ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠵᠠᠬ᠎ᠠ ᠳᠡᠯᠭᠡᠭᠦᠷ᠎ᠦᠨ ᠠᠵᠢᠯᠯᠠᠭᠠᠨ ᠎ᠤ ᠵᠠᠳᠠᠯᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 11 ᠳ᠋ᠦ᠍ᠭᠡᠷ ᠰᠠᠷ᠎ᠠ᠎ᠶᠢᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠠᠵᠢᠯᠯᠠᠭᠠᠨ᠎ᠤ ᠲᠣᠪᠴᠢ ᠵᠠᠳᠠᠯᠤᠯᠲᠠ
ᠨᠡᠶ᠋ᠢᠲᠡᠯᠡᠭᠰᠡᠨ ᠴᠠᠭ᠄ 2025-12-15

     ᠵᠣᠬᠢᠶᠠᠭ᠍ᠴᠢ ᠄ ᠵᠠᠬ᠎ᠠ ᠳᠡᠯᠭᠡᠭᠦᠷ᠎ᠤᠨ ᠠᠵᠢᠯᠯᠠᠭ᠎ᠠ ᠪᠠ ᠬᠡᠷᠡᠭᠯᠡᠭᠡ᠎ᠶᠢ ᠠᠬᠢᠭᠤᠯᠬᠤ ᠭᠠᠵᠠᠷ

  ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠰᠢᠰᠲᠧᠮ᠎ᠤᠨ ᠳ᠋ᠡᠢ᠌ᠲ᠋ᠠ᠎ᠠᠴᠠ ᠦᠵᠡᠪᠡᠯ᠂ 2025 ᠣᠨ᠎ᠤ 11 ᠳ᠋ᠦ᠍ᠭᠡᠷ ᠰᠠᠷ᠎ᠠ᠎ᠳᠤ ᠪᠥᠬᠦ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢᠯ᠎ᠤᠨ ᠪᠠᠷᠠᠭᠠᠨ᠎ᠤ ᠢᠷᠡᠯᠲᠡ ᠭᠦᠢᠴᠡᠳ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭᠲᠠᠭᠤᠨ ᠪᠠᠶ᠋ᠢᠵᠤ᠂ ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠦᠨ᠎ᠡ ᠬᠠᠩᠰᠢ᠎ᠶᠢ ᠲᠦᠷᠦᠭᠦᠦ ᠨᠢᠭᠡ ᠰᠠᠷ᠎ᠠ᠎ᠶᠢᠨ᠎ᠬᠢ᠎ᠲᠠᠢ ᠬᠠᠷᠢᠴᠠᠭᠤᠯᠪᠠᠯ(ᠳᠣᠷᠣᠭ᠍ᠰᠢ ᠭᠠᠷᠠᠬᠠᠨ ᠬᠠᠷᠢᠴᠠᠯ ᠭᠡᠵᠦ ᠨᠡᠷᠡᠢ᠌ᠳᠦᠪᠡ)ᠨᠡᠮᠡᠭᠳᠡᠭᠰᠡᠨ᠎ᠨᠢ ᠢᠯᠡᠭᠦᠦ ᠪᠠᠭᠤᠷᠠᠭᠰᠠᠨ ᠨᠢ ᠪᠠᠭ᠎ᠠ ᠪᠤᠯᠤᠨ᠎ᠠ᠃ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠤᠨ ᠬᠢᠨᠠᠨ ᠬᠡᠮᠵᠢᠭᠰᠡᠨ 11 ᠲᠣᠮᠣ᠌ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ᠎ᠶᠢᠨ ᠭᠠᠷᠠᠬᠠᠨ ᠬᠠᠷᠢᠴᠠᠯ᠎ᠨᠢ 7 ᠪᠡᠷ ᠥᠰᠴᠦ 2 ᠪᠠᠷ ᠪᠠᠭᠤᠷᠠᠵᠤ 2 ᠨᠢ ᠬᠡᠪ᠎ᠦᠨ ᠪᠠᠢᠳᠠᠯ᠎ᠢᠶᠠᠷ ᠶᠠᠪᠤᠭᠳᠠᠵᠤ ᠪᠤᠢ᠃ ᠡᠭᠦᠨ᠎ᠳᠤ ᠠᠮᠤ ᠪᠤᠳᠠᠭ᠎ᠠ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ᠂ ᠠᠮᠲᠠ ᠤᠷᠤᠭᠤᠯᠬᠤ ᠡᠳ᠋᠎ᠦᠨ ᠲᠦᠷᠦᠯ᠂ ᠤᠰᠤᠨ ᠭᠠᠷᠤᠯᠲᠠ᠎ᠦᠨ ᠲᠦᠷᠦᠯ᠂ ᠢᠳᠡᠱᠢᠨ ᠨᠣᠭᠤᠭ᠎ᠠ ᠪᠠ ᠵᠢᠮᠢᠰ᠎ᠦᠨ ᠵᠢᠵᠢᠭᠯᠡᠨ ᠬᠤᠳᠠᠯᠳᠤᠬᠤ ᠦᠨ᠎ᠡ᠎ᠶᠢᠨ ᠭᠠᠷᠠᠬᠠᠨ ᠬᠠᠷᠢᠴᠠᠯ ᠨᠢ ᠨᠡᠮᠡᠭᠳᠡᠪᠡ; ᠦᠨᠳᠡᠭᠡᠨ᠎ᠦ ᠲᠦᠷᠦᠯ ᠪᠠ ᠤᠤᠭᠤᠬᠤ ᠤᠰᠤᠨ᠎ᠤ ᠵᠢᠵᠢᠭ᠌ᠯᠡᠨ ᠬᠤᠳᠠᠯᠳᠤᠬᠤ ᠭᠠᠷᠠᠬᠠᠨ ᠬᠠᠷᠢᠴᠠᠯ ᠨᠢ ᠲᠡᠩᠴᠡᠭᠦᠷᠢᠰᠢᠪᠡ᠃ ᠪᠣᠳᠠᠲᠠᠶ ᠪᠠᠢᠳᠠᠯ᠎ᠤᠨ ᠵᠠᠳᠠᠯᠤᠯᠲᠠ᠎ᠨᠢ ᠳᠣᠤᠷᠠᠬᠢ ᠮᠡᠲᠦ᠍᠄

  ᠨᠢᠭᠡ᠂ ᠠᠮᠤ ᠪᠤᠳᠠᠭ᠎ᠠ ᠪᠠ ᠢᠳᠡᠭᠡᠨ᠎ᠦ ᠲᠣᠰᠣᠨ᠎ᠤ ᠭᠠᠷᠠᠬᠠᠨ ᠬᠠᠷᠢᠴᠠᠯ ᠨᠢ ᠲᠡᠩᠴᠡᠭᠦᠷᠢᠰᠢᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠠᠮᠤ ᠪᠤᠳᠠᠭᠠᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 5.7 ᠲᠥᠭᠦᠷᠢᠭ᠂ ᠭᠠᠷᠠᠬᠠᠨ ᠬᠠᠷᠢᠴᠠᠯ ᠨᠢ ᠠᠳᠠᠯᠢ ᠬᠤᠭᠤᠴᠠᠭᠠᠨ᠎ᠤ ᠬᠢ᠎ᠡᠴᠡ 0.2%᠎ᠢᠶᠠᠷ ᠨᠡᠮᠡᠭᠳᠡᠪᠡ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠲᠠᠢ ᠬᠠᠷᠢᠴᠠᠭᠤᠯᠪᠠᠯ (ᠳᠣᠷᠣᠭ᠍ᠰᠢ ᠠᠳᠠᠯᠢ ᠬᠤᠭᠤᠴᠠᠭᠠᠨ᠎ᠤ ᠬᠢ᠎ᠡᠴᠡ ᠭᠡᠵᠦ ᠲᠤᠪᠴᠢᠯᠠᠪᠠ) 1.7%᠎ᠪᠠᠷ ᠪᠠᠭᠤᠷᠠᠪᠠ᠃ ᠡᠭᠦᠨ᠎ᠳᠤ ᠲᠤᠲᠤᠷᠭ᠎ᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 6.01 ᠲᠥᠭᠦᠷᠢᠭ᠂ ᠭᠠᠷᠠᠬᠠᠨ ᠬᠠᠷᠢᠴᠠᠯ᠎ᠨᠢ 0.3% ᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 2.4%᠎ᠪᠠᠷ ᠪᠠᠭᠤᠷᠠᠪᠠ; ᠭᠤᠯᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 5.38 ᠲᠥᠭᠦᠷᠢᠭ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ ᠠᠳᠠᠯᠢ ᠬᠤᠭᠤᠴᠠᠭᠠᠨ᠎ᠤ᠎ᠬᠢ᠎ᠠᠴᠠ 0.7%᠎ᠪᠠᠷ ᠪᠠᠭᠤᠷᠠᠪᠠ᠃ ᠢᠳᠡᠭᠡᠨ᠎ᠤ ᠲᠣᠰᠣᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 18.76 ᠲᠥᠭᠦᠷᠢᠭ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ ᠠᠳᠠᠯᠢ ᠬᠤᠭᠤᠴᠠᠭᠠᠨ᠎ᠤ᠎ᠬᠢ᠎ᠠᠴᠠ 0.2% ᠎ᠢᠶᠠᠷ ᠪᠠᠭᠤᠷᠠᠪᠠ᠃ ᠡᠭᠦᠨ᠎ᠳᠤ ᠪᠤᠷᠴᠠᠭ᠎ᠤᠨ ᠲᠣᠰᠣᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠦ᠎ᠪᠡᠨ 13.45 ᠲᠥᠭᠦᠷᠢᠭ᠂ ᠭᠠᠷᠠᠬᠠᠨ ᠬᠠᠷᠢᠴᠠᠯ᠎ᠨᠢ 0.2% ᠎ᠢᠶᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 1.9%᠎ᠪᠠᠷ ᠪᠠᠭᠤᠷᠠᠪᠠ; ᠨᠠᠢᠷᠠᠯᠭ᠎ᠠ᠎ᠶᠢᠨ ᠲᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠦ᠎ᠪᠡᠨ 16.16 ᠲᠥᠭᠦᠷᠢᠭ᠂ ᠭᠠᠷᠠᠬᠠᠨ ᠬᠠᠷᠢᠴᠠᠯ᠎ᠨᠢ ᠲᠡᠩᠴᠡᠭᠦᠷᠢᠰᠢᠵᠦ᠂ ᠠᠳᠠᠯᠢ ᠬᠤᠭᠤᠴᠠᠭᠠᠨ᠎ᠤ᠎ᠬᠢ᠎ᠠᠴᠠ 1.1% ᠪᠠᠷ ᠪᠠᠭᠤᠷᠠᠪᠠ᠃ ᠠᠮᠤ ᠲᠣᠰᠣ᠌᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠥᠷᠥᠯ᠎ᠤᠨ ᠲᠠᠸᠠᠷ ᠪᠣᠯᠤᠭᠰᠠᠨ᠎ᠤ ᠬᠤᠪᠢ᠎ᠳᠤ᠂ ᠬᠠᠳᠠᠭᠠᠯᠠᠬᠤ᠎ᠳᠤ ᠲᠥᠬᠦᠮ ᠪᠥᠭᠡᠳ ᠵᠥᠭᠡᠭᠡᠪᠦᠷᠢᠯᠡᠬᠦ᠎ᠳᠤ ᠲᠥᠬᠦᠮ ᠪᠠᠶ᠋ᠢᠳᠠᠭ᠃ ᠬᠤᠳᠠᠯᠳᠤᠭᠠᠴᠢᠨ᠎ᠤ ᠪᠡᠯᠡᠳᠭᠡᠯ ᠪᠠᠷᠠᠭ᠎ᠠ ᠬᠠᠩᠭᠠᠯᠲᠠᠲᠠᠢ᠂ ᠵᠠᠬ᠎ᠠ ᠳᠡᠯᠭᠡᠭᠦᠷ᠎ᠤᠨ ᠡᠷᠭᠢᠯᠲᠡ ᠲᠣᠭᠲᠠᠭᠤᠨ ᠪᠠᠢᠨ᠎ᠠ᠃ ᠰᠠᠷ᠎ᠠ ᠪᠦᠷᠢ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭᠴᠡᠭᠡ ᠪᠠ ᠡᠵᠡᠩᠨᠡᠯᠲᠡ᠎ᠶᠢᠨ ᠥᠪᠡᠷ᠎ᠤᠨ ᠥᠷᠲᠡᠭ᠎ᠤᠨ ᠬᠤᠪᠢᠷᠠᠯᠲᠠ᠎ᠶᠢᠨ ᠨᠥᠯᠥᠭᠡ᠎ᠶᠢ ᠭᠥᠷᠳᠡᠵᠦ᠂ ᠪᠠᠭ᠎ᠠ ᠬᠡᠮᠵᠢᠶᠡᠨ᠎ᠤ ᠬᠡᠯᠪᠡᠯᠵᠡᠯ ᠭᠠᠷᠴᠤ᠂ ᠦᠨ᠎ᠡ ᠬᠠᠩᠰᠢ ᠨᠢ ᠴᠥᠮ ᠣᠷᠣᠨ ᠵᠠᠢ᠎ᠳᠤ᠎ᠪᠡᠨ ᠵᠣᠬᠢᠰᠲᠠᠶ ᠠᠵᠢᠯᠯᠠᠵᠤ ᠪᠠᠶ᠋ᠢᠨ᠎ᠠ᠃ ᠬᠢᠨᠠᠨ ᠰᠢᠯᠭᠠᠬᠤ ᠰᠠᠷ᠎ᠠ᠎ᠳᠤ ᠣᠷᠣᠭᠰᠠᠨ᠎ᠤ ᠳᠠᠷᠠᠭ᠎ᠠ᠂ ᠡᠯ᠎ᠡ ᠭᠠᠵᠠᠷ᠎ᠤᠨ ᠰᠤᠷᠭᠠᠭᠤᠯᠢ ᠶ᠋ᠢᠨ ᠰᠤᠷᠤᠯᠭ᠎ᠠ ᠡᠬᠢᠯᠡᠭᠰᠡᠨ ᠪᠠ ᠵᠢᠭᠤᠯᠴᠢᠯᠠᠭ᠍ᠴᠢᠳ᠎ᠤᠨ ᠲᠣᠭ᠎ᠠ ᠣᠯᠠᠰᠢᠷᠠᠵᠤ᠂ ᠬᠠᠮᠲᠤ ᠶ᠋ᠢᠨ ᠬᠡᠷᠡᠭᠯᠡᠭᠡ ᠨᠡᠮᠡᠭᠳᠡᠨ᠂ ᠢᠳᠡᠭᠡᠨ ᠤᠮᠳᠠᠭᠠᠨ ᠪᠠ ᠬᠡᠷᠡᠭᠯᠡᠭᠡᠨ᠎ᠦ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ ᠶ᠋ᠢᠨ ᠨᠡᠮᠡᠭᠳᠡᠯ ᠢ᠋ ᠳᠠᠶ᠋ᠢᠴᠢᠯᠠᠪᠠ᠃ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠎ᠤ ᠪᠠᠷᠠᠭ᠎ᠠ ᠣᠷᠣᠭᠤᠯᠵᠤ ᠬᠠᠳᠠᠭᠠᠯᠠᠬᠤ ᠤᠷᠮ᠎ᠠ ᠵᠣᠷᠢᠭ᠋ ᠨᠢ ᠨᠡᠮᠡᠭᠳᠡᠵᠦ᠂ ᠪᠣᠯᠪᠠᠰᠤᠷᠠᠭᠤᠯᠬᠤ ᠠᠵᠤ ᠠᠬᠤᠢᠯᠠᠯ᠎ᠤᠨ ᠬᠤᠳᠠᠯᠳᠤᠨ ᠠᠪᠬᠤ ᠢᠳᠡᠪᠬᠢᠵᠢᠯ᠎ᠢ ᠬᠥᠭᠵᠢᠭᠡᠨ᠂ ᠠᠮᠤ ᠪᠤᠳᠠᠭᠠᠨ᠎ᠤ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ᠎ᠶᠢᠨ ᠬᠡᠮᠵᠢᠶ᠎ᠡ᠎ᠶᠢ ᠳᠡᠭᠡᠭᠰᠢᠯᠡᠭᠦᠯᠵᠦ᠂ ᠦᠨ᠎ᠡ ᠬᠠᠩᠰᠢ᠎ᠶᠢᠨ ᠬᠠᠷᠢᠴᠠᠭᠤᠯᠤᠭᠰᠠᠨ ᠬᠡᠮᠵᠢᠶ᠎ᠡ᠎ᠶᠢᠨ ᠥᠰᠦᠯᠲᠡ᠎ᠶᠢ ᠠᠬᠢᠭᠤᠯᠪᠠ᠃ ᠵᠢᠱ᠌ᠢᠯᠲᠡ᠎ᠪᠡᠷ ᠣᠢᠷ᠎ᠠ ᠶ᠋ᠢᠨ ᠬᠤᠭᠤᠴᠠᠭᠠᠨ᠎ᠳᠤ ᠠᠮᠤ ᠲᠣᠰᠣᠨ᠎ᠤ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠠᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠬᠤᠶᠠᠷ᠂ ᠮᠢᠬᠠᠨ᠎ᠤ ᠲᠥᠷᠥᠯ᠂ ᠵᠢᠭᠦᠷᠲᠡᠨ᠎ᠤ ᠲᠥᠷᠥᠯ ᠪᠠ ᠥᠨᠳᠡᠭᠡᠨ᠎ᠤ ᠲᠥᠷᠥᠯ᠎ᠤᠨ ᠦᠨ᠎ᠡ᠎ᠶᠢᠨ ᠭᠠᠷᠠᠬᠠᠨ ᠬᠠᠷᠢᠴᠠᠯ ᠨᠢ ᠲᠡᠩᠴᠡᠭᠦᠷᠢᠰᠢᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠮᠢᠬᠠᠨ᠎ᠤ ᠲᠥᠷᠥᠯ᠎ᠤᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 52.72 ᠲᠥᠭᠦᠷᠢᠭ᠂ ᠭᠠᠷᠠᠬᠠᠨ ᠬᠠᠷᠢᠴᠠᠯ ᠨᠢ 1.5% ᠎ᠪᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 1.1%᠎ᠪᠠᠷ ᠨᠡᠮᠡᠭᠳᠡᠪᠡ᠃ ᠡᠭᠦᠨ᠎ᠳᠤ ᠭᠠᠬᠠᠢ᠎ᠶᠢᠨ ᠮᠢᠬᠠᠨ᠎ᠤ ᠬᠤᠢᠲᠦ ᠭᠤᠶ᠎ᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 25.29 ᠲᠥᠭᠦᠷᠢᠭ᠂ ᠭᠠᠷᠠᠬᠠᠨ ᠬᠠᠷᠢᠴᠠᠯ ᠨᠢ 2.8%᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 14.3%᠎ᠪᠠᠷ ᠪᠠᠭᠤᠷᠠᠪᠠ᠃ ᠦᠬᠡᠷ᠎ᠤᠨ ᠮᠢᠬ᠎ᠠ᠂ ᠦᠬᠡᠷ᠎ᠤᠨ ᠭᠤᠶ᠎ᠠ᠎ᠶᠢᠨ ᠮᠢᠬᠠᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 65.25 ᠲᠥᠭᠦᠷᠢᠭ᠂ ᠭᠠᠷᠠᠬᠠᠨ ᠬᠠᠷᠢᠴᠠᠯ ᠨᠢ 2.4 % ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 6.5%᠎ᠪᠡᠷ ᠨᠡᠮᠡᠭᠳᠡᠪᠡ᠃ ᠬᠤᠨᠢᠨ ᠮᠢᠬ᠎ᠠ ᠬᠤᠨᠢᠨ ᠭᠤᠶ᠎ᠠ᠎ᠶᠢᠨ ᠮᠢᠬᠠᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 67.61ᠲᠥᠭᠦᠷᠢᠭ᠂ ᠭᠠᠷᠠᠬᠠᠨ ᠬᠠᠷᠢᠴᠠᠯ ᠨᠢ 2.5%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 2.9%᠎ᠪᠡᠷ ᠨᠡᠮᠡᠭᠳᠡᠪᠡ᠃ ᠵᠢᠭᠦᠷᠲᠡᠨ᠎ᠤ ᠲᠥᠷᠥᠯ᠎ᠤᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 23.99 ᠲᠥᠭᠦᠷᠢᠭ᠂ ᠭᠠᠷᠠᠬᠠᠨ ᠬᠠᠷᠢᠴᠠᠯ ᠨᠢ 0.8%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 3.7%᠎ᠪᠠᠷ ᠨᠡᠮᠡᠭᠳᠡᠪᠡ᠃ ᠥᠨᠳᠡᠭᠡᠨ᠎ᠤ ᠲᠥᠷᠥᠯ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 8.12 ᠲᠥᠭᠦᠷᠢᠭ᠂ ᠭᠠᠷᠠᠬᠠᠨ ᠬᠠᠷᠢᠴᠠᠯ ᠨᠢ 3.8% ᠎ᠪᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 25.7%᠎ᠪᠠᠷ ᠪᠠᠭᠤᠷᠠᠪᠠ᠃ ᠪᠥᠬᠥ ᠣᠷᠣᠨ᠎ᠤ ᠮᠢᠬ᠎ᠠ ᠵᠢᠭᠦᠷᠲᠡᠨ ᠥᠨᠳᠡᠭᠡ᠎ᠶᠢᠨ ᠲᠥᠷᠥᠯ᠎ᠦᠨ ᠪᠠᠷᠠᠭᠠᠨ᠎ᠤ ᠢᠷᠡᠯᠲᠡ ᠭᠦᠢᠴᠡᠳ᠂ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠠᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ᠎ᠤ ᠳᠠᠷᠠᠭ᠎ᠠ᠂ ᠠᠭᠤᠷ ᠠᠮᠢᠰᠬᠤᠯ ᠠᠭᠠᠵᠢᠮ᠎ᠢᠶᠠᠷ ᠬᠦᠢᠲᠡᠷᠡᠵᠦ᠂ ᠬᠠᠯᠠᠭᠤᠨ ᠲᠣᠭᠣᠭ᠎ᠠ ᠢᠳᠡᠬᠦ ᠬᠥᠮᠥᠨ᠎ᠦ ᠲᠣᠭ᠎ᠠ ᠣᠯᠠᠰᠢᠷᠠᠵᠤ᠂ ᠰᠠᠭᠤᠭᠠᠯᠢ ᠠᠷᠠᠳ᠎ᠤᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠪᠡ᠃ ᠡᠯ᠎ᠡ ᠭᠠᠵᠠᠷ᠎ᠤᠨ ᠰᠤᠷᠭᠠᠭᠤᠯᠢ᠎ᠶᠢᠨ ᠰᠤᠷᠤᠯᠭ᠎ᠠ ᠡᠬᠢᠯᠡᠭᠰᠡᠨ ᠪᠠ ᠵᠢᠭᠤᠯᠴᠢᠯᠠᠭ᠍ᠴᠢᠳ᠎ᠤᠨ ᠲᠣᠭ᠎ᠠ ᠣᠯᠠᠰᠢᠷᠠᠵᠤ᠂ ᠬᠠᠮᠲᠤ᠎ᠶᠢᠨ ᠬᠡᠷᠡᠭᠯᠡᠭᠡ ᠳᠡᠭᠡᠭᠰᠢᠯᠡᠨ᠂ ᠢᠳᠡᠭᠡᠨ ᠤᠮᠳᠠᠭᠠᠨ᠎ᠤ ᠵᠠᠬ᠎ᠠ ᠳᠡᠯᠭᠡᠭᠦᠷ ᠬᠥᠭᠵᠢᠶᠡᠨᠲᠡᠢ ᠪᠣᠯᠵᠤ᠂ ᠬᠡᠷᠡᠭᠯᠡᠭᠡᠨ᠎ᠦ ᠴᠢᠳᠠᠪᠤᠷᠢ ᠨᠡᠮᠡᠭᠳᠡᠪᠡ᠃ ᠬᠡᠰᠡᠭ ᠲᠡᠵᠢᠭᠡᠨ ᠦᠷᠡᠵᠢᠭᠦᠯᠬᠦ ᠡᠷᠦᠬᠡ ᠦᠨ᠎ᠡ ᠥᠰᠬᠦ ᠶ᠋ᠢ ᠬᠦᠰᠡᠬᠦ ᠰᠡᠳᠬᠢᠯᠭᠡ ᠨᠢ ᠶᠡᠬᠡ ᠪᠠᠢᠵᠤ᠂ ᠪᠣᠷᠣᠯᠠᠭᠤᠯᠤᠯᠲᠠ ᠶ᠋ᠢᠨ ᠠᠬᠢᠴᠠ ᠨᠢ ᠤᠳᠠᠭᠠᠰᠢᠷᠠᠵᠤ᠂ ᠵᠠᠬ᠎ᠠ ᠳᠡᠯᠭᠡᠭᠦᠷ᠎ᠦᠨ ᠬᠠᠩᠭᠠᠯᠭ᠎ᠠ ᠶ᠋ᠢᠨ ᠴᠢᠳᠠᠪᠤᠷᠢ ᠨᠢ ᠪᠠᠭᠤᠷᠠᠵᠤ᠂ ᠮᠢᠬᠠᠨ᠎ᠤ ᠲᠥᠷᠥᠯ᠎ᠦᠨ ᠦᠨ᠎ᠡ ᠬᠠᠩᠰᠢ ᠳᠡᠭᠡᠷ᠎ᠡ ᠰᠠᠷ᠎ᠠ ᠶ᠋ᠢᠨ ᠬᠢ᠎ᠲᠠᠢ ᠠᠳᠠᠯᠢᠳᠬᠠᠨ ᠥᠰᠬᠦ ᠶ᠋ᠢ ᠬᠠᠮᠲᠤ᠎ᠪᠠᠷ ᠲᠦᠯᠬᠢᠨ ᠠᠬᠢᠭᠤᠯᠵᠤ ᠪᠠᠢᠨ᠎ᠠ᠃ ᠮᠢᠬᠠᠨ᠎ᠤ ᠵᠦᠢᠯ ᠪᠠ ᠢᠳᠡᠰᠢᠨ ᠨᠣᠭᠣᠭ᠎ᠠ᠎ᠶᠢᠨ ᠦᠨ᠎ᠡ ᠬᠠᠩᠰᠢ ᠥᠰᠦᠭᠰᠡᠨ ᠨᠢ ᠵᠢᠭᠦᠷᠲᠡᠨ᠎ᠦ ᠲᠥᠷᠥᠯ᠎ᠦᠨ ᠬᠡᠷᠡᠭᠯᠡᠭᠡ᠎ᠶᠢ ᠳᠠᠶ᠋ᠢᠴᠢᠯᠠᠨ ᠬᠦᠴᠦᠷᠬᠡᠭᠵᠢᠭᠦᠯᠵᠦ᠂ ᠵᠠᠬ᠎ᠠ ᠳᠡᠯᠭᠡᠭᠦᠷ᠎ᠦᠨ ᠥᠰᠦᠯᠲᠡ᠎ᠶᠢ ᠬᠠᠷᠠᠬᠤ ᠤᠷᠮᠠᠰ᠎ᠢ ᠬᠥᠭᠵᠢᠭᠡᠨ᠂ ᠵᠢᠭᠦᠷᠲᠡᠨ᠎ᠦ ᠲᠥᠷᠥᠯ᠎ᠦᠨ ᠦᠨ᠎ᠡ ᠬᠠᠩᠰᠢ ᠬᠠᠷᠢᠴᠠᠭᠤᠯᠤᠭᠰᠠᠨ ᠬᠡᠮᠵᠢᠶ᠎ᠡ᠎ᠪᠡᠷ᠎ᠢᠶᠡᠨ ᠥᠰᠬᠦ᠎ᠶᠢ ᠠᠬᠢᠭᠤᠯᠪᠠ᠃ ᠵᠢᠱ᠌ᠢᠯᠲᠡ᠎ᠪᠡᠷ ᠣᠢᠷ᠎ᠠ᠎ᠶᠢᠨ ᠬᠤᠭᠤᠴᠠᠭᠠᠨ᠎ᠳᠤ ᠮᠢᠬᠠᠨ᠎ᠤ ᠲᠥᠷᠥᠯ᠂ ᠵᠢᠭᠦᠷᠲᠡᠨ᠎ᠦ ᠲᠥᠷᠥᠯ ᠪᠠ ᠥᠨᠳᠡᠭᠡ᠎ᠶᠢᠨ ᠲᠥᠷᠥᠯ᠎ᠦᠨ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠠᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠭᠤᠷᠪᠠ᠂ ᠴᠠᠭᠠᠨ ᠢᠳᠡᠭᠡᠨ᠎ᠤ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠪᠠᠭᠤᠷᠠᠪᠠ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠴᠠᠭᠠᠨ ᠢᠳᠡᠭᠡᠨ᠎ᠤ ᠳᠤᠮᠳᠠᠴᠢ ᠦᠨ᠎ᠡ ᠬᠠᠩᠰᠢ᠎ᠨᠢ 100.69 ᠲᠥᠭᠦᠷᠢᠭ᠂ ᠭᠠᠷᠠᠬᠠᠨ ᠬᠠᠷᠢᠴᠠᠯ ᠨᠢ 0.3% ᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 1.7%᠎ᠪᠠᠷ ᠨᠡᠮᠡᠭᠳᠡᠪᠡ᠃ ᠡᠭᠦᠨ᠎ᠳᠤ ᠬᠡᠪ᠎ᠤᠨ ᠳᠤᠯᠠᠭᠠᠨ ᠰᠦ᠎ᠶᠢᠨ ᠳᠤᠮᠳᠠᠴᠢ ᠦᠨ᠎ᠡ ᠨᠢ ᠯᠢᠲᠷ ᠪᠦᠷᠢ᠎ᠳᠦ᠎ᠪᠡᠨ 10.67 ᠲᠥᠭᠦᠷᠢᠭ᠂ ᠭᠠᠷᠠᠬᠠᠨ ᠬᠠᠷᠢᠴᠠᠯ ᠨᠢ 0.1%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 0.8%᠎ᠪᠠᠷ  ᠪᠠᠭᠤᠷᠠᠪᠠ; ᠡᠭᠡᠳᠡᠭᠰᠡᠨ ᠰᠦ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 14.92 ᠲᠥᠭᠦᠷᠢᠭ᠂ ᠭᠠᠷᠠᠬᠠᠨ ᠬᠠᠷᠢᠴᠠᠯ ᠨᠢ 0.7%᠎ᠪᠠᠷ ᠪᠠᠭᠤᠷᠠᠵᠤ; ᠠᠳᠠᠯᠢ ᠬᠤᠭᠤᠴᠠᠭᠠᠨ᠎ᠤ᠎ᠬᠢ᠎ᠠᠴᠠ 0.5%᠎ᠪᠡᠷ ᠨᠡᠮᠡᠭᠳᠡᠪᠡ; ᠤᠯᠤᠰ᠎ᠤᠨ ᠳᠣᠲᠣᠭᠠᠳᠤ᠎ᠶᠢᠨ ᠨᠢᠯᠬ᠎ᠠ ᠬᠡᠦᠬᠡᠳ᠎ᠤᠨ ᠰᠦᠨ ᠲᠠᠯᠬ᠎ᠠ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 219.91 ᠲᠥᠭᠦᠷᠢᠭ᠂ ᠭᠠᠷᠠᠬᠠᠨ ᠬᠠᠷᠢᠴᠠᠯ ᠨᠢ 0.7%᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 1.1%᠎ᠪᠠᠷ ᠨᠡᠮᠡᠭᠳᠡᠪᠡ᠃ ᠴᠠᠭᠠᠨ ᠢᠳᠡᠭᠡᠨ᠎ᠦ ᠪᠠᠷᠠᠭᠠᠨ᠎ᠤ ᠢᠷᠡᠯᠲᠡ ᠭᠦᠢᠴᠡᠳ ᠬᠠᠩᠭᠠᠯᠭ᠎ᠠ ᠬᠡᠷᠡᠭᠴᠡᠭᠡ ᠲᠣᠭᠲᠠᠭᠤᠨ ᠪᠠᠢᠵᠤ᠂ ᠰᠠᠷ᠎ᠠ ᠪᠦᠷᠢ᠎ᠶᠢᠨ ᠦᠨ᠎ᠡ ᠬᠠᠩᠰᠢ ᠨᠢ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ ᠪᠣᠯᠣᠨ ᠡᠵᠡᠩᠨᠡᠯᠲᠡ᠎ᠶᠢᠨ ᠬᠤᠪᠢᠷᠠᠯᠲᠠ᠎ᠶᠢ ᠳᠠᠭᠠᠵᠤ ᠪᠠᠭ᠎ᠠ ᠬᠡᠮᠵᠢᠶ᠎ᠡ᠎ᠪᠡᠷ ᠬᠡᠯᠪᠡᠯᠵᠡᠵᠦ᠂ ᠦᠨ᠎ᠡ ᠬᠠᠩᠰᠢ ᠨᠢ ᠴᠥᠮ ᠣᠷᠣᠨ ᠵᠠᠢ᠎ᠳᠤ ᠵᠦᠢ ᠵᠣᠬᠢᠰᠲᠠᠢ ᠶᠠᠪᠤᠭᠳᠠᠵᠤ ᠪᠠᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ᠎ᠤ ᠳᠠᠷᠠᠭ᠎ᠠ ᠲᠦᠭᠦᠬᠡᠢ ᠮᠠᠲᠧᠷᠢᠶᠠᠯ᠎ᠤᠨ ᠦᠨ᠎ᠡ ᠪᠠᠭᠤᠷᠠᠵᠤ᠂ ᠦᠢᠯᠡᠳᠪᠦᠷᠢᠯᠡᠯ᠎ᠦᠨ ᠥᠪᠡᠷ᠎ᠦᠨ ᠥᠷᠲᠡᠭ ᠬᠠᠰᠤᠭᠳᠠᠪᠠ᠃ ᠪᠣᠯᠪᠠᠰᠤᠷᠠᠭᠤᠯᠤᠭᠰᠠᠨ ᠲᠣᠰᠣᠨ᠎ᠤ ᠦᠨ᠎ᠡ ᠪᠠᠭᠤᠷᠠᠵᠤ᠂ ᠬᠠᠳᠠᠭᠠᠯᠠᠵᠤ ᠵᠥᠭᠡᠭᠡᠪᠦᠷᠢᠯᠡᠬᠦ ᠥᠪᠡᠷ᠎ᠦᠨ ᠥᠷᠲᠡᠭ ᠪᠠᠭᠠᠰᠴᠤ᠂ ᠴᠠᠭᠠᠨ ᠢᠳᠡᠭᠡᠨ᠎ᠦ ᠦᠨ᠎ᠡ ᠶ᠋ᠢ ᠠᠳᠠᠯᠢ ᠬᠤᠭᠤᠴᠠᠭᠠᠨ᠎ᠤ ᠬᠢ᠎ᠡᠴᠡ ᠪᠠᠭᠤᠷᠠᠭᠤᠯᠬᠤ ᠶ᠋ᠢ ᠬᠠᠮᠲᠤ᠎ᠪᠠᠷ ᠳᠠᠶ᠋ᠢᠴᠢᠯᠠᠪᠠ᠃ ᠵᠢᠱ᠌ᠢᠯᠲᠡ᠎ᠪᠡᠷ ᠣᠢᠷ᠎ᠠ ᠶ᠋ᠢᠨ ᠬᠤᠭᠤᠴᠠᠭᠠᠨ᠎ᠳᠤ ᠴᠠᠭᠠᠨ ᠢᠳᠡᠭᠡᠨ᠎ᠦ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠠᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠳᠦᠷᠪᠡ᠂ ᠢᠳᠡᠰᠢᠨ ᠨᠣᠭᠤᠭ᠎ᠠ᠎ᠶᠢᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠢᠳᠡᠰᠢᠨ ᠨᠣᠭᠤᠭ᠎ᠠ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 7.6 ᠲᠥᠭᠦᠷᠢᠭ᠂ ᠭᠠᠷᠠᠬᠠᠨ ᠬᠠᠷᠢᠴᠠᠯ ᠨᠢ 14.5% ᠎ᠪᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 2.5%᠎ᠪᠠᠷ ᠨᠡᠮᠡᠭᠳᠡᠪᠡ᠃ ᠰᠢᠰᠲᠧᠮ᠎ᠲᠠᠢ ᠬᠢᠨᠠᠨ ᠬᠡᠮᠵᠢᠭᠰᠡᠨ ᠢᠳᠡᠰᠢᠨ ᠨᠣᠭᠤᠭ᠎ᠠ᠎ᠶᠢᠨ 30 ᠦᠯᠢᠭᠡᠷ ᠳᠣᠲᠣᠷ᠎ᠠ᠂ 2 ᠵᠦᠢᠯ᠎ᠤᠨ ᠢᠳᠡᠰᠢᠨ ᠨᠣᠭᠤᠭ᠎ᠠ᠎ᠶᠢᠨ ᠦᠯᠢᠭᠡᠷ ᠬᠡᠪ᠎ᠤᠨ ᠦᠨ᠎ᠡ᠎ᠶᠢᠨ ᠭᠠᠷᠠᠬᠠᠨ ᠬᠠᠷᠢᠴᠠᠯ ᠨᠢ ᠪᠠᠭᠤᠷᠠᠵᠤ᠂ 6.7%᠎ᠶᠢ ᠡᠵᠡᠯᠡᠪᠡ; 28 ᠵᠦᠢᠯ᠎ᠤᠨ ᠢᠳᠡᠰᠢᠨ ᠨᠣᠭᠤᠭ᠎ᠠ᠎ᠶᠢᠨ ᠦᠯᠢᠭᠡᠷ ᠶᠠᠩᠵᠤ᠎ᠶᠢᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠨᠡᠮᠡᠭᠳᠡᠵᠦ᠂ 93.3%᠎ᠶᠢ ᠡᠵᠡᠯᠡᠪᠡ᠃ ᠡᠭᠦᠨ᠎ᠳᠦ ᠨᠡᠮᠡᠭᠳᠡᠯ᠎ᠦᠨ ᠬᠡᠮᠵᠢᠶ᠎ᠡ᠎ᠪᠡᠷ ᠬᠠᠮᠤᠭ᠎ᠤᠨ ᠶᠡᠬᠡ 3 ᠲᠥᠷᠥᠯ ᠵᠦᠢᠯ ᠨᠢ ᠲᠤᠰ ᠲᠤᠰ᠄ ᠥᠷᠭᠡᠰᠦᠲᠦ ᠨᠣᠭᠤᠭ᠎ᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 10.98 ᠲᠥᠭᠦᠷᠢᠭ᠂ ᠭᠠᠷᠠᠬᠠᠨ ᠬᠠᠷᠢᠴᠠᠯ᠎ᠨᠢ 32.0%᠎ᠪᠠᠷ ᠨᠡᠮᠡᠭᠳᠡᠪᠡ; ᠭᠤᠭᠤᠳ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 10.7 ᠲᠥᠭᠦᠷᠢᠭ᠂ ᠭᠠᠷᠠᠬᠠᠨ ᠬᠠᠷᠢᠴᠠᠯ᠎ᠨᠢ 32.9 % ᠎ᠪᠠᠷ ᠨᠡᠮᠡᠭᠳᠡᠪᠡ; ᠪᠦᠭᠡᠷᠡᠩᠬᠡᠢ ᠴᠠᠭ᠋ᠠᠨ ᠨᠤᠭᠤᠭ᠎ᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 3.3 ᠲᠥᠭᠦᠷᠢᠭ᠂ ᠭᠠᠷᠠᠬᠠᠨ ᠬᠠᠷᠢᠴᠠᠯ᠎ᠨᠢ 38.7 %᠎ᠪᠠᠷ ᠨᠡᠮᠡᠭᠳᠡᠪᠡ᠃ ᠢᠳᠡᠰᠢᠨ ᠨᠣᠭᠣᠭ᠎ᠠ᠎ᠨᠢ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠭᠣᠤᠯ ᠪᠣᠯᠬᠤ ᠬᠡᠷᠡᠭᠴᠡᠭᠡᠨ᠎ᠤ ᠵᠦᠢᠯ ᠪᠣᠯᠤᠭᠰᠠᠨ᠎ᠤ ᠬᠤᠪᠢ᠎ᠳᠤ᠂ ᠠᠭᠤᠷ ᠠᠮᠢᠰᠬᠤᠯ᠂ ᠭᠠᠷᠤᠯᠲᠠ᠎ᠶᠢᠨ ᠬᠡᠮᠵᠢᠶ᠎ᠡ ᠪᠣᠯᠤᠨ ᠲᠡᠭᠡᠭᠡᠪᠦᠷᠢ᠎ᠶᠢᠨ ᠥᠪᠡᠷ᠎ᠤᠨ ᠥᠷᠲᠡᠭ ᠵᠡᠷᠭᠡ ᠬᠦᠴᠦᠨ ᠵᠦᠢᠯ᠎ᠤᠨ ᠨᠥᠯᠥᠭᠡᠯᠡᠯ᠎ᠢᠶᠠᠷ ᠦᠨ᠎ᠡ ᠬᠠᠩᠰᠢ ᠶᠡᠷᠦ᠎ᠨᠢ ᠲᠠᠰᠤᠷᠠᠯᠲᠠ ᠤᠢ᠍ᠭᠡᠢ ᠬᠤᠪᠢᠷᠠᠵᠤ ᠪᠠᠢ᠌ᠳᠠᠭ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ᠎ᠤ ᠳᠠᠷᠠᠭ᠎ᠠ᠂ ᠠᠭᠠᠷ᠎ᠤᠨ ᠳᠤᠯᠠᠭᠠᠨ᠎ᠤ ᠤᠯᠠᠮ᠎ᠢᠶᠠᠷ ᠳᠣᠷᠣᠭᠰᠢᠯᠠᠬᠤ᠎ᠶᠢ ᠳᠠᠭᠠᠯᠳᠤᠨ᠂ ᠲᠤᠬᠠᠢ᠎ᠶᠢᠨ ᠭᠠᠵᠠᠷ᠎ᠤᠨ ᠢᠳᠡᠰᠢᠨ ᠨᠣᠭᠣᠭ᠎ᠠ᠎ᠶᠢᠨ ᠭᠠᠷᠤᠯᠲᠠ ᠡᠳᠦᠢ ᠲᠡᠳᠦᠢ ᠪᠠᠭᠤᠷᠠᠵᠤ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ ᠴᠢᠳᠠᠪᠤᠷᠢ ᠪᠠᠭᠤᠷᠠᠪᠠ᠃ ᠭᠠᠳᠠᠷ ᠣᠷᠣᠨ᠎ᠠᠴᠠ ᠰᠢᠯᠵᠢᠭᠦᠯᠦᠨ ᠵᠥᠭᠡᠭᠡᠪᠦᠷᠢᠯᠡᠬᠦ ᠬᠡᠮᠵᠢᠶ᠎ᠡ ᠨᠡᠮᠡᠭᠳᠡᠵᠦ᠂ ᠬᠠᠳᠠᠭᠠᠯᠠᠵᠤ ᠵᠥᠭᠡᠭᠡᠪᠦᠷᠢᠯᠡᠬᠦ ᠥᠪᠡᠷ᠎ᠦᠨ ᠥᠷᠲᠡᠭ ᠨᠡᠮᠡᠭᠳᠡᠵᠦ᠂ ᠡᠵᠡᠩᠨᠡᠯᠲᠡ ᠶ᠋ᠢᠨ ᠥᠪᠡᠷ᠎ᠦᠨ ᠥᠷᠲᠡᠭ ᠳᠡᠭᠡᠭᠰᠢᠯᠡᠵᠦ᠂ ᠢᠳᠡᠰᠢᠨ ᠨᠣᠭᠣᠭ᠎ᠠ ᠶ᠋ᠢᠨ ᠦᠨ᠎ᠡ ᠶ᠋ᠢᠨ ᠠᠳᠠᠯᠢ ᠬᠤᠭᠤᠴᠠᠭᠠᠨ᠎ᠤ ᠬᠢ᠎ᠡᠴᠡ ᠥᠰᠬᠦ ᠶᠠᠪᠤᠳᠠᠯ ᠢ᠋ ᠬᠠᠮᠲᠤ᠎ᠪᠠᠷ ᠲᠦᠯᠬᠢᠨ ᠠᠬᠢᠭᠤᠯᠵᠤ ᠪᠠᠢᠨ᠎ᠠ᠃ ᠵᠢᠱ᠌ᠢᠯᠲᠡ᠎ᠪᠡᠷ ᠣᠢᠷ᠎ᠠ᠎ᠶᠢᠨ ᠬᠤᠭᠤᠴᠠᠭᠠᠨ᠎ᠳᠤ ᠢᠳᠡᠰᠢᠨ ᠨᠣᠭᠣᠭ᠎ᠠ᠎ᠶᠢᠨ ᠵᠠᠬ᠎ᠠ ᠳᠡᠯᠭᠡᠭᠦᠷ᠎ᠦᠨ ᠪᠠᠷᠠᠭᠠᠨ᠎ᠤ ᠢᠷᠡᠯᠲᠡ ᠭᠦᠢᠴᠡᠳ ᠪᠠᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠲᠠᠪᠤ᠂ ᠵᠢᠮᠢᠰ᠎ᠤᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠵᠢᠮᠢᠰ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 9.57 ᠲᠥᠭᠦᠷᠢᠭ᠂ ᠭᠠᠷᠠᠬᠠᠨ ᠬᠠᠷᠢᠴᠠᠯ ᠨᠢ 2.4%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 1.4% ᠪᠡᠷ ᠨᠡᠮᠡᠭᠳᠡᠪᠡ᠃ ᠡᠭᠦᠨ᠎ᠳᠤ ᠠᠯᠮᠤᠷᠠᠳ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ ᠪᠡᠨ 12.52 ᠲᠥᠭᠦᠷᠢᠭ᠂ ᠭᠠᠷᠠᠬᠠᠨ ᠬᠠᠷᠢᠴᠠᠯ᠎ᠨᠢ 3.2%᠎ᠢᠶᠡᠷ ᠪᠠᠭᠤᠷᠠᠵᠦ᠂ ᠠᠳᠠᠯᠢ ᠬᠤᠭᠤᠴᠠᠭᠠᠨ᠎ᠤ᠎ᠬᠢ᠎ᠠᠴᠠ 12.8% ᠪᠠᠷ ᠨᠡᠮᠡᠭᠳᠡᠪᠡ; ᠪᠠᠨᠠᠨᠠ᠎ᠶᠢᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 7.28 ᠲᠥᠭᠦᠷᠢᠭ᠂ ᠭᠠᠷᠠᠬᠠᠨ ᠬᠠᠷᠢᠴᠠᠯ᠎ᠨᠢ 1.5%᠎ᠪᠠᠷ ᠪᠠᠭᠤᠷᠠᠵᠤ᠂ ᠠᠳᠠᠯᠢ ᠬᠤᠭᠤᠴᠠᠭᠠᠨ᠎ᠤ᠎ᠬᠢ᠎ᠠᠴᠠ 16.5% ᠪᠠᠷ ᠪᠠᠭᠤᠷᠠᠪᠠ ; ᠦᠵᠦᠮ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ ᠪᠡᠨ 14.62 ᠲᠥᠭᠦᠷᠢᠭ᠂ ᠭᠠᠷᠠᠬᠠᠨ ᠬᠠᠷᠢᠴᠠᠯ᠎ᠨᠢ 5.2%᠎ᠢᠶᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 2.5% ᠪᠠᠷ ᠪᠠᠭᠤᠷᠠᠪᠠ᠃ ᠵᠢᠮᠢᠰ᠎ᠨᠢ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠭᠤᠤᠯ ᠢᠳᠡᠭᠡᠨ᠎ᠤ ᠨᠢᠭᠡ ᠪᠣᠯᠤᠭ᠍ᠰᠠᠨ᠎ᠤ ᠬᠤᠪᠢ᠎ᠳᠤ᠂ ᠤᠯᠠᠷᠢᠯ᠎ᠤᠨ ᠠᠭᠤᠷ ᠠᠮᠢᠰᠭᠤᠯ ᠪᠠ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠬᠤᠪᠢᠷᠠᠯᠲᠠ᠎ᠶ᠋ᠢᠨ ᠨᠥᠯᠥᠭᠡ᠎ᠪᠠᠷ ᠬᠡᠯᠪᠡᠯᠵᠡᠯ ᠨᠡᠯᠢᠶᠡᠳ ᠢᠯᠡᠷᠬᠡᠶ ᠪᠠᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ᠎ᠤ ᠳᠠᠷᠠᠭ᠎ᠠ᠂ ᠡᠨᠡ ᠵᠢᠯ᠎ᠦᠨ ᠡᠬᠢᠨ᠎ᠦ ᠬᠤᠭᠤᠴᠠᠭᠠᠨ᠎ᠤ ᠬᠠᠪᠤᠷ᠎ᠤᠨ ᠬᠦᠢᠲᠡᠨ᠎ᠦ ᠴᠡᠴᠡᠭᠯᠡᠬᠦ ᠬᠤᠭᠤᠴᠠᠭᠠᠨ᠎ᠤ ᠭᠠᠮᠰᠢᠭ᠋ ᠪᠠ ᠨᠠᠮᠤᠷ᠎ᠤᠨ ᠤᠯᠠᠷᠢᠯ᠎ᠤᠨ ᠦᠷᠭᠦᠯᠵᠢᠯᠡᠭᠰᠡᠨ ᠪᠦᠷᠬᠦᠭ ᠪᠣᠷᠣᠭᠠᠨ᠎ᠤ ᠭᠠᠮᠰᠢᠭ᠋ ᠠ᠋ᠴᠠ ᠪᠣᠯᠵᠤ᠂ ᠠᠯᠮᠤᠷᠠᠳ᠎ᠤᠨ ᠭᠠᠷᠤᠯᠲᠠ ᠵᠢᠮᠢᠰ ᠬᠠᠭᠠᠷᠠᠬᠤ ᠨᠣᠷᠮ᠎ᠠ᠎ᠶᠢ ᠨᠡᠮᠡᠭᠳᠡᠭᠦᠯᠵᠡᠢ᠃ ᠬᠡᠰᠡᠭ ᠵᠢᠮᠢᠰ᠎ᠦᠨ ᠲᠠᠷᠢᠶᠠᠴᠢᠳ᠎ᠤᠨ ᠥᠰᠦᠯᠲᠡ᠎ᠶᠢ ᠦᠵᠡᠬᠦ ᠤᠷᠮ᠎ᠠ ᠵᠣᠷᠢᠭ᠋ ᠨᠢ ᠶᠡᠬᠡᠳᠴᠦ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ ᠴᠢᠳᠠᠪᠤᠷᠢ ᠨᠢ ᠪᠠᠭᠤᠷᠠᠵᠤ᠂ ᠵᠢᠮᠢᠰ᠎ᠦᠨ ᠦᠨ᠎ᠡ᠎ᠶᠢᠨ ᠲᠦᠷᠦᠭᠦᠸ᠋ ᠰᠠᠷ᠎ᠠ᠎ᠶᠢᠨ ᠬᠢ᠎ᠡᠴᠡ ᠥᠰᠬᠦ ᠶᠠᠪᠤᠳᠠᠯ᠎ᠢ ᠲᠦᠯᠬᠢᠨ ᠠᠬᠢᠭᠤᠯᠵᠤ ᠪᠠᠢᠨ᠎ᠠ᠃ ᠵᠢᠱ᠌ᠢᠯᠲᠡ᠎ᠪᠡᠷ ᠣᠢᠷ᠎ᠠ ᠶ᠋ᠢᠨ ᠬᠤᠭᠤᠴᠠᠭᠠᠨ᠎ᠳᠤ ᠵᠢᠮᠢᠰ᠎ᠦᠨ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠠᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠵᠢᠷᠭᠤᠭ᠎ᠠ᠂ ᠤᠰᠤᠨ ᠭᠠᠷᠤᠯᠲᠠ᠎ᠶᠢᠨ ᠦᠨ᠎ᠡ ᠬᠠᠩᠰᠢ᠎ᠶᠢᠨ ᠭᠠᠷᠠᠬᠠᠨ ᠬᠠᠷᠢᠴᠠᠯ ᠨᠢ ᠨᠡᠮᠡᠭᠳᠡᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠤᠰᠤᠨ ᠭᠠᠷᠤᠯᠲᠠ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 28.85 ᠲᠥᠭᠦᠷᠢᠭ᠂ ᠭᠠᠷᠠᠬᠠᠨ ᠬᠠᠷᠢᠴᠠᠯ ᠨᠢ 0.5%᠎ᠪᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 1.9%᠎ᠪᠡᠷ ᠪᠠᠭᠤᠷᠠᠪᠠ᠃ ᠡᠭᠦᠨ᠎ᠳᠤ ᠮᠥᠷᠭᠦ ᠵᠢᠭᠠᠰᠤᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 18.66 ᠲᠥᠭᠦᠷᠢᠭ᠂ ᠭᠠᠷᠠᠬᠠᠨ ᠬᠠᠷᠢᠴᠠᠯ ᠨᠢ 0.1%᠎ᠪᠠᠷ ᠨᠡᠮᠡᠭᠳᠡᠵᠦ; ᠠᠳᠠᠯᠢ ᠬᠤᠭᠤᠴᠠᠭᠠᠨ᠎ᠤ᠎ᠬᠢ᠎ᠠᠴᠠ 2.9%᠎ᠪᠡᠷ ᠪᠠᠭᠤᠷᠠᠪᠠ; ᠠᠯᠠᠭᠠᠨ᠎ᠠ ᠰᠣᠭᠤᠰᠤ᠎ᠶᠢᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 17.91ᠲᠥᠭᠦᠷᠢᠭ᠂ ᠭᠠᠷᠠᠬᠠᠨ ᠬᠠᠷᠢᠴᠠᠯ ᠨᠢ 0.5%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 8.5%᠎ᠪᠠᠷ ᠪᠠᠭᠤᠷᠠᠪᠠ; ᠠᠮᠤᠷ ᠵᠢᠭᠠᠰᠤᠨ᠎ᠤ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 21.09 ᠲᠥᠭᠦᠷᠢᠭ᠂ ᠭᠠᠷᠠᠬᠠᠨ ᠬᠠᠷᠢᠴᠠᠯ ᠨᠢ 0.9%᠎ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 5.7%᠎ᠪᠠᠷ ᠪᠠᠭᠤᠷᠠᠪᠠ᠃ ᠤᠰᠤᠨ ᠭᠠᠷᠤᠯᠲᠠ᠎ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠥᠷᠥᠯ᠎ᠤᠨ ᠲᠠᠸᠠᠷ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠬᠤᠳᠠᠯᠳᠤᠭᠠᠴᠢᠨ᠎ᠤ ᠨᠥᠭᠡᠴᠡ ᠭᠦᠢᠴᠡᠳ ᠪᠠᠢᠵᠤ᠂ ᠵᠠᠬ᠎ᠠ ᠳᠡᠯᠭᠡᠭᠦᠷ᠎ᠤᠨ ᠠᠵᠢᠯᠯᠠᠭᠠᠨ ᠲᠣᠭ᠍ᠲᠠᠭᠤᠨ ᠪᠠᠢᠨ᠎ᠠ᠃ ᠰᠠᠷ᠎ᠠ ᠪᠦᠷᠢ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ ᠪᠠ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠬᠤᠪᠢᠷᠠᠯᠲᠠ᠎ᠶ᠋ᠢᠨ ᠨᠥᠯᠥᠭᠡ᠎ᠶ᠋ᠢ ᠭᠥᠷᠳᠡᠵᠦ᠍᠂ ᠪᠠᠭ᠎ᠠ ᠬᠡᠮᠵᠢᠶᠡᠨ᠎ᠤ ᠬᠡᠯᠪᠡᠯᠵᠡᠯ ᠭᠠᠷᠴᠤ᠌᠂ ᠦᠨ᠎ᠡ ᠬᠠᠩᠰᠢ ᠴᠥᠮ ᠣᠷᠣᠨ ᠵᠠᠢ᠎ᠳᠤ ᠵᠣᠬᠢᠰᠲᠠᠶ ᠠᠵᠢᠯᠯᠠᠵᠤ ᠪᠠᠢᠨ᠎ᠠ᠃ ᠬᠢᠨᠠᠨ ᠬᠡᠮᠵᠢᠬᠦ ᠰᠠᠷ᠎ᠠ᠎ᠳᠤ ᠣᠷᠣᠭᠰᠠᠨ᠎ᠤ ᠳᠠᠷᠠᠭ᠎ᠠ᠂ ᠠᠭᠤᠷ ᠠᠮᠢᠰᠬᠤᠯ ᠬᠦᠢᠲᠡᠷᠡᠵᠦ᠂ ᠰᠠᠭᠤᠭᠠᠯᠢ ᠠᠷᠠᠳ᠎ᠤᠨ ᠬᠡᠷᠡᠭᠯᠡᠭᠡ ᠨᠡᠮᠡᠭᠳᠡᠨ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠎ᠤ ᠪᠠᠷᠠᠭ᠎ᠠ ᠣᠷᠣᠭᠤᠯᠵᠤ ᠬᠠᠳᠠᠭᠠᠯᠠᠬᠤ ᠢᠳᠡᠪᠬᠢᠵᠢᠯ ᠴᠢᠩᠭᠠᠷᠠᠵᠤ᠂ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ᠎ᠶᠢᠨ ᠬᠡᠮᠵᠢᠶ᠎ᠡ ᠨᠡᠮᠡᠭᠳᠡᠨ᠂ ᠤᠰᠤᠨ ᠭᠠᠷᠤᠯᠲᠠ᠎ᠶᠢᠨ ᠦᠨ᠎ᠡ᠎ᠶᠢᠨ ᠲᠦᠷᠦᠭᠦᠸ᠋ ᠰᠠᠷ᠎ᠠ᠎ᠶᠢᠨ ᠬᠢ᠎ᠡᠴᠡ ᠥᠰᠬᠦ᠎ᠶᠢ ᠠᠬᠢᠭᠤᠯᠪᠠ᠃ ᠵᠢᠱ᠌ᠢᠯᠲᠡ᠎ᠪᠡᠷ ᠣᠢᠷ᠎ᠠ ᠶ᠋ᠢᠨ ᠬᠤᠭᠤᠴᠠᠭᠠᠨ᠎ᠳᠤ ᠤᠰᠤᠨ ᠭᠠᠷᠤᠯᠲᠠ ᠶ᠋ᠢᠨ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠠᠢᠵᠤ᠂ ᠦᠨ᠎ᠡ ᠬᠠᠩᠰᠢ᠎ᠶᠢᠨ ᠦᠰᠦᠯᠲᠠ ᠪᠠᠭᠤᠷᠠᠯᠲᠠ ᠨᠢ ᠬᠡᠯᠪᠡᠯᠵᠢᠯᠲᠡ ᠲᠠᠢ ᠶᠠᠪᠤᠭᠳᠠᠨ᠎ᠠ᠃

  ᠲᠤᠯᠤᠭ᠎ᠠ᠂ ᠠᠮᠳᠠ ᠤᠷᠤᠭᠤᠯᠬᠤ ᠡᠳ᠋ ᠪᠠ ᠤᠤᠭᠤᠬᠤ ᠤᠰᠤᠨ᠎ᠤ ᠦᠨ᠎ᠠ ᠬᠠᠨᠭ᠌ᠰᠢ᠎ᠶᠢᠨ ᠭᠠᠷᠠᠬᠠᠨ ᠬᠠᠷᠢᠴᠠᠯ ᠨᠢ ᠲᠡᠩᠴᠡᠭᠦᠷᠢᠰᠢᠪᠡ

  ᠬᠢᠨᠠᠨ ᠬᠡᠮᠵᠢᠭᠰᠡᠨ ᠲᠥᠷᠥᠯ ᠵᠦᠢᠯ᠎ᠤᠨ ᠥᠯᠢᠭᠡᠷ ᠡᠳ᠋᠎ᠤᠨ ᠳ᠋ᠡᠢ᠌ᠲ᠋ᠠ᠎ᠡᠴᠡ ᠦᠵᠡᠪᠡᠯ᠂ 11 ᠳ᠋ᠦ᠍ᠭᠡᠷ ᠰᠠᠷ᠎ᠠ᠎ᠳᠤ ᠠᠮᠲᠠ ᠣᠷᠣᠭᠤᠯᠬᠤ ᠡᠳ᠋᠎ᠤᠨ ᠳᠤᠮᠳᠠᠴᠢ ᠦᠨ᠎ᠡ ᠨᠢ ᠺᠢᠯᠣᠭ᠌ᠷᠠᠮ ᠪᠦᠷᠢ᠎ᠳᠦ᠎ᠪᠡᠨ 7.37 ᠲᠥᠭᠦᠷᠢᠭ᠂ ᠭᠠᠷᠠᠬᠠᠨ ᠬᠠᠷᠢᠴᠠᠯ᠎ᠨᠢ 0.4%᠎ᠪᠠᠷ ᠨᠡᠮᠡᠭᠳᠡᠵᠦ ; ᠭᠠᠷᠠᠬᠠᠨ ᠬᠠᠷᠢᠴᠠᠯ᠎ᠨᠢ ᠠᠳᠠᠯᠢ ᠬᠤᠭᠤᠴᠠᠭᠠᠨ᠎ᠤ᠎ᠬᠢ᠎ᠡᠴᠡ 1.5%᠎ᠪᠡᠷ ᠪᠠᠭᠤᠷᠠᠪᠠ᠃ ᠡᠭᠦᠨ᠎ᠳᠤ ᠢᠳᠡᠰᠢᠨ ᠳᠠᠪᠤᠰᠤᠨ᠎ᠤ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 4.96 ᠲᠥᠭᠦᠷᠢᠭ᠂ ᠭᠠᠷᠠᠬᠠᠨ ᠬᠠᠷᠢᠴᠠᠯ᠎ᠨᠢ 0.2%᠎ᠢᠶᠠᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 0.4% ᠎ᠪᠠᠷ ᠨᠡᠮᠡᠭᠳᠡᠪᠡ; ᠰᠢᠬᠢᠷ᠎ᠤᠨ ᠳᠤᠮᠳᠠᠴᠢ ᠦᠨ᠎ᠡ᠎ᠨᠢ ᠺᠢᠯᠣᠭ᠌ᠷᠠᠮ ᠪᠦᠷᠢ᠎ᠳᠦ᠎ᠪᠡᠨ 9.77 ᠲᠥᠭᠦᠷᠢᠭ᠂ ᠭᠠᠷᠠᠬᠠᠨ ᠬᠠᠷᠢᠴᠠᠯ᠎ᠨᠢ 0.5%᠎ᠪᠡᠷ ᠨᠡᠮᠡᠭᠳᠡᠵᠦ᠂ ᠠᠳᠠᠯᠢ ᠬᠤᠭᠤᠴᠠᠭᠠᠨ᠎ᠤ᠎ᠬᠢ᠎ᠠᠴᠠ 2.3%᠎ᠪᠡᠷ ᠪᠠᠭᠤᠷᠠᠪᠠ; ᠤᠤᠭᠤᠬᠤ ᠤᠰᠤᠨ᠎ᠤ ᠳᠤᠮᠳᠠᠴᠢ ᠦᠨ᠎ᠡ᠎ᠨᠢ ᠯᠢᠲᠷ ᠪᠦᠷᠢ᠎ᠳᠦ᠎ᠪᠡᠨ 2.53 ᠲᠥᠭᠦᠷᠢᠭ᠂ ᠭᠠᠷᠠᠬᠠᠨ ᠬᠠᠷᠢᠴᠠᠯ ᠨᠢ ᠲᠡᠩᠴᠡᠭᠦᠷᠢᠰᠢᠵᠦ; ᠠᠳᠠᠯᠢ ᠬᠤᠭᠤᠴᠠᠭᠠᠨ᠎ᠤ᠎ᠬᠢ᠎ᠠᠴᠠ 0.8%᠎ᠪᠡᠷ ᠨᠡᠮᠡᠭᠳᠡᠪᠡ᠃ ᠠᠮᠲᠠ ᠣᠷᠣᠭᠤᠯᠬᠤ ᠡᠳ᠋ ᠪᠠ ᠤᠤᠭᠤᠬᠤ ᠤᠰᠤᠨ᠎ᠤ ᠬᠠᠩᠭᠠᠯᠭ᠎ᠠ᠎ᠨᠢ ᠲᠣᠭᠲᠠᠭᠤᠨ ᠪᠠᠢᠵᠦ᠂ ᠡᠵᠡᠩᠨᠡᠨ ᠪᠣᠷᠣᠯᠠᠭᠤᠯᠬᠤ ᠬᠤᠳᠠᠯᠳᠤᠭ᠎ᠠ ᠪᠠᠷᠠᠭ᠎ᠠ᠎ᠶᠢᠨ ᠢᠷᠡᠯᠲᠡ ᠭᠦᠢᠴᠡᠳ ᠪᠠᠢᠨ᠎ᠠ᠃ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ ᠪᠠ ᠡᠵᠡᠩᠨᠡᠯᠲᠡ᠎ᠶᠢᠨ ᠥᠪᠡᠷ᠎ᠦᠨ ᠥᠷᠲᠡᠭ᠎ᠦᠨ ᠨᠥᠯᠥᠭᠡ᠎ᠡᠴᠡ ᠪᠣᠯᠵᠤ᠂ ᠦᠨ᠎ᠡ ᠬᠠᠩᠰᠢ ᠨᠢ ᠨᠠᠭ᠋ᠠᠰᠢ ᠴᠠᠭ᠋ᠠᠰᠢ ᠪᠠᠭ᠎ᠠ ᠬᠡᠮᠵᠢᠶ᠎ᠡ᠎ᠪᠡᠷ ᠬᠡᠯᠪᠡᠯᠵᠡᠵᠦ᠂ ᠥᠰᠦᠯᠲᠡ ᠪᠠᠭᠤᠷᠠᠯᠲᠠ᠎ᠶᠢᠨ ᠬᠡᠮᠵᠢᠶ᠎ᠡ ᠨᠢ ᠴᠥᠮ ᠬᠡᠪ᠎ᠦᠨ ᠬᠡᠪᠴᠢᠶᠡᠨ᠎ᠳᠦ ᠪᠠᠢᠨ᠎ᠠ᠃

(ᠲᠣᠳᠣᠷᠬᠠᠶ᠋ᠢᠯᠠᠬᠤ᠎ᠨᠢ᠄ ᠳᠡᠭᠡᠷᠡᠬᠢ ᠦᠨ᠎ᠡ ᠬᠠᠩᠰᠢ᠎ᠨᠢ ᠴᠥᠮ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ  ᠪᠤᠯᠤᠨ᠎ᠠ)

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            