ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠵᠠᠬ᠎ᠠ ᠳᠡᠯᠭᠡᠭᠦᠷ᠎ᠦᠨ ᠠᠵᠢᠯᠯᠠᠭᠠᠨ ᠎ᠤ ᠵᠠᠳᠠᠯᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 3 ᠳ᠋ᠤᠭ᠋ᠠᠷ ᠰᠠᠷ᠎ᠠ ᠵᠢᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠲᠣᠪᠴᠢ ᠵᠠᠳᠠᠯᠤᠯᠲᠠ
ᠨᠡᠶ᠋ᠢᠲᠡᠯᠡᠭᠰᠡᠨ ᠴᠠᠭ᠄ 2025-04-11

 

  ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠰᠢᠰᠲ᠋ᠧᠮ᠎ᠤᠨ ᠲᠤᠭ᠎ᠠ ᠪᠠᠷᠢᠮᠲᠠ᠎ᠠᠴᠠ ᠦᠵᠡᠪᠡᠯ᠄ 2025 ᠣᠨ᠎ᠤ 3 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠪᠠᠷᠠᠭ᠋ᠠᠨ᠎ᠤ ᠢᠷᠡᠯᠲᠡ ᠭᠦᠢ᠍ᠴᠡᠳ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠦᠨ᠎ᠡ ᠬᠠᠩᠰᠢ ᠵᠢ ᠲᠦᠷᠦᠭᠦᠦ ᠨᠢᠭᠡ ᠰᠠᠷ᠎ᠠ ᠵᠢᠨ᠎ᠬᠢ᠎ᠲᠠᠢ ᠬᠠᠷᠢᠴᠠᠭᠤᠯᠪᠠᠯ (ᠳᠣᠷᠣᠭᠰᠢ ᠭᠠᠷᠠᠬᠠᠨ ᠬᠠᠷᠢᠴᠠᠯ) ᠪᠠᠭᠤᠷᠠᠭᠰᠠᠨ᠎ᠨᠢ ᠢᠯᠡᠭᠦᠦ ᠦᠰᠦᠭᠰᠡᠨ᠎ᠨᠢ ᠪᠠᠭ᠎ᠠ ᠪᠤᠯᠤᠨ᠎ᠠ᠃ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠤᠨ ᠬᠢᠨᠠᠨ ᠬᠡᠮᠵᠢᠭᠰᠡᠨ 11 ᠲᠣᠮᠣ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠨ ᠭᠠᠷᠠᠬᠠᠨ ᠬᠠᠷᠢᠴᠠᠯ᠎ᠨᠢ 2 ᠵᠶ᠋ᠠᠷ ᠥᠰᠴᠦ 8᠎ᠪᠠᠷ ᠪᠠᠭᠤᠷᠠᠵᠤ 1᠎ᠨᠢ ᠬᠡᠪ᠎ᠤᠨ ᠪᠠᠢ᠌ᠳᠠᠯ ᠵᠶ᠋ᠠᠷ ᠶᠠᠪᠤᠭᠳᠠᠵᠤ ᠪᠤᠢ᠃ ᠡᠭᠦᠨ᠎ᠳᠤ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠥᠰᠴᠡᠶ; ᠢᠳᠡᠰᠢᠨ ᠲᠣᠰᠣ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ᠂ ᠥᠨᠳᠡᠭᠡᠨ᠎ᠤ ᠲᠥᠷᠥᠯ᠂ ᠴᠠᠭ᠋ᠠᠨ ᠢᠳᠡᠭᠡ᠂ ᠤᠰᠤᠨ ᠭᠠᠷᠤᠯᠲᠠ᠂ ᠢᠳᠡᠰᠢᠨ ᠨᠣᠭᠤᠭ᠎ᠠ ᠪᠠ ᠵᠢᠮᠢᠰ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠪᠠᠭᠤᠷᠠᠵᠤ᠂ ᠠᠮᠤ ᠪᠤᠳᠠᠭ᠋ᠠᠨ᠎ᠤ ᠵᠢᠵᠢᠭᠯᠡᠨ ᠬᠤᠳᠠᠯᠳᠤᠬᠤ ᠦᠨ᠎ᠡ ᠵᠢᠨ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠃ ᠪᠣᠳᠠᠲᠠᠶ ᠪᠠᠶ᠋ᠢᠳᠠᠯ᠎ᠤᠨ ᠵᠠᠳᠠᠯᠤᠯᠲᠠ᠎ᠨᠢ ᠳᠣᠤᠷᠠᠬᠢ ᠮᠡᠲᠦ᠄

   ᠨᠢᠭᠡ᠂ ᠠᠮᠤ ᠲᠣᠰᠣᠨ᠎ᠤ ᠬᠠᠩᠰᠢ ᠵᠢᠨ ᠭᠠᠷᠠᠬᠠᠨ ᠬᠠᠷᠢᠴᠠᠯ᠎ᠨᠢ ᠲᠡᠭᠰᠢ ᠪᠠᠭᠤᠷᠠᠯᠲᠠ᠎ᠪᠠᠷ ᠬᠠᠷᠢᠯᠴᠠᠨ ᠢᠯᠡᠷᠡᠪᠡ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ᠎ᠳᠤ ᠠᠮᠤ ᠪᠤᠳᠠᠭ᠋ᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 5.73 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠠᠢ᠃ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ (ᠳᠣᠷᠣᠭᠰᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠪᠴᠢᠯᠠᠨ᠎ᠠ) 1.7%᠎ᠪᠠᠷ ᠨᠡᠮᠡᠭᠳᠡᠪᠡ᠃ ᠡᠭᠦᠨ᠎ᠳᠤ ᠲᠤᠲᠤᠷᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 6.05 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ ᠨᠡᠮᠡᠭᠳᠡᠪᠡ; ᠭᠤᠯᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 5.41 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.2% ᠵᠶ᠋ᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠠᠴᠠ 1.1% ᠎ᠪᠠᠷ ᠨᠡᠮᠡᠭᠳᠡᠪᠡ᠃ ᠢᠳᠡᠰᠢᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 18.6 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.1%᠎ᠪᠠᠷ ᠪᠠᠭᠤᠷᠠᠪᠠ᠃ ᠡᠭᠦᠨ᠎ᠳᠤ ᠪᠤᠷᠴᠠᠭ᠎ᠤᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 13.47 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.5%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.4%᠎ᠪᠠᠷ ᠪᠠᠭᠤᠷᠠᠪᠠ; ᠨᠠᠢ᠌ᠷᠠᠯᠭ᠎ᠠ ᠵᠢᠨ ᠲᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 15.95 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.2% ᠵᠶ᠋ᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 2.6%᠎ᠪᠠᠷ ᠪᠠᠭᠤᠷᠠᠪᠠ᠃

   ᠠᠮᠤ ᠲᠣᠰᠣ᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠥᠷᠥᠯ᠎ᠤᠨ ᠲᠠᠸᠠᠷ ᠪᠣᠯᠤᠭᠰᠠᠨ᠎ᠤ ᠬᠤᠪᠢ᠎ᠳᠤ᠂ ᠬᠠᠳᠠᠭ᠋ᠠᠯᠠᠬᠤ᠎ᠳᠤ ᠲᠥᠬᠦᠮ ᠪᠥᠭᠡᠳ ᠵᠥᠭᠡᠭᠡᠪᠦᠷᠢᠯᠡᠬᠦ᠎ᠳᠤ ᠲᠥᠬᠦᠮ ᠪᠠᠶ᠋ᠢᠳᠠᠭ᠃ ᠬᠤᠳᠠᠯᠳᠤᠭ᠋ᠠᠴᠢᠨ᠎ᠤ ᠪᠡᠯᠡᠳᠭᠡᠯ ᠪᠠᠷᠠᠭ᠎ᠠ ᠬᠠᠩᠭ᠋ᠠᠯᠲᠠᠲᠠᠢ ᠵᠠᠬ᠎ᠠ ᠳᠡᠯᠭᠡᠭᠦᠷ᠎ᠤᠨ ᠡᠷᠭᠢᠯᠲᠡ ᠲᠣᠭᠲᠠᠭᠤᠨ ᠪᠠᠢ᠌ᠨ᠎ᠠ᠃ ᠦᠨ᠎ᠡ ᠬᠠᠩᠰᠢ ᠵᠢᠨ ᠬᠡᠯᠪᠡᠯᠵᠡᠯ ᠶᠡᠬᠡ ᠪᠢᠰᠢ᠂ ᠬᠠᠩᠭ᠋ᠠᠯᠭ᠎ᠠ ᠬᠡᠷᠡᠭᠴᠡᠭᠡ ᠢᠮᠠᠭᠲᠠ ᠲᠣᠭᠲᠠᠭᠤᠨ ᠪᠣᠯᠪᠠ᠃ ᠬᠢᠨᠠᠨ ᠬᠡᠮᠵᠢᠯᠲᠡ᠎ᠳᠤ ᠣᠷᠣᠭᠰᠠᠨ ᠰᠠᠷ᠎ᠠ ᠵᠢᠨ ᠠᠮᠤ ᠪᠤᠳᠠᠭ᠋ᠠᠨ᠎ᠤ ᠪᠠᠷᠠᠭ᠎ᠠ ᠵᠢᠨ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠦᠨ᠎ᠡ ᠬᠠᠩᠰᠢ ᠵᠢᠨ ᠬᠠᠷᠢᠴᠠᠯ ᠠᠳᠠᠯᠢ ᠦᠭᠡᠢ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠠᠮᠤ ᠲᠣᠰᠣᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠦ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠬᠤᠶᠠᠷ᠂ ᠮᠢᠬᠠᠨ᠎ᠤ ᠵᠦᠢ᠍ᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ ᠵᠢᠨ ᠮᠢᠬᠠᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 51.34 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ ᠪᠠᠭᠤᠷᠠᠪᠠ᠃ ᠡᠭᠦᠨ᠎ᠳᠤ ᠭᠠᠭ᠍ᠠᠶ ᠵᠢᠨ ᠮᠢᠬᠠᠨ᠎ᠤ ᠬᠤᠢ᠌ᠲᠦ ᠭᠤᠶ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 28.62 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠪᠡ᠃ ᠦᠬᠡᠷ᠎ᠤᠨ ᠮᠢᠬ᠎ᠠ᠂ ᠦᠬᠡᠷ᠎ᠤᠨ ᠭᠤᠶ᠎ᠠ ᠵᠢᠨ ᠮᠢᠬᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 60.42 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.2% ᠵᠶ᠋ᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 14.3%᠎ᠪᠠᠷ ᠪᠠᠭᠤᠷᠠᠪᠠ᠃ ᠬᠤᠨᠢᠨ ᠮᠢᠬ᠎ᠠ ᠬᠤᠨᠢᠨ ᠭᠤᠶ᠎ᠠ ᠵᠢᠨ ᠮᠢᠬᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 64.97 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠪᠠᠭᠤᠷᠠᠪᠠ᠃ ᠵᠢᠭᠦᠷᠲᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 23.95 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.1%᠎ᠪᠠᠷ ᠨᠡᠮᠡᠭᠳᠡᠪᠡ᠃ ᠥᠨᠳᠡᠭᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 9.09 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 6.5%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.4%᠎ᠪᠠᠷ ᠪᠠᠭᠤᠷᠠᠪᠠ᠃

   ᠪᠦᠬᠦ ᠣᠷᠣᠨ᠎ᠤ ᠮᠢᠬ᠎ᠠ ᠵᠢᠭᠦᠷᠲᠡᠨ ᠥᠨᠳᠡᠭᠡᠨ᠎ᠤ ᠲᠥᠷᠥᠯ᠎ᠤᠨ ᠪᠠᠷᠠᠭ᠎ᠠ ᠵᠢᠨ ᠢᠷᠡᠯᠲᠡ ᠭᠦᠢ᠍ᠴᠡᠳ ᠪᠠᠶ᠋ᠢᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠨ᠎ᠠ᠃ ᠣᠶ᠋ᠢᠷ᠎ᠠ ᠵᠢᠨ ᠵᠢᠯ᠎ᠤᠳ᠎ᠲᠤ ᠲᠡᠵᠢᠭᠡᠨ ᠦᠷᠡᠵᠢᠭᠦᠯᠬᠦ ᠡᠷᠦᠬᠡ ᠴᠤ᠌ ᠬᠡᠪᠴᠢᠶ᠎ᠡ᠎ᠪᠠᠨ ᠥᠷᠭᠡᠳᠬᠡᠵᠦ᠂ ᠮᠠᠯ᠎ᠤᠨ ᠲᠤᠭ᠎ᠠ ᠲᠣᠯᠣᠭ᠋ᠠᠶ ᠪᠠ ᠪᠤᠷᠤᠯᠠᠭᠤᠯᠭ᠎ᠠ ᠵᠢᠨ ᠲᠤᠭ᠎ᠠ ᠬᠡᠮᠵᠢᠶ᠎ᠡ ᠲᠦᠷᠭᠡᠨ ᠨᠡᠮᠡᠭᠳᠡᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠴᠢᠩᠭ᠋ᠠᠷᠠᠭᠰᠠᠨ ᠪᠠᠶ᠋ᠢᠨ᠎ᠠ᠃ ᠰᠠᠭᠤᠭ᠋ᠠᠯᠢ ᠠᠷᠠᠳ᠎ᠤᠨ ᠬᠡᠷᠡᠭᠯᠡᠭᠡ ᠮᠠᠭᠤᠳᠠᠵᠤ᠂ ᠬᠤᠳᠠᠯᠳᠤᠨ ᠠᠪᠬᠤ ᠢᠳᠡᠪᠬᠢᠵᠢᠯ ᠥᠨᠳᠥᠷ ᠪᠢᠰᠢ ᠪᠠᠶ᠋ᠢᠵᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭᠤᠷᠠᠵᠤ᠂ ᠮᠢᠬᠠᠨ᠎ᠤ ᠵᠦᠢ᠍ᠯ᠎ᠤᠨ ᠦᠨ᠎ᠡ ᠬᠠᠩᠰᠢ ᠵᠢᠨ ᠬᠠᠷᠢᠴᠠᠯ ᠪᠠᠭᠤᠷᠠᠬᠤ ᠵᠢ ᠳᠠᠶ᠋ᠢᠴᠢᠯᠠᠪᠠ᠃ ᠲᠠᠬᠢᠶᠠᠨ ᠥᠨᠳᠡᠭᠡᠨ᠎ᠤ ᠬᠡᠷᠡᠭᠯᠡᠭᠡ ᠠᠭ᠋ᠠᠵᠢᠮ ᠵᠶ᠋ᠠᠷ ᠪᠣᠷᠣᠯᠠᠭᠤᠯᠭ᠎ᠠ ᠮᠠᠭᠤᠲᠠᠶ ᠤᠯᠠᠷᠢᠯ᠎ᠳᠤ ᠣᠷᠣᠵᠤ᠂ ᠭᠦᠢ᠍ᠯᠭᠡᠭᠡᠨ᠎ᠤ ᠭᠣᠭᠴᠣᠭ᠎ᠠ᠎ᠳᠤ ᠭᠣᠤᠯᠳᠠᠭᠤ ᠬᠥᠮᠥᠷᠭᠡ ᠵᠢᠨ ᠬᠠᠳᠠᠭ᠋ᠠᠯᠠᠯᠲᠠ ᠵᠢ ᠬᠣᠷᠣᠭᠳᠠᠭᠤᠯᠬᠤ᠎ᠪᠠᠷ ᠭᠣᠤᠯ ᠪᠣᠯᠭ᠋ᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠠᠷᠠᠭ᠎ᠠ ᠨᠥᠬᠥᠪᠥᠷᠢᠯᠡᠬᠦ ᠣᠪᠣᠷ᠎ᠨᠢ ᠪᠣᠯᠭᠣᠮᠵᠢᠲᠠᠢ ᠪᠠᠶ᠋ᠢᠵᠤ᠂ ᠪᠠᠷᠠᠭ᠎ᠠ ᠶᠠᠪᠤᠬᠤ ᠬᠤᠷᠳᠤᠴᠠ᠎ᠨᠢ ᠤᠳᠠᠭ᠋ᠠᠰᠢᠷᠠᠵᠤ᠂ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠢ ᠳᠠᠶ᠋ᠢᠴᠢᠯᠠᠨ᠎ᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠮᠢᠬᠠᠨ᠎ᠤ ᠵᠦᠢ᠍ᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠶ᠋ᠢᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠭᠤᠷᠪᠠ᠂ ᠴᠠᠭ᠋ᠠᠨ ᠢᠳᠡᠭᠡᠨ᠎ᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ᠎ᠳᠤ ᠴᠠᠭ᠋ᠠᠨ ᠢᠳᠡᠭᠡᠨ᠎ᠤ ᠳᠤᠮᠳᠠᠴᠢ ᠦᠨ᠎ᠡ᠎ᠨᠢ 101.12 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.6%᠎ᠪᠠᠷ ᠪᠠᠭᠤᠷᠠᠪᠠ᠃ ᠡᠭᠦᠨ᠎ᠳᠤ ᠬᠡᠪ᠎ᠤᠨ ᠳᠤᠯᠠᠭ᠋ᠠᠨ ᠰᠦ ᠵᠢᠨ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 10.57 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.0% ᠵᠶ᠋ᠠᠷ ᠪᠠᠭᠤᠷᠠᠪᠠ; ᠡᠭᠡᠳᠡᠭᠰᠡᠨ ᠰᠦ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 14.44 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.2% ᠵᠶ᠋ᠠᠷ ᠪᠠᠭᠤᠷᠠᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4.2% ᠵᠶ᠋ᠠᠷ ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠨᠢᠯᠬ᠎ᠠ ᠬᠡᠦᠬᠡᠳ᠎ᠤᠨ ᠰᠦᠨ ᠲᠠᠯᠬ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 220.31 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 2.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.1%᠎ᠪᠠᠷ ᠪᠠᠭᠤᠷᠠᠪᠠ᠃

   ᠴᠠᠭ᠋ᠠᠨ ᠢᠳᠡᠭᠡᠨ᠎ᠤ ᠢᠷᠡᠯᠲᠡ ᠵᠢᠨ ᠬᠠᠩᠭ᠋ᠠᠯᠭ᠎ᠠ ᠬᠡᠷᠡᠭᠴᠡᠭᠡ ᠲᠣᠭᠲᠠᠭᠤᠨ ᠪᠠᠶ᠋ᠢᠵᠤ᠂ ᠬᠠᠷᠢᠴᠠᠩᠭᠤᠶ ᠲᠣᠭᠲᠠᠭᠤᠨ ᠠᠵᠢᠯᠯᠠᠭ᠋ᠠᠨ᠎ᠤ ᠪᠠᠶ᠋ᠢᠳᠠᠯ᠎ᠢ ᠪᠠᠲᠤᠯᠠᠭᠰᠠᠭ᠋ᠠᠷ ᠢᠷᠡᠵᠡᠶ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠰᠠᠭᠤᠭ᠋ᠠᠯᠢ ᠠᠷᠠᠳ᠎ᠤᠨ ᠬᠡᠷᠡᠭᠯᠡᠭᠡ ᠮᠠᠭᠤᠳᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠠᠷᠠᠭ᠎ᠠ ᠣᠷᠣᠭᠤᠯᠬᠤ ᠤᠷᠮ᠎ᠠ ᠵᠣᠷᠢᠭ ᠪᠠᠭᠤᠷᠠᠵᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭ᠋ᠠᠰᠴᠤ᠂ ᠦᠨ᠎ᠡ ᠬᠠᠩᠰᠢ ᠵᠢᠨ ᠬᠠᠷᠢᠴᠠᠯ ᠪᠠᠭᠤᠷᠠᠬᠤ ᠵᠢ ᠳᠠᠶ᠋ᠢᠴᠢᠯᠠᠪᠠ᠃ ᠵᠢᠱ᠌ᠢᠯᠲᠡ᠎ᠪᠠᠷ ᠣᠶ᠋ᠢᠷ᠎ᠠ ᠵᠢᠨ ᠬᠤᠭᠤᠴᠠᠭ᠋ᠠᠨ᠎ᠳᠤ ᠴᠠᠭ᠋ᠠᠨ ᠢᠳᠡᠭᠡᠨ᠎ᠤ ᠵᠠᠬ᠎ᠠ ᠳᠡᠯᠭᠡᠭᠦᠷ ᠲᠣᠭᠲᠠᠭᠤᠨ ᠠᠵᠢᠯᠯᠠᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠳᠦᠷᠪᠡ᠂ ᠢᠳᠡᠰᠢᠨ ᠨᠣᠭᠤᠭ᠎ᠠ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ᠎ᠳᠤ ᠢᠳᠡᠰᠢᠨ ᠨᠣᠭᠤᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 7.16 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 6.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.2% ᠪᠠᠭᠤᠷᠠᠪᠠ᠃ ᠰᠢᠰᠲ᠋ᠧᠮ᠎ᠲᠠᠢ ᠬᠢᠨᠠᠨ ᠬᠡᠮᠵᠢᠭᠰᠡᠨ ᠢᠳᠡᠰᠢᠨ ᠨᠣᠭᠤᠭ᠎ᠠ ᠵᠢᠨ 30 ᠶᠠᠩᠵᠤ᠎ᠳᠤ ᠳᠤᠲᠤᠷ᠎ᠠ᠂ 28 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠬᠡᠪ᠎ᠤᠨ ᠦᠨ᠎ᠡ ᠵᠢᠨ ᠭᠠᠷᠠᠬᠠᠨ ᠬᠠᠷᠢᠴᠠᠯ᠎ᠨᠢ ᠪᠠᠭᠤᠷᠠᠵᠤ᠂ 93.3% ᠵᠢ ᠡᠵᠡᠯᠡᠪᠡ; 2 ᠵᠦᠢ᠍ᠯ᠎ᠤᠨ ᠢᠳᠡᠰᠢᠨ ᠨᠣᠭᠤᠭ᠎ᠠ ᠵᠢᠨ ᠦᠯᠢᠭᠡᠷ ᠶᠠᠩᠵᠤ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠦᠰᠴᠦ᠂ 6.7% ᠵᠢ ᠡᠵᠡᠯᠡᠪᠡ᠃ ᠡᠭᠦᠨ᠎ᠳᠤ ᠪᠠᠭᠤᠷᠠᠯᠲᠠ ᠵᠢᠨ ᠬᠡᠮᠵᠢᠶ᠎ᠡ᠎ᠪᠠᠷ ᠬᠠᠮᠤᠭ᠎ᠤᠨ ᠶᠡᠬᠡ 3 ᠲᠥᠷᠥᠯ ᠵᠦᠢ᠍ᠯ᠎ᠨᠢ᠄ ᠰᠣᠩᠭᠢᠨ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 6.09 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 16.7%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.7%᠎ᠪᠠᠷ ᠨᠡᠮᠡᠭᠳᠡᠪᠡ; ᠴᠡᠴᠡᠭᠲᠦ ᠴᠠᠭ᠋ᠠᠨ ᠨᠣᠭᠤᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 6.76 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 14.1%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 10.0%᠎ᠪᠠᠷ ᠪᠠᠭᠤᠷᠠᠪᠠ; ᠥᠷᠭᠡᠰᠦᠲᠦ ᠨᠣᠭᠤᠭ᠎ᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 6.75 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 12.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 22.4%᠎ᠪᠠᠷ ᠪᠠᠭᠤᠷᠠᠪᠠ᠃

   ᠢᠳᠡᠰᠢᠨ ᠨᠣᠭᠣᠭ᠎ᠠ᠎ᠨᠢ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠭᠣᠤᠯ ᠪᠣᠯᠬᠤ ᠬᠡᠷᠡᠭᠴᠡᠭᠡᠨ᠎ᠤ ᠵᠦᠢ᠍ᠯ ᠪᠣᠯᠤᠭᠰᠠᠨ᠎ᠤ ᠬᠤᠪᠢ᠎ᠳᠤ᠂ ᠠᠭᠤᠷ ᠠᠮᠢᠰᠬᠤᠯ᠂ ᠭᠠᠷᠤᠯᠲᠠ ᠵᠢᠨ ᠬᠡᠮᠵᠢᠶ᠎ᠡ ᠪᠣᠯᠤᠨ ᠲᠡᠭᠡᠭᠡᠪᠦᠷᠢ ᠵᠢᠨ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ ᠦᠨ᠎ᠡ ᠬᠠᠩᠰᠢ ᠶᠡᠷᠦ᠎ᠨᠢ ᠲᠠᠰᠤᠷᠠᠯᠲᠠ ᠤᠢ᠍ᠭᠡᠢ ᠬᠤᠪᠢᠷᠠᠵᠤ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠵᠤ᠂ ᠠᠭ᠋ᠠᠷ᠎ᠤᠨ ᠳᠤᠯᠠᠭ᠋ᠠᠨ ᠦᠷᠭᠦᠯᠵᠢᠯᠡᠨ ᠳᠡᠭᠡᠭᠰᠢᠯᠡᠵᠦ᠂ ᠨᠡᠷᠡᠨ᠎ᠤ ᠭᠡᠷᠡᠯ ᠭᠦᠢ᠍ᠴᠡᠳ ᠲᠤᠰᠴᠤ᠂ ᠢᠳᠡᠰᠢᠨ ᠨᠣᠭᠤᠭ᠎ᠠ ᠵᠢᠨ ᠥᠰᠥᠯᠲᠡ᠎ᠳᠤ ᠠᠰᠢᠭᠲᠠᠢ᠂ ᠢᠳᠡᠰᠢᠨ ᠨᠣᠭᠤᠭ᠎ᠠ ᠵᠢᠨ ᠤᠨᠠᠯᠲᠠ ᠵᠢ ᠨᠡᠮᠡᠭᠳᠡᠭᠦᠯᠬᠦ᠎ᠳᠤ ᠠᠰᠢᠭᠲᠠᠢ ᠪᠣᠯᠭ᠋ᠠᠵᠠᠢ᠃ ᠰᠠᠢ᠌ᠨ ᠰᠠᠢ᠌ᠬᠠᠨ ᠠᠭᠤᠷ ᠠᠮᠢᠰᠭᠤᠯ᠎ᠨᠢ ᠴᠦ᠍ ᠢᠳᠡᠰᠢᠨ ᠨᠣᠭᠣᠭ᠎ᠠ ᠲᠡᠭᠦᠬᠦ᠂ ᠬᠠᠳᠠᠭ᠋ᠠᠯᠠᠬᠤ ᠪᠠ ᠲᠡᠭᠡᠭᠡᠪᠦᠷᠢᠯᠡᠬᠦ᠎ᠳᠤ ᠠᠰᠢᠭᠲᠠᠢ᠂ ᠬᠠᠳᠠᠭ᠋ᠠᠯᠠᠵᠤ ᠵᠥᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠪᠠᠷᠠᠭ᠎ᠠ ᠬᠠᠩᠭ᠋ᠠᠬᠤ ᠲᠣᠭ᠎ᠠ ᠬᠡᠮᠵᠢᠶ᠎ᠡ᠎ᠨᠢ ᠠᠯᠬᠤᠮ ᠠᠯᠬᠤᠮ ᠵᠶ᠋ᠠᠷ ᠠᠭᠤᠵᠢᠭᠤ ᠪᠠᠢ᠌ᠵᠦ᠂ ᠡᠵᠡᠩᠨᠡᠯᠲᠡ ᠵᠢᠨ ᠥᠪᠡᠷ᠎ᠤᠨ ᠥᠷᠲᠡᠭ᠎ᠨᠢ ᠳᠣᠣᠷ᠎ᠠ ᠪᠠᠢ᠌ᠵᠦ᠂ ᠢᠳᠡᠰᠢᠨ ᠨᠣᠭᠣᠭ᠎ᠠ ᠵᠢᠨ ᠦᠨ᠎ᠡ ᠬᠠᠩᠰᠢ ᠵᠢᠨ ᠬᠠᠷᠢᠴᠠᠭᠤᠯᠤᠭᠰᠠᠨ ᠪᠠᠭᠤᠷᠠᠯᠲᠠ ᠵᠢ ᠳᠠᠢ᠌ᠴᠢᠯᠠᠬᠤ ᠬᠡᠷᠡᠭᠲᠡᠢ᠃ ᠵᠢᠱ᠌ᠢᠯᠲᠡ᠎ᠪᠠᠷ ᠤᠢ᠌ᠷ᠎ᠠ ᠵᠢᠨ ᠬᠤᠭᠤᠴᠠᠭ᠋ᠠᠨ᠎ᠳᠤ ᠢᠳᠡᠰᠢᠨ ᠨᠣᠭᠣᠭ᠋ᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠥᠰᠦᠯᠲᠡ ᠪᠠᠭᠤᠷᠠᠯᠲᠠ᠎ᠨᠢ ᠬᠠᠷᠢᠯᠴᠠᠨ ᠢᠯᠡᠷᠡᠵᠦ ᠶᠠᠪᠤᠭᠳᠠᠨ᠎ᠠ᠃

   ᠲᠠᠪᠤ᠂ ᠵᠢᠮᠢᠰ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ᠎ᠳᠤ ᠵᠢᠮᠢᠰ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 10.08 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.3%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.5%᠎ᠪᠠᠷ ᠪᠠᠭᠤᠷᠠᠪᠠ᠃ ᠡᠭᠦᠨ᠎ᠳᠤ ᠠᠯᠮᠤᠷᠠᠳ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 11.18 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.8%᠎ᠪᠠᠷ ᠨᠡᠮᠡᠭᠳᠡᠪᠡ; ᠪᠠᠨᠠᠨᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 8.85 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 2.3%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 9.9%᠎ᠪᠠᠷ ᠨᠡᠮᠡᠭᠳᠡᠪᠡ; ᠦᠵᠦᠮ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 14.27 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 3.8%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 22.3%᠎ᠪᠠᠷ ᠪᠠᠭᠤᠷᠠᠪᠠ᠃

   ᠵᠢᠮᠢᠰ᠎ᠨᠢ ᠰᠠᠭᠤᠭ᠋ᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠭᠤᠤᠯ ᠢᠳᠡᠭᠡᠨ᠎ᠤ ᠨᠢᠭᠡ ᠪᠣᠯᠤᠭᠰᠠᠨ᠎ᠤ ᠬᠤᠪᠢ᠎ᠳᠤ᠂ ᠤᠯᠠᠷᠢᠯ᠎ᠤᠨ ᠠᠭᠤᠷ ᠠᠮᠢᠰᠬᠤᠯ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠤᠪᠢᠷᠠᠯᠲᠠ ᠵᠢᠨ ᠨᠥᠯᠥᠭᠡ᠎ᠪᠠᠷ ᠬᠡᠯᠪᠡᠯᠵᠡᠯ ᠨᠡᠯᠢᠶᠡᠳ ᠢᠯᠡᠷᠬᠡᠶ ᠪᠠᠶ᠋ᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠵᠤ ᠢᠷᠡᠭᠡᠳ ᠳᠤᠯᠠᠭ᠋ᠠᠨ᠎ᠤ ᠬᠡᠮᠵᠢᠶ᠎ᠡ ᠳᠡᠭᠡᠭᠰᠢᠯᠡᠵᠦ᠂ ᠵᠢᠮᠢᠰ᠎ᠤᠨ ᠭᠠᠷᠤᠯᠲᠠ ᠡᠳᠦᠶ ᠲᠡᠳᠦᠶ ᠳᠡᠭᠡᠭᠰᠢᠯᠡᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠴᠢᠳᠠᠪᠤᠷᠢ ᠴᠢᠩᠭ᠋ᠠᠷᠠᠪᠠ᠃ ᠪᠣᠯᠪᠠᠰᠤᠷᠠᠭᠤᠯᠤᠭᠰᠠᠨ ᠲᠣᠰᠣᠨ᠎ᠤ ᠦᠨ᠎ᠡ ᠬᠠᠩᠰᠢ ᠳᠣᠣᠷ᠎ᠠ᠂ ᠬᠠᠳᠠᠭ᠋ᠠᠯᠠᠵᠤ ᠵᠥᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠵᠢᠮᠢᠰ᠎ᠤᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ᠃ ᠵᠢᠱ᠌ᠢᠯᠲᠡ᠎ᠪᠠᠷ ᠵᠢᠮᠢᠰ᠎ᠤᠨ ᠵᠠᠬ᠎ᠠ ᠳᠡᠯᠭᠡᠭᠦᠷ᠎ᠤᠨ ᠡᠷᠭᠢᠯᠲᠡ ᠦᠨ᠎ᠡ ᠲᠣᠭᠲᠠᠭᠤᠨ ᠶᠠᠪᠤᠭᠳᠠᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

ᠵᠢᠷᠭᠤᠭ᠎ᠠ᠂ ᠤᠰᠤᠨ ᠭᠠᠷᠤᠯᠲᠠ ᠵᠢᠨ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠪᠠᠭᠤᠷᠠᠪᠠ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ᠎ᠳᠤ ᠤᠰᠤᠨ ᠭᠠᠷᠤᠯᠲᠠ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 28.51 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.2% ᠵᠶ᠋ᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.7%᠎ᠪᠠᠷ ᠪᠠᠭᠤᠷᠠᠪᠠ᠃ ᠡᠭᠦᠨ᠎ᠳᠤ ᠮᠥᠷᠭᠦ ᠵᠢᠭ᠋ᠠᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 18.29 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 1.1%᠎ᠪᠠᠷ ᠪᠠᠭᠤᠷᠠᠪᠠ; ᠠᠳᠠᠯᠢ ᠬᠤᠭᠤᠴᠠᠭ᠋ᠠᠨ᠎ᠤ᠎ᠬᠢ᠎ᠠᠴᠠ 1.5%᠎ᠪᠠᠷ ᠪᠠᠭᠤᠷᠠᠪᠠ; ᠠᠯᠠᠭ᠋ᠠᠨ᠎ᠠ ᠰᠣᠭᠤᠰᠤ ᠵᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 19.3 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.7%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.1%᠎ᠪᠠᠷ ᠪᠠᠭᠤᠷᠠᠪᠠ; ᠠᠮᠤᠷ ᠵᠢᠭ᠋ᠠᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 19.64 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.5%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.3%᠎ᠪᠠᠷ ᠪᠠᠭᠤᠷᠠᠪᠠ᠃

   ᠬᠢᠨᠠᠨ ᠰᠢᠯᠭ᠋ᠠᠬᠤ ᠰᠠᠷ᠎ᠠ᠎ᠳᠤ᠂ ᠤᠰᠤᠨ᠎ᠤ ᠭᠠᠷᠤᠯᠲᠠ ᠵᠢᠨ ᠬᠡᠷᠡᠭᠯᠡᠭᠡᠨ᠎ᠤ ᠬᠡᠷᠡᠭᠴᠡᠭᠡ ᠪᠠᠭ᠋ᠠᠰᠴᠤ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠡᠮᠵᠢᠶ᠎ᠡ ᠪᠠᠭᠤᠷᠠᠵᠠᠢ᠃ ᠪᠣᠯᠪᠠᠰᠤᠷᠠᠭᠤᠯᠤᠭᠰᠠᠨ ᠲᠤᠰᠤᠨ᠎ᠤ ᠦᠨ᠎ᠡ ᠬᠠᠩᠰᠢ ᠳᠣᠤᠷ᠎ᠠ ᠪᠠᠶ᠋ᠢᠵᠤ᠂ ᠬᠠᠳᠠᠭ᠋ᠠᠯᠠᠵᠤ ᠲᠡᠭᠡᠭᠡᠪᠦᠷᠢᠯᠡᠬᠦ ᠥᠪᠡᠷ᠎ᠤᠨ ᠥᠷᠲᠡᠭ ᠪᠠᠭ᠋ᠠᠰᠴᠤ᠂ ᠤᠰᠤᠨ ᠭᠠᠷᠤᠯᠲᠠ ᠵᠢᠨ ᠦᠨ᠎ᠡ ᠬᠠᠩᠰᠢ ᠵᠢᠨ ᠭᠠᠷᠬᠠᠨ ᠬᠠᠷᠢᠴᠠᠯ ᠪᠠᠭᠤᠷᠠᠬᠤ ᠶᠠᠪᠤᠳᠠᠯ᠎ᠢ ᠬᠠᠮᠲᠤᠪᠠᠷ ᠳᠠᠶ᠋ᠢᠴᠢᠯᠠᠬᠤ ᠬᠡᠷᠡᠭᠲᠡᠶ᠃ ᠵᠢᠱ᠌ᠢᠯᠲᠡ᠎ᠪᠠᠷ ᠣᠢ᠌ᠷ᠎ᠠ ᠵᠢᠨ ᠬᠤᠭᠤᠴᠠᠭ᠋ᠠᠨ᠎ᠳᠤ ᠤᠰᠤᠨ ᠭᠠᠷᠤᠯᠲᠠ ᠵᠢᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠡᠷᠭᠢᠯᠲᠡ ᠵᠢᠨ ᠦᠨ᠎ᠡ ᠲᠣᠭᠲᠠᠭᠤᠨ ᠪᠣᠯᠬᠤ ᠪᠣᠯᠵᠤ᠂ ᠦᠨ᠎ᠡ ᠬᠠᠩᠰᠢ ᠵᠢᠨ ᠦᠰᠦᠯᠲᠠ ᠪᠠᠭᠤᠷᠠᠯᠲᠠ᠎ᠨᠢ ᠬᠡᠯᠪᠡᠯᠵᠢᠯᠲᠡ᠎ᠲᠠᠢ ᠶᠠᠪᠤᠭᠳᠠᠨ᠎ᠠ᠃

   ᠳᠣᠯᠤᠭ᠎ᠠ᠂ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠦᠨ᠎ᠡ ᠬᠠᠩᠰᠢ ᠵᠢᠨ ᠭᠠᠷᠠᠬᠠᠨ ᠬᠠᠷᠢᠴᠠᠯ᠎ᠨᠢ ᠨᠡᠮᠡᠭᠳᠡᠪᠡ

   ᠬᠢᠨᠠᠨ ᠬᠡᠮᠵᠢᠭᠰᠡᠨ ᠲᠥᠷᠥᠯ ᠵᠦᠢ᠍ᠯ᠎ᠤᠨ ᠥᠯᠢᠭᠡᠷ ᠡᠳ᠋᠎ᠤᠨ ᠲᠤᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ᠎ᠳᠤ ᠠᠮᠲᠠ ᠣᠷᠣᠭᠤᠯᠬᠤ ᠡᠳ᠋᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 7.33 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.1%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4.1%᠎ᠪᠠᠷ ᠨᠡᠮᠡᠭᠳᠡᠪᠡ᠃ ᠡᠭᠦᠨ᠎ᠳᠤ ᠢᠳᠡᠰᠢᠨ ᠳᠠᠪᠤᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 4.94 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.2% ᠵᠶ᠋ᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4.1%᠎ᠪᠠᠷ ᠪᠠᠭᠤᠷᠠᠪᠠ; ᠰᠢᠬᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠤ᠎ᠪᠠᠨ 9.72 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.1%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.7%᠎ᠪᠠᠷ ᠨᠡᠮᠡᠭᠳᠡᠪᠡ; ᠤᠤᠭᠤᠬᠤ ᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠤ᠎ᠪᠠᠨ 2.5 ᠲᠥᠭᠦᠷᠢᠭ᠎ᠲᠤ ᠬᠦᠷᠴᠦ᠂ ᠭᠠᠷᠠᠬᠠᠨ ᠬᠠᠷᠢᠴᠠᠯ᠎ᠨᠢ 0.8%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.6%᠎ᠪᠠᠷ ᠨᠡᠮᠡᠭᠳᠡᠪᠡ᠃ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠬᠠᠩᠭ᠋ᠠᠯᠭ᠎ᠠ᠎ᠨᠢ ᠲᠣᠭᠲᠠᠭᠤᠨ ᠪᠠᠢ᠌ᠵᠦ᠂ ᠡᠵᠡᠩᠨᠡᠨ ᠪᠣᠷᠣᠯᠠᠭᠤᠯᠬᠤ ᠬᠤᠳᠠᠯᠳᠤᠭ᠎ᠠ ᠪᠠᠷᠠᠭ᠎ᠠ ᠵᠢᠨ ᠢᠷᠡᠯᠲᠡ ᠭᠦᠢ᠍ᠴᠡᠳ ᠪᠠᠢ᠌ᠨ᠎ᠠ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠨᠥᠯᠥᠭᠡ᠎ᠠᠴᠠ ᠪᠣᠯᠵᠤ᠂ ᠦᠨ᠎ᠡ ᠬᠠᠩᠰᠢ᠎ᠨᠢ ᠨᠠᠰᠢ ᠴᠠᠰᠢ ᠪᠠᠭ᠎ᠠ ᠬᠡᠮᠵᠢᠶ᠎ᠡ᠎ᠪᠠᠷ ᠬᠡᠯᠪᠡᠯᠵᠡᠵᠦ᠂ ᠥᠰᠦᠯᠲᠡ ᠪᠠᠭᠤᠷᠠᠯᠲᠠ ᠵᠢᠨ ᠬᠡᠮᠵᠢᠶ᠎ᠡ᠎ᠨᠢ ᠴᠥᠮ ᠬᠡᠪ᠎ᠤᠨ ᠬᠡᠪᠴᠢᠶᠡᠨ᠎ᠳᠤ ᠪᠠᠢ᠌ᠨ᠎ᠠ᠃

  (ᠲᠣᠳᠣᠷᠬᠠᠶ᠋ᠢᠯᠠᠬᠤ᠎ᠨᠢ᠄ ᠳᠡᠭᠡᠷᠡᠬᠢ ᠦᠨ᠎ᠡ ᠬᠠᠩᠰᠢ᠎ᠨᠢ ᠴᠥᠮ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ)

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            