠤ ᠵᠢᠮᠢᠰ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 9.83 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 2.9% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 9.0% ᠪᠠᠭᠤᠷᠠᠪᠠ᠃ ᠡᠭᠦᠨ᠎ᠳᠤ ᠠᠯᠮᠤᠷᠠᠳ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 11.09 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9. 6%᠎ᠪᠠᠷ ᠪᠠᠭᠤᠷᠠᠪᠠ; ᠪᠠᠨᠠᠨᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 8.21 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 1.2% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.4%᠎ᠪᠠᠷ ᠨᠡᠮᠡᠭᠳᠡᠪᠡ; ᠦᠵᠦᠮ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 15 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 1.4% ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 19.4% ᠪᠠᠭᠤᠷᠠᠪᠠ᠃ ᠵᠢᠮᠢᠰ᠎ᠨᠢ ᠰᠠᠭᠤᠭ᠋ᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠭᠤᠤᠯ ᠢᠳᠡᠭᠡᠨ᠎ᠤ ᠨᠢᠭᠡ ᠪᠣᠯᠤᠭᠰᠠᠨ᠎ᠤ ᠬᠤᠪᠢ᠎ᠳᠤ᠂ ᠤᠯᠠᠷᠢᠯ᠎ᠤᠨ ᠠᠭᠤᠷ ᠠᠮᠢᠰᠬᠤᠯ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠤᠪᠢᠷᠠᠯᠲᠠ ᠵᠢᠨ ᠨᠥᠯᠥᠭᠡ᠎ᠪᠠᠷ ᠬᠡᠯᠪᠡᠯᠵᠡᠯ ᠨᠡᠯᠢᠶᠡᠳ ᠢᠯᠡᠷᠬᠡᠶ ᠪᠠᠶ᠋ᠢᠨ᠎ᠠ᠃ ᠬᠢᠨᠠᠨ ᠬᠡᠮᠵᠢᠯᠲᠡ ᠵᠢᠨ ᠰᠠᠷ᠎ᠠ᠎ᠳᠤ᠂ ᠠᠭ᠋ᠠᠷ᠎ᠤᠨ ᠳᠤᠯᠠᠭ᠋ᠠᠨ ᠳᠣᠷᠣᠭᠰᠢᠯᠠᠵᠤ᠂ ᠲᠤᠬᠠᠶ ᠵᠢᠨ ᠭᠠᠵᠠᠷ᠎ᠤᠨ ᠵᠢᠮᠢᠰ᠎ᠤᠨ ᠭᠠᠷᠤᠯᠲᠠ ᠪᠠᠭ᠋ᠠᠰᠴᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠳᠣᠷᠣᠭᠰᠢᠯᠠᠵᠠᠶ᠃ ᠪᠣᠯᠪᠠᠰᠤᠷᠠᠭᠤᠯᠤᠭᠰᠠᠨ ᠲᠣᠰᠣᠨ᠎ᠤ ᠦᠨ᠎ᠡ ᠬᠠᠩᠰᠢ ᠥᠨᠳᠥᠷ᠂ ᠭᠠᠳᠠᠷ ᠣᠷᠣᠨ᠎ᠠᠴᠠ ᠰᠢᠯᠵᠢᠭᠦᠯᠦᠨ ᠲᠡᠭᠡᠭᠡᠪᠦᠷᠢᠯᠡᠬᠦ ᠲᠤᠭ᠎ᠠ ᠬᠡᠮᠵᠢᠶ᠎ᠡ ᠦᠰᠴᠦ᠂ ᠬᠠᠳᠠᠭ᠋ᠠᠯᠠᠵᠤ ᠲᠡᠭᠡᠭᠡᠪᠦᠷᠢᠯᠡᠬᠦ ᠥᠪᠡᠷ᠎ᠤᠨ ᠥᠷᠲᠡᠭ ᠨᠡᠮᠡᠭᠳᠡᠨ᠂ ᠡᠵᠡᠩᠨᠡᠯᠲᠡ ᠵᠢᠨ ᠥᠪᠡᠷ᠎ᠤᠨ ᠥᠷᠲᠡᠭ ᠳᠡᠭᠡᠭᠰᠢᠯᠡᠵᠦ᠂ ᠵᠢᠮᠢᠰ᠎ᠤᠨ ᠦᠨ᠎ᠡ ᠵᠡᠷᠭᠡᠪᠡᠷ ᠥᠰᠬᠦ ᠵᠢ ᠬᠠᠮᠲᠤᠪᠠᠷ ᠠᠬᠢᠭᠤᠯᠪᠠ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠵᠢᠮᠢᠰ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠡᠯᠪᠡᠯᠵᠡᠯ᠎ᠲᠠᠢ ᠶᠠᠪᠤᠭᠳᠠᠬᠤ ᠪᠣᠯᠣᠨ᠎ᠠ᠃

  ᠵᠢᠷᠭᠤᠭ᠎ᠠ᠂ ᠤᠰᠤᠨ᠎ᠤ ᠭᠠᠷᠤᠯᠲᠠ ᠵᠢᠨ ᠦᠨ᠎ᠡ ᠵᠢᠨ ᠭᠠᠷᠠᠬᠠᠨ ᠬᠠᠷᠢᠴᠠᠯ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 1 ᠳ᠋ᠦ᠍ᠭᠡᠷ ᠰᠠᠷ᠎ᠠ᠎ᠳᠤ ᠤᠰᠤᠨ ᠭᠠᠷᠤᠯᠲᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 29.72 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 0.3% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4.7%᠎ᠪᠠᠷ ᠨᠡᠮᠡᠭᠳᠡᠪᠡ᠃ ᠡᠭᠦᠨ᠎ᠳᠤ ᠮᠥᠷᠭᠦ ᠵᠢᠭ᠋ᠠᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 18.94 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠬᠢ᠎ᠠᠴᠠ 0.5% ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.7% ᠨᠡᠮᠡᠭᠳᠡᠪᠡ; ᠠᠯᠠᠭ᠋ᠠᠨ᠎ᠠ ᠰᠤᠭᠤᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 17.06 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠬᠢ᠎ᠠᠴᠠ 1.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.3%᠎ᠪᠠᠷ ᠪᠠᠭᠤᠷᠠᠪᠠ; ᠠᠮᠤᠷ ᠵᠢᠭ᠋ᠠᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 21.14 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 1.9%᠎ᠪᠠᠷ ᠨᠡᠮᠡᠭᠳᠡᠨ᠂ ᠠᠳᠠᠯᠢ ᠬᠤᠭᠤᠴᠠᠭ᠋ᠠᠨ᠎ᠤ᠎ᠬᠢ᠎ᠠᠴᠠ 1.3%᠎ᠪᠠᠷ ᠨᠡᠮᠡᠭᠳᠡᠪᠡ᠃ ᠬᠢᠨᠠᠨ ᠬᠡᠮᠵᠢᠯᠲᠡ ᠵᠢᠨ ᠰᠠᠷ᠎ᠠ᠎ᠳᠤ ᠠᠭᠤᠷ ᠠᠮᠢᠰᠬᠤᠯ ᠬᠦᠢ᠍ᠲᠡᠷᠡᠵᠦ᠂ ᠵᠢᠭ᠋ᠠᠰᠣ ᠬᠠᠳᠠᠭ᠋ᠠᠯᠠᠬᠤ ᠴᠦᠬᠦᠷᠦᠮ᠎ᠤᠨ ᠲᠤᠭ᠎ᠠ ᠬᠡᠮᠵᠢᠶ᠎ᠡ ᠠᠭ᠋ᠠᠵᠢᠮ ᠵᠶ᠋ᠠᠷ ᠪᠠᠭ᠋ᠠᠰᠴᠤ᠂ ᠣᠰᠣᠨ ᠭᠠᠷᠣᠯᠲᠠ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠬᠠᠷᠢᠴᠠᠩᠭᠤᠢ᠎ᠪᠠᠷ ᠪᠠᠭᠤᠷᠠᠪᠠ᠃ ᠴᠠᠭ᠋ᠠᠨ ᠰᠠᠷ᠎ᠠ ᠵᠢᠨ ᠨᠥᠯᠥᠭᠡᠯᠡᠯ ᠵᠶ᠋ᠠᠷ ᠤᠰᠤᠨ ᠭᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠳᠡᠭᠡᠭᠰᠢᠯᠡᠪᠡ᠃ ᠬᠡᠰᠡᠭ ᠬᠤᠳᠠᠯᠳᠤᠭ᠋ᠠᠨ᠎ᠤ ᠬᠡᠲᠦ ᠳᠡᠯᠭᠡᠭᠦᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠢᠯ᠎ᠢ ᠵᠣᠭᠰᠣᠭ᠋ᠠᠵᠤ ᠠᠮᠠᠷᠠᠵᠦ᠂ ᠦᠷ᠎ᠡ ᠪᠦᠲᠦᠮᠵᠢ᠎ᠨᠢ ᠥᠩᠭᠡᠷᠡᠭᠰᠡᠨ᠎ᠤ᠎ᠬᠢ᠎ᠠᠴᠠ ᠳᠦᠭᠦᠮ ᠪᠢᠰᠢ ᠪᠣᠯᠵᠤ᠂ ᠡᠵᠡᠩᠨᠡᠯᠲᠡ ᠵᠢᠨ ᠥᠪᠡᠷ᠎ᠤᠨ ᠥᠷᠲᠡᠭ ᠦᠰᠴᠦ᠂ ᠤᠰᠤᠨ ᠭᠠᠷᠤᠯᠲᠠ ᠵᠢᠨ ᠦᠨ᠎ᠡ ᠬᠠᠩᠰᠢ ᠵᠢ ᠠᠬᠢᠭᠤᠯᠬᠤ ᠭᠠᠷᠠᠬᠠᠨ ᠬᠠᠷᠢᠴᠠᠯ ᠨᠡᠮᠡᠭᠳᠡᠪᠡ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠤᠰᠤᠨ ᠭᠠᠷᠤᠯᠲᠠ ᠵᠢᠨ ᠪᠦᠲᠦᠭᠡᠭᠳᠡᠭᠦᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠦᠨ᠎ᠡ ᠬᠠᠩᠰᠢ ᠵᠢᠨ ᠥᠰᠦᠯᠲᠡ ᠪᠠᠭᠤᠷᠠᠯᠲᠠ ᠬᠡᠯᠪᠡᠯᠵᠡᠯ᠎ᠲᠠᠢ ᠶᠠᠪᠤᠭᠳᠠᠬᠤ ᠪᠣᠯᠣᠨ᠎ᠠ᠃

  ᠳᠣᠯᠤᠭ᠎ᠠ᠂ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠦᠨ᠎ᠡ ᠵᠢᠨ ᠭᠠᠷᠠᠬᠠᠨ ᠬᠠᠷᠢᠴᠠᠯ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ 1 ᠳ᠋ᠦ᠍ᠭᠡᠷ ᠰᠠᠷ᠎ᠠ᠎ᠳᠤ ᠠᠮᠲᠠ ᠣᠷᠣᠭᠤᠯᠬᠤ ᠡᠳ᠋ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 7.36 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 0.7% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 5.8% ᠨᠡᠮᠡᠭᠳᠡᠪᠡ᠃ ᠡᠭᠦᠨ᠎ᠳᠤ ᠢᠳᠡᠰᠢᠨ ᠳᠠᠪᠤᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 4.92 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠬᠢ᠎ᠠᠴᠠ 3.6%᠎ᠪᠠᠷ ᠪᠠᠭᠤᠷᠠᠪᠠ; ᠢᠳᠡᠰᠢᠨ ᠰᠢᠬᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠡᠭᠡᠨ 9.8 ᠲᠥᠭᠦᠷᠢᠭ ᠪᠠᠢ᠌ᠵᠦ᠂ ᠭᠠᠷᠠᠬᠠᠨ ᠬᠠᠷᠢᠴᠠᠯ᠎ᠬᠢ᠎ᠠᠴᠠ 1.1%᠎ᠪᠠᠷ ᠨᠡᠮᠡᠭᠳᠡᠪᠡ; ᠤᠤᠭᠤᠬᠤ ᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠡᠭᠡᠨ 2.43 ᠲᠥᠭᠦᠷᠢᠭ ᠪᠠᠶ᠋ᠢᠵᠤ᠂ ᠭᠠᠷᠠᠬᠠᠨ ᠬᠠᠷᠢᠴᠠᠯ᠎ᠬᠢ᠎ᠠᠴᠠ 0.8% ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 5.4% ᠪᠠᠭᠤᠷᠠᠪᠠ᠃ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠬᠠᠩᠭ᠋ᠠᠯᠭ᠎ᠠ᠎ᠨᠢ ᠲᠣᠭᠲᠠᠭᠤᠨ ᠪᠠᠢ᠌ᠵᠦ᠂ ᠡᠵᠡᠩᠨᠡᠨ ᠪᠣᠷᠣᠯᠠᠭᠤᠯᠬᠤ ᠬᠤᠳᠠᠯᠳᠤᠭ᠎ᠠ ᠪᠠᠷᠠᠭ᠎ᠠ ᠵᠢᠨ ᠢᠷᠡᠯᠲᠡ᠎ᠨᠢ ᠭᠦᠢ᠍ᠴᠡᠳ ᠪᠠᠢ᠌ᠨ᠎ᠠ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠨᠥᠯᠥᠭᠡ᠎ᠠᠴᠠ ᠪᠣᠯᠵᠤ ᠦᠨ᠎ᠡ ᠬᠠᠩᠰᠢ ᠨᠠᠰᠢ ᠴᠠᠰᠢ ᠪᠠᠭ᠎ᠠ ᠬᠡᠮᠵᠢᠶ᠎ᠡ᠎ᠪᠠᠷ ᠬᠡᠯᠪᠡᠯᠵᠡᠵᠦ᠂ ᠥᠰᠦᠯᠲᠡ ᠪᠠᠭᠤᠷᠠᠯᠲᠠ ᠵᠢᠨ ᠬᠡᠮᠵᠢᠶ᠎ᠡ᠎ᠨᠢ ᠴᠥᠮ ᠬᠡᠪ᠎ᠤᠨ ᠬᠡᠪᠴᠢᠶᠡᠨ᠎ᠳᠤ ᠪᠠᠢ᠌ᠨ᠎ᠠ᠃

  (ᠲᠣᠳᠣᠷᠬᠠᠶ᠋ᠢᠯᠠᠬᠤ᠎ᠨᠢ᠄ ᠳᠡᠭᠡᠷᠡᠬᠢ ᠦᠨ᠎ᠡ᠎ᠨᠢ ᠴᠥᠮ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ)

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            