ᠣᠢᠷ᠎ᠠ᠎ᠳᠤ᠂ ᠣᠲᠣ ᠦᠶ᠎ᠡ᠎ᠶ᠋ᠢᠨ ᠬᠤᠶᠠᠷ 《ᠤᠯᠤᠰ᠎ᠤᠨ ᠨᠡᠷᠡᠮᠵᠢᠲᠦ》 ᠣᠲᠣ ᠦᠶ᠎ᠡ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ ᠬᠥᠬᠡᠬᠤᠲᠠ᠎ᠳᠤ ᠰᠠᠭᠤᠷᠢᠱᠢᠪᠠ᠂ ᠬᠤᠶᠠᠷ ᠵᠦᠢᠯ᠎ᠤᠨ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠎ᠤ ᠣᠲᠣ ᠦᠶ᠎ᠡ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠢ ᠭᠤᠶᠤᠴᠢᠯᠠᠨ ᠮᠡᠳᠡᠭᠦᠯᠬᠦ᠌ ᠠᠵᠢᠯ ᠵᠠᠯᠭᠠᠭ᠎ᠠ᠎ᠪᠠᠷ ᠵᠥᠪᠱᠢᠶᠡᠷᠡᠭ᠌ᠳᠡᠵᠦ᠍᠂ ᠬᠥᠬᠡᠬᠤᠲᠠ᠎ᠶ᠋ᠢᠨ ᠲᠠᠷᠢᠮᠠᠯ ᠳᠠᠷᠢᠬᠤ ᠪᠠ ᠮᠧᠬᠠᠨᠢᠭ᠍ᠵᠢᠭᠤᠯᠬᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠪᠠ ᠲᠡᠵᠢᠭᠡᠯ ᠡᠪᠡᠰᠦ ᠪᠣᠷᠳᠤᠭ᠎ᠠ ᠬᠤᠶᠠᠷ ᠶᠡᠭᠡ ᠲᠠᠷᠢᠶᠠᠯᠠᠩ ᠮᠠᠯ ᠠᠵᠤ ᠠᠬᠤᠶ᠎ᠶ᠋ᠢᠨ ᠵᠠᠩᠭᠢᠯᠠᠭ᠎ᠠ᠎ᠶ᠋ᠢᠨ ᠬᠦᠷᠢᠶᠡᠨ᠎ᠳᠠᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠴᠢᠳᠠᠪᠤᠷᠢ ᠱᠢᠨ᠎ᠡ ᠱᠢᠪᠲᠤᠯᠤᠯᠲᠠ᠎ᠲᠠᠢ ᠪᠣᠯᠵᠣ᠂ ᠪᠥᠬᠦ᠌ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃
ᠲᠠᠷᠢᠮᠠᠯ ᠲᠠᠷᠢᠬᠤ ᠪᠠ ᠮᠧᠬᠠᠨᠢᠭ᠍ᠵᠢᠭᠤᠯᠬᠤ ᠬᠦᠷᠢᠶ᠎ᠡ ᠴᠠᠷᠠᠭ᠎ᠠ᠎ᠳᠤ᠂ ᠬᠥᠬᠡᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ ᠬᠢᠭᠡᠳ ᠲᠦᠮᠡᠳ ᠵᠡᠭᠦᠨ ᠬᠤᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ ᠨᠢᠭ᠍ᠲᠠ ᠬᠠᠮᠵᠢᠯᠴᠠᠵᠤ᠂ ᠲᠦᠮᠡᠳ ᠵᠡᠭᠦᠨ ᠬᠤᠱᠢᠭᠤᠨ᠎ᠤ ᠠᠯᠲᠠᠨ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠠᠯᠠ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠲᠠᠢ ᠬᠠᠮᠲᠤᠷᠠᠨ᠂ ᠲᠦᠮᠡᠳ ᠵᠡᠭᠦᠨ ᠬᠤᠱᠢᠭᠤᠨ᠎ᠤ ᠤᠯᠤᠰ᠎ᠤᠨ ᠣᠲᠣ ᠦᠶ᠎ᠡ᠎ᠶ᠋ᠢᠨ ᠠᠵᠤ ᠦᠢᠯᠡᠰ᠎ᠤᠨ ᠬᠦᠷᠢᠶᠡᠯᠡᠩ᠎ᠤᠨ ᠭᠤᠤᠯ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠵᠤ᠂ ᠮᠠᠲ᠋ᠧᠷᠢᠶᠠᠯ ᠮᠡᠳᠡᠭᠦᠯᠬᠦ᠂ ᠲᠤᠰᠭᠠᠶ ᠮᠡᠷᠭᠡᠵᠢᠯᠲᠡᠨ᠎ᠤ ᠱᠢᠯᠭᠠᠷᠠᠭᠤᠯᠤᠯᠲᠠ ᠵᠡᠷᠭᠡ ᠭᠤᠭ᠍ᠴᠤᠭ᠎ᠠ᠎ᠪᠠᠷ ᠳᠡᠮᠵᠢᠨ᠂ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠎ᠤ ᠲᠠᠷᠢᠮᠠᠯ ᠳᠠᠷᠢᠬᠤ ᠪᠠ ᠮᠠᠱᠢᠨᠴᠢᠯᠠᠭ᠍ᠰᠠᠨ ᠣᠲᠣ ᠦᠶ᠎ᠡ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠤᠨ ᠨᠤᠲᠠᠯᠠᠯᠲᠠ᠎ᠶ᠋ᠢ ᠠᠮᠵᠢᠯᠲᠠ᠎ᠲᠠᠢ ᠭᠥᠷᠳᠡᠪᠡ᠃
ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠪᠠ ᠲᠡᠵᠢᠭᠡᠯ ᠡᠪᠡᠰᠦ ᠪᠣᠷᠳᠣᠭᠠᠨ᠎ᠤ ᠬᠦᠷᠢᠶ᠎ᠡ ᠴᠠᠷᠠᠭ᠎ᠠ᠎ᠳᠤ᠂ ᠬᠥᠬᠡᠬᠣᠲᠠ᠎ᠶᠢᠨ ᠮᠠᠯ ᠠᠵᠤ ᠠᠬᠤᠢ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠲᠥᠪ ᠳᠠᠬᠢᠨᠲᠠ ᠤᠯᠠᠨ ᠲᠠᠯ᠎ᠠ᠎ᠶᠢᠨ ᠬᠦᠴᠦᠨ᠎ᠲᠠᠢ ᠭᠠᠷ ᠬᠣᠯᠪᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠲᠥᠪ᠂ ᠬᠣᠷᠢᠨᠭᠡᠷ ᠰᠢᠶᠠᠨ᠎ᠤ ᠮᠠᠯ ᠠᠵᠤ ᠠᠬᠤᠢ᠎ᠶᠢᠨ ᠬᠥᠭᠵᠢᠯᠲᠡ᠎ᠶᠢᠨ ᠲᠥᠪ᠎ᠲᠠᠢ ᠬᠣᠯᠪᠤᠭᠠᠯᠠᠨ ᠬᠦᠳᠡᠯᠦᠯᠴᠡᠵᠦ᠂ ᠡᠭᠦᠨ᠎ᠦ ᠬᠠᠮᠲᠤ ᠥᠪᠥᠷ ᠮᠣᠩᠭᠣᠯ᠎ᠤᠨ ᠠᠢ ᠯᠢᠨ ᠮᠠᠯ ᠠᠵᠤ ᠠᠬᠤᠢ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ( ᠠᠢ ᠯᠢᠨ ᠨᠢᠭᠡᠳᠦᠭᠡᠷ ᠮᠠᠯᠵᠢᠯ᠎ᠤᠨ ᠰᠠᠭᠤᠷᠢᠨ ᠭᠠᠵᠠᠷ )᠎ᠳᠤ ᠲᠦᠰᠢᠭᠯᠡᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠪᠠ ᠲᠡᠵᠢᠭᠡᠯ ᠡᠪᠡᠰᠦ ᠪᠣᠷᠳᠣᠭᠠᠨ᠎ᠤ ᠣᠲᠣ᠌ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠠᠮᠵᠢᠯᠲᠠ᠎ᠲᠠᠢ᠎ᠪᠠᠷ ᠭᠤᠶᠤᠴᠢᠯᠠᠨ ᠮᠡᠳᠡᠭᠦᠯᠪᠡ᠃
ᠲᠣᠰ ᠤᠳᠠᠭᠠᠨ᠎ᠤ ᠬᠤᠶᠠᠷ ᠵᠦᠢᠯ᠎ᠤᠨ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠎ᠤ ᠣᠲᠣ ᠦᠶ᠎ᠡ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠢ ᠠᠮᠵᠢᠯᠲᠠ᠎ᠲᠠᠢ᠎ᠪᠠᠷ ᠭᠤᠶᠤᠴᠢᠯᠠᠨ ᠮᠡᠳᠡᠭᠦᠯᠦᠭ᠌ᠰᠡᠨ ᠶᠠᠪᠤᠳᠠᠯ ᠪᠣᠯ ᠬᠥᠬᠡᠬᠤᠲᠠ᠎ᠶ᠋ᠢᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠶᠡᠬᠡᠪᠡᠷ ᠳᠥᠯᠭᠢᠨ ᠠᠬᠢᠭᠤᠯᠬᠤ᠎ᠶ᠋ᠢᠨ ᠴᠢᠬᠤᠯᠠ ᠦᠷ᠎ᠡ ᠪᠦᠲᠦᠮᠵᠢ ᠪᠣᠯᠤᠨ᠎ᠠ᠃
ᠬᠥᠬᠡᠬᠤᠲᠠ ᠢᠷᠡᠭᠡᠳᠦᠶ᠎ᠳᠤ ᠲᠠᠷᠢᠮᠠᠯ᠎ᠤᠨ ᠥᠨᠳᠥᠷ ᠪᠦᠲᠦᠮᠵᠢᠲᠡᠶ ᠪᠤᠢᠵᠢᠭᠤᠯᠬᠤ ᠮᠡᠷᠭᠡᠵᠢᠯ᠎ᠤᠨ ᠨᠡᠢᠯᠡᠮᠡᠯ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ ᠵᠡᠷᠭᠡ ᠭᠤᠤᠯᠳᠠᠯᠭ᠎ᠠ᠎ᠲᠠᠢ ᠴᠢᠭ᠌ᠯᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠷᠱᠢᠯᠲᠠ᠎ᠶ᠋ᠢᠨ ᠰᠤᠳᠤᠯᠭᠠᠨ᠂ ᠵᠢᠱ᠌ᠢᠶ᠎ᠡ ᠦᠵᠡᠭᠦᠯᠦᠨ ᠳᠡᠯᠭᠡᠨ ᠦᠵᠡᠭᠦᠯᠬᠦ᠌ ᠪᠠ ᠮᠡᠷᠭᠡᠵᠢᠯ᠎ᠤᠨ ᠪᠣᠯᠪᠠᠰᠤᠷᠠᠯ᠎ᠢ ᠥᠷᠨᠢᠭᠦᠯᠵᠦ᠍᠂ ᠡᠷᠬᠢᠨ ᠲᠣᠭᠤᠷᠢᠨ᠎ᠤ ᠭᠠᠵᠠᠷ ᠣᠷᠣᠨ ᠴᠢᠨᠠᠭ᠍ᠰᠢᠯᠠᠪᠠᠯ ᠪᠥᠬᠦ᠌ ᠣᠷᠣᠨ᠎ᠤ ᠲᠠᠷᠢᠮᠠᠯ᠎ᠤᠨ ᠦᠢᠯᠡᠳᠪᠦᠷᠢᠯᠡᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠬᠥᠬᠡᠬᠤᠲᠠ᠎ᠶ᠋ᠢᠨ ᠲᠥᠰᠦᠯ》 ᠢ ᠬᠠᠩᠭᠠᠨ᠎ᠠ᠃

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ