ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢ᠌ᠳᠠᠯ — ᠤᠯᠠᠭᠠᠨᠴᠠᠪ ᠬᠤᠲᠠ᠎ᠶ᠋ᠢᠨ ᠭᠤᠤᠯᠳᠠᠯᠭ᠎ᠠ᠎ᠲᠠᠢ ᠲᠤᠯᠭᠠᠭᠤᠷᠢ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠨᠳᠤᠰᠢ ᠬᠦᠴᠦᠲᠠᠢ ᠪᠠᠢ᠌ᠨ᠎ᠠ
ᠨᠡᠶ᠋ᠢᠲᠡᠯᠡᠭᠰᠡᠨ ᠴᠠᠭ᠄ 2025-12-04

  ᠡᠨᠡ ᠵᠢᠯ᠎ᠤᠨ ᠵᠢᠯ᠎ᠦᠨ ᠡᠬᠢᠨ᠎ᠠᠴᠠ ᠨᠠᠭ᠋ᠠᠰᠢ᠂ ᠤᠯᠠᠭᠠᠨᠴᠠᠪ ᠬᠤᠲᠠ᠎ᠶ᠋ᠢᠨ ᠱᠢᠨ᠎ᠡ ᠡᠨᠧᠷᠭᠢ᠂ ᠲᠡᠮᠦᠷ᠎ᠤᠨ ᠬᠠᠢᠯᠤᠰᠢ᠂ ᠪᠤᠳᠤᠬᠤ ᠬᠦᠴᠦᠨ᠂ ᠲᠥᠮᠥᠰᠥ᠍᠂ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ᠎ᠲᠠᠢ ᠲᠤᠯᠭᠠᠭᠤᠷᠢ ᠠᠵᠤ ᠦᠢᠯᠡᠰ ᠦᠷᠭᠦᠯᠵᠢᠯᠡᠨ ᠬᠦᠴᠦᠷᠬᠡᠭ ᠶᠡᠭᠡ ᠬᠥᠭ᠌ᠵᠢᠯᠲᠡ᠎ᠶ᠋ᠢᠨ ᠬᠠᠨᠳᠤᠰᠢ᠎ᠶ᠋ᠢ ᠪᠠᠲᠤᠯᠠᠵᠤ᠂ ᠲᠣᠰ ᠲᠣᠰ ᠢᠯᠡᠳᠲᠡ ᠦᠷ᠎ᠡ ᠪᠦᠲᠦᠮᠵᠢ ᠤᠯᠪᠠ᠃

  ᠤᠢᠷ᠎ᠠ᠎ᠶ᠋ᠢᠨ ᠵᠢᠯ᠎ᠳᠤ᠂ ᠤᠯᠠᠭᠠᠨᠴᠠᠪ ᠬᠤᠲᠠ ᠪᠣᠳᠠᠲᠤ ᠴᠣᠭ᠍ᠴᠠ᠎ᠶ᠋ᠢᠨ ᠠᠵᠤ ᠠᠬᠤᠢ᠎ᠪᠠᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ᠂ ᠤᠶᠤᠨᠴᠢᠯᠠᠭ᠍ᠰᠠᠨ᠂ ᠪᠣᠬᠢᠷᠲᠤᠯ ᠦᠭᠡᠢ᠂ ᠠᠭᠤᠰᠤᠯᠴᠠᠯ᠎ᠢᠶᠠᠷ ᠴᠢᠭ᠌ᠯᠡᠯ ᠪᠣᠯᠭᠠᠵᠤ᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠢ ᠨᠢᠭᠡᠳᠦᠯᠲᠡᠢ ᠲᠥᠯᠥᠪᠵᠢᠭᠦᠯᠵᠦ᠍᠂ ᠭᠤᠣᠯᠳᠠᠯᠭ᠎ᠠ᠎ᠲᠠᠢ ᠲᠤᠯᠭᠠᠭᠤᠷᠢ ᠠᠵᠤ ᠦᠢᠯᠡᠰ᠎ᠢ ᠦᠷᠭᠦᠯᠵᠢᠯᠡᠨ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠤᠯᠠᠭᠠᠨᠴᠠᠪ᠎ᠤᠨ ᠣᠨᠴᠠᠯᠢᠭ ᠪᠠ ᠳᠠᠪᠠᠭᠤᠯᠢᠭ᠎ᠲᠠᠢ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠦᠬᠦ᠌ ᠬᠦᠴᠦᠨ᠎ᠢᠶᠠᠷ᠎ᠢᠶᠠᠨ ᠪᠠᠢᠭᠤᠯᠪᠠ᠃

  ᠱᠢᠨ᠎ᠡ ᠡᠨᠧᠷᠭᠢ᠎ᠶ᠋ᠢᠨ ᠠᠵᠤ ᠦᠢᠯᠡᠰ ᠦᠷᠭᠦᠯᠵᠢᠯᠡᠨ ᠪᠤᠵᠠᠭᠠᠢᠷᠠᠪᠠ᠃ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ ᠠᠬᠢᠭᠤᠯᠵᠤ᠂ ᠳᠠᠭᠠᠭᠠᠴᠠ᠎ᠶ᠋ᠢᠨ ᠲᠠᠯ᠎ᠠ᠎ᠶ᠋ᠢᠨ ᠰᠢᠩᠭᠡᠭᠡᠯᠲᠡ᠎ᠪᠡᠷ ᠬᠥᠲᠥᠯᠦᠮᠵᠢ ᠪᠣᠯᠭᠠᠭ᠍ᠰᠠᠨ ᠴᠠᠬᠢᠯᠭᠠᠨ ᠰᠤᠷᠪᠤᠯᠵᠢ ᠪᠠ ᠲᠤᠤᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠎ᠢ ᠲᠦᠷᠭᠡᠳᠭᠡᠨ ᠪᠠᠢᠭᠤᠯᠵᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠮᠠᠰᠢᠨ ᠴᠣᠭᠴᠠᠯᠠᠪᠤᠷᠢ᠎ᠶᠢ 194 ᠲᠦᠮᠡᠨ ᠺᠢᠯᠣᠸᠠᠲ ᠰᠢᠨ᠎ᠡ᠎ᠪᠡᠷ ᠨᠡᠮᠡᠭᠳᠡᠭᠦᠯᠵᠦ᠂ ᠵᠢᠯ᠎ᠤᠨ ᠡᠴᠦᠰ᠎ᠲᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 2000 ᠲᠦᠮᠡᠨ ᠺᠢᠯᠣᠸᠠᠲ᠎ᠤᠨ ᠶᠡᠭᠡ ᠪᠣᠭᠤᠮᠲᠠ᠎ᠶ᠋ᠢ ᠳᠠᠪᠠᠵᠤ᠂ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 323 ᠲᠦᠮᠡᠨ ᠺᠢᠯᠣᠸᠠᠲ / 1106 ᠲᠦᠮᠡᠨ ᠺᠢᠯᠣᠸᠠᠲ ᠴᠠᠭ ᠬᠦᠷᠴᠦ᠍᠂ ᠴᠥᠮ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠤ ᠣᠷᠣᠬᠤ ᠪᠣᠯᠤᠨ᠎ᠠ᠃ ᠪᠣᠬᠢᠷᠲᠤᠯ ᠦᠭᠡᠢ ᠴᠠᠬᠢᠯᠭᠠᠨ᠎ᠢᠶᠠᠷ ᠤᠰᠤᠲᠥ᠋ᠷᠥᠭ᠌ᠴᠢ᠎ᠶ᠋ᠢ ᠦᠢᠯᠡᠳᠬᠦ᠌ ᠱᠢᠪᠲᠦᠷᠲᠦ ᠠᠯᠺᠣᠣᠯ ᠤᠭ᠍ᠰᠠᠷᠠᠯᠲᠠ᠎ᠶ᠋ᠢᠨ ᠪᠠᠢᠷᠢᠱᠢᠭᠤᠯᠤᠯᠲᠠ᠂ ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ᠎ᠶ᠋ᠢᠨ ᠠᠵᠤ ᠦᠢᠯᠡᠳᠪᠦᠷᠢ᠎ᠶ᠋ᠢᠨ 10 ᠲᠦᠮᠡᠨ ᠲᠣᠨ / ᠵᠢᠯ᠎ᠳᠤ ᠰᠠᠯᠬᠢᠨ ᠬᠦᠴᠦᠨ᠎ᠢᠶᠠᠷ ᠴᠠᠬᠢᠯᠭᠠᠨ ᠭᠠᠷᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠢᠯ᠎ᠤᠨ ᠭᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠬᠡᠰᠡᠭ᠎ᠢ ᠳᠠᠩᠰᠠᠯᠠᠭᠤᠯᠵᠤ᠂ ᠳᠤᠮᠳᠠᠳᠤ ᠤᠯᠤᠰ᠎ᠤᠨ ᠨᠡᠭᠦᠷᠡᠰᠦ᠂ ᠵᠢᠶᠦ᠋ᠨ ᠷᠦᠢ ᠪᠣᠬᠢᠷᠲᠤᠯ ᠦᠭᠡᠢ ᠤᠰᠤᠲᠥ᠋ᠷᠥᠭ᠌ᠴᠢ᠎ᠶ᠋ᠢᠨ ᠲᠥᠷᠥᠯ ᠵᠦᠢᠯ᠎ᠢ  ᠲᠦᠷᠭᠡᠨ ᠠᠬᠢᠭᠤᠯᠤᠭᠰᠠᠨ ᠪᠠᠢ᠌ᠨ᠎ᠠ᠃

  ᠲᠡᠮᠦᠷ᠎ᠦᠨ ᠬᠠᠢᠯᠤᠰᠢ᠎ᠶᠢᠨ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠪᠡ᠃ ᠲᠡᠮᠦᠷ᠎ᠤᠨ ᠬᠠᠢᠯᠤᠰᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠰᠤᠳᠤᠯᠭᠠᠨ᠎ᠤ ᠬᠦᠷᠢᠶᠡᠯᠡᠩ᠎ᠢ ᠪᠠᠢᠭᠤᠯᠵᠤ᠂ ᠲᠡᠮᠦᠷ᠎ᠤᠨ ᠬᠠᠢᠯᠤᠰᠢ᠎ᠶ᠋ᠢᠨ ᠦᠢᠯᠡᠳᠬᠦᠨ 3 ᠵᠦᠢᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠨ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠦᠢᠯᠡᠳᠬᠦ᠌ ᠦᠢᠯᠡᠰ᠎ᠤᠨ ᠲᠣᠭᠠᠵᠢᠭᠤᠯᠤᠨ ᠬᠡᠯᠪᠡᠷᠢ᠎ᠪᠠᠨ ᠬᠤᠪᠢᠷᠠᠭᠤᠯᠬᠤ ᠲᠤᠷᠱᠢᠯᠲᠠ᠎ᠶ᠋ᠢᠨ ᠴᠡᠭ᠎ᠤᠨ ᠲᠥᠷᠥᠯ ᠵᠦᠢᠯ᠎ᠢ ᠠᠮᠵᠢᠯᠲᠠ ᠣᠯᠪᠠ᠃ ᠲᠣᠭ᠍ᠲᠠᠮᠠᠯ ᠴᠠᠬᠢᠯᠭᠠᠨ ᠵᠤᠤᠬ᠎ᠠ᠎ᠶ᠋ᠢᠨ ᠤᠷ᠎ᠠ ᠮᠡᠷᠭᠡᠵᠢᠯ᠎ᠤᠨ ᠥᠭᠡᠷᠡᠴᠢᠯᠡᠯᠲᠡ᠂ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢ ᠪᠣᠯᠪᠠᠰᠤᠷᠠᠭᠤᠯᠬᠤ᠂ ᠪᠣᠬᠢᠷᠲᠤᠯ ᠥᠬᠡᠶ ᠡᠨᠧᠷᠭᠢ᠎ᠪᠠᠷ ᠣᠷᠣᠯᠠᠭᠤᠯᠬᠤ᠎ᠶ᠋ᠢ ᠲᠥᠪᠯᠡᠷᠡᠭᠦᠯᠵᠦ᠍᠂ ᠱᠢᠨ᠎ᠲᠠᠢ ᠶᠤᠸᠠᠨ᠂ ᠸᠠᠩ ᠶᠤᠸᠠᠨ ᠵᠡᠷᠭᠡ ᠪᠣᠬᠢᠷᠲᠤᠯ ᠥᠬᠡᠶ ᠲᠡᠮᠦᠷ᠎ᠤᠨ ᠬᠠᠢᠯᠤᠰᠢ᠎ᠶ᠋ᠢᠨ 23 ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠨ ᠠᠬᠢᠭᠤᠯᠵᠤ᠂ ᠱᠢᠨ᠎ᠡ᠎ᠪᠠᠷ ᠨᠡᠮᠡᠭ᠌ᠳᠡᠭ᠌ᠰᠡᠨ ᠦᠢᠯᠡᠳᠪᠦᠷᠢᠯᠡᠬᠦ᠌ ᠴᠢᠳᠠᠪᠤᠷᠢ᠎ᠶ᠋ᠢ 276 ᠲᠦᠮᠡᠨ ᠲᠣᠨ᠎ᠳᠤ ᠬᠦᠷᠦᠭᠦᠯᠵᠦ᠍᠂ ᠶᠡᠷᠦᠩᠬᠡᠶ ᠦᠢᠯᠡᠳᠪᠦᠷᠢᠯᠡᠬᠦ᠌ ᠴᠢᠳᠠᠪᠤᠷᠢ᠎ᠶ᠋ᠢ 1371 ᠲᠦᠮᠡᠨ ᠲᠣᠨ᠎ᠳᠤ ᠬᠦᠷᠦᠭᠦᠯᠵᠦ᠍᠂ ᠲᠣᠰ ᠲᠣᠰ ᠪᠥᠬᠦ᠌ ᠤᠯᠤᠰ ᠪᠥᠬᠦ᠌ ᠣᠷᠣᠨ᠎ᠤ ᠶᠡᠷᠦᠩᠬᠡᠶ ᠦᠢᠯᠡᠳᠪᠦᠷᠢᠯᠡᠬᠦ᠌ ᠴᠢᠳᠠᠪᠤᠷᠢ᠎ᠶ᠋ᠢᠨ 24% ᠪᠠ 70% ᠎ᠶ᠋ᠢ ᠡᠵᠡᠯᠡᠵᠦ᠍᠂ ᠡᠨᠧᠷᠭᠢ᠎ᠶ᠋ᠢᠨ ᠠᠱᠢᠭ᠍ᠯᠠᠮᠵᠢ᠎ᠶ᠋ᠢᠨ ᠬᠡᠪ ᠳᠠᠭᠤᠷᠢᠶᠠᠯ᠎ᠠᠴᠠ ᠳᠡᠭᠡᠭ᠌ᠰᠢᠬᠢ ᠦᠢᠯᠡᠳᠪᠦᠷᠢᠯᠡᠬᠦ᠌ ᠴᠢᠳᠠᠪᠤᠷᠢ ᠎ᠶᠢ 50% ᠎ᠠᠴᠠ ᠳᠠᠪᠠᠭᠤᠯᠵᠤ᠂ ᠪᠥᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠠᠴᠠ ᠥᠨᠳᠥᠷ ᠪᠣᠯᠭᠠᠪᠠ᠃

  ᠪᠤᠳᠤᠬᠤ ᠬᠦᠴᠦᠨ᠎ᠤ ᠠᠵᠤ ᠦᠢᠯᠡᠰ ᠬᠦᠴᠦᠲᠡᠢ ᠬᠥᠭ᠌ᠵᠢᠪᠡ᠃ ᠪᠥᠬᠦ᠌ ᠤᠯᠤᠰ᠎ᠤᠨ ᠪᠣᠬᠢᠷᠲᠤᠯ ᠥᠬᠡᠶ ᠪᠤᠳᠤᠬᠤ ᠬᠦᠴᠦᠨ᠎ᠤ ᠥᠨᠳᠦᠷᠯᠢᠭ᠂ ᠳ᠋ᠡᠢ᠌ᠲ᠋ᠠ᠎ᠶ᠋ᠢᠨ ᠠᠵᠤ ᠦᠶ᠋ᠯᠡᠰ᠎ᠤᠨ ᠪᠥᠭᠡᠮᠨᠡᠷᠡᠯ᠎ᠤᠨ ᠣᠷᠣᠨ᠂ 《ᠪᠣᠬᠢᠷᠲᠤᠯ ᠥᠬᠡᠶ ᠪᠤᠳᠤᠬᠤ ᠬᠦᠴᠦᠨ + ᠵᠣᠬᠢᠶᠠᠮᠠᠯ ᠣᠶᠤᠨ》 ᠬᠡᠷᠡᠭ᠌ᠯᠡᠭᠡᠨ᠎ᠤ ᠰᠠᠭᠤᠷᠢᠨ ᠭᠠᠵᠠᠷ᠎ᠢ ᠲᠦᠷᠭᠡᠨ ᠪᠠᠢᠭᠤᠯᠵᠤ᠂ ᠪᠥᠬᠦ᠌ ᠤᠯᠤᠰ᠎ᠤᠨ ᠠᠩᠬᠠᠳᠠᠭ᠍ᠴᠢ ᠳ᠋ᠡᠢ᠌ᠲ᠋ᠠ᠎ᠶ᠋ᠢᠨ ᠲᠥᠪ᠎ᠤᠨ ᠪᠣᠬᠢᠷᠲᠤᠯ ᠥᠬᠡᠶ ᠴᠠᠬᠢᠯᠭᠠᠨ᠎ᠤ ᠱᠢᠭᠤᠳ ᠬᠤᠯᠪᠣᠯᠳᠤᠭ᠍ᠰᠠᠨ ᠴᠠᠬᠢᠯᠭᠠᠨ ᠰᠤᠷᠪᠤᠯᠵᠢ ᠪᠠ ᠲᠤᠤᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠶ᠋ᠯ᠎ᠢ ᠲᠣᠤᠷ᠎ᠲᠤ ᠨᠡᠢᠯᠡᠭᠦᠯᠦᠨ ᠠᠱᠢᠭ᠍ᠯᠠᠯᠲᠠ᠎ᠳᠤ ᠣᠷᠣᠭᠤᠯᠵᠤ᠂ ᠤᠯᠤᠰ᠎ᠤᠨ 《ᠪᠤᠳᠤᠬᠤ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭᠠᠨ᠎ᠤ ᠨᠡᠢᠲᠡᠯᠢᠭ ᠬᠡᠷᠡᠭ᠎ᠤᠨ ᠵᠢᠱ᠌ᠢᠶ᠎ᠡ》 ᠎ᠪᠠᠷ ᠦᠨᠡᠯᠡᠭ᠌ᠳᠡᠪᠡ᠃ ᠪᠡᠭᠡᠵᠢᠩ ᠣᠷᠣᠨ᠎ᠤ ᠪᠣᠳᠣᠬᠤ ᠬᠦᠴᠦᠨ᠎ᠦ ᠲᠤᠬᠠᠢᠯᠠᠭ᠍ᠰᠠᠨ ᠠᠵᠢᠯ᠎ᠢ 6.1 ᠲᠦᠮᠡᠨ P᠂ ᠱᠢᠭᠤᠳ DeepSeek᠂ ᠽᠢ ᠵᠢᠶᠸ ᠦᠰᠦᠷᠬᠢᠯᠡᠯᠲᠡ᠂ ᠪᠠᠢ ᠳ᠋ᠦ᠋ ᠵᠡᠷᠭᠡ ᠨᠡᠷᠡᠲᠦ ᠠᠵᠤ ᠠᠬᠤᠢᠯᠠᠯ᠎ᠤᠨ AI ᠶᠡᠬᠡ ᠵᠠᠭ᠍ᠪᠤᠷ᠎ᠤᠨ ᠪᠣᠯᠪᠠᠰᠤᠷᠠᠯ ᠬᠦᠷᠲᠡᠬᠦ᠌ ᠪᠣᠯᠣᠨ᠎ᠠ᠃ ᠪᠤᠳᠤᠬᠤ ᠬᠦᠴᠦᠨ᠎ᠤ ᠬᠡᠪᠴᠢᠶ᠎ᠡ ᠢᠳᠡᠷᠡᠭᠦᠨ ᠳᠣᠷᠪᠢᠲᠠᠶ ᠨᠡᠮᠡᠭ᠌ᠳᠡᠵᠦ᠍᠂ ᠵᠢᠯ᠎ᠤᠨ ᠳᠣᠲᠣᠷ᠎ᠠ ᠪᠤᠳᠤᠬᠤ ᠬᠦᠴᠦᠨ᠎ᠤ ᠬᠡᠪᠴᠢᠶ᠎ᠡ 12 ᠲᠦᠮᠡᠨ P᠂ ᠣᠶᠤᠨᠴᠢ ᠪᠣᠳᠣᠯᠭ᠎ᠠ᠎ᠶ᠋ᠢᠨ ᠡᠵᠡᠯᠡᠬᠦ᠌ ᠬᠠᠷᠢᠴᠠᠯ 90% ᠎ᠶᠢ ᠳᠠᠪᠠᠵᠤ᠂ ᠪᠥᠬᠦ᠌ ᠤᠯᠤᠰ᠎ᠤᠨ ᠪᠤᠳᠤᠬᠤ ᠬᠦᠴᠦᠨ᠎ᠤ ᠬᠦᠢᠰᠦ᠂ ᠪᠥᠭᠡᠮᠨᠡᠷᠡᠯ᠎ᠤᠨ ᠳᠤᠮᠳᠠ ᠡᠮᠦᠨ᠎ᠡ ᠡᠩᠨᠡᠭᠡᠨ᠎ᠳᠤ ᠣᠷᠣᠨ᠎ᠠ᠃

  ᠱᠢᠨ᠎ᠡ ᠮᠠᠲ᠋ᠧᠷᠢᠶᠠᠯ᠎ᠤᠨ ᠠᠵᠤ ᠦᠢᠯᠡᠰ ᠯᠠᠪᠳᠠᠭᠤᠨ᠎ᠢᠶᠠᠷ ᠠᠬᠢᠪᠠ᠃ ᠳᠡᠭᠡᠳᠦ ᠲᠠᠰ᠎ᠤᠨ ᠹᠯᠣᠷ᠎ᠤᠨ ᠰᠠᠭᠤᠷᠢ ᠱᠢᠨ᠎ᠡ ᠮᠠᠲ᠋ᠧᠷᠢᠶᠠᠯ᠎ᠤᠨ ᠭᠠᠷᠤᠯᠲᠠ᠂ ᠦᠢᠯᠡᠳᠬᠦᠨ᠎ᠤ ᠥᠷᠲᠡᠭ᠎ᠨᠢ ᠪᠥᠬᠦ᠌ ᠬᠤᠲᠠ᠎ᠶ᠋ᠢᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠲᠤ ᠡᠵᠡᠯᠡᠬᠦ᠌ ᠬᠤᠪᠢ᠎ᠶ᠋ᠢᠨ ᠵᠢᠩ᠎ᠨᠢ 12.9% ᠪᠠ 29.5% ᠪᠣᠯᠲᠠᠯ᠎ᠠ ᠳᠡᠭᠡᠭ᠌ᠰᠢᠯᠡᠪᠡ᠃ ᠪᠢᠯᠢᠭ ᠲᠤᠢᠯ᠎ᠤᠨ ᠮᠠᠲ᠋ᠧᠷᠢᠶᠠᠯ᠎ᠤᠨ ᠶᠡᠷᠦᠩᠬᠡᠶ ᠦᠢᠯᠡᠳᠪᠦᠷᠢᠯᠡᠬᠦ᠌ ᠴᠢᠳᠠᠪᠤᠷᠢ᠎ᠶ᠋ᠢ 67 ᠲᠦᠮᠡᠨ ᠲᠣᠨ᠎ᠳᠤ ᠬᠦᠷᠦᠭᠦᠯᠵᠦ᠍᠂ ᠪᠦᠬᠦ᠌ ᠣᠷᠣᠨ᠎ᠤ 84%᠂ ᠪᠦᠬᠦ᠌ ᠤᠯᠤᠰ᠎ᠤᠨ 17% ᠵᠢ ᠡᠵᠡᠯᠡᠪᠡ᠃ ᠨᠠᠨ ᠳ᠋ᠠ ᠭᠡᠷᠡᠯ ᠴᠠᠬᠢᠯᠭᠠᠨ᠎ᠤ᠋ ᠭᠣᠣᠯᠯᠠᠭ᠍ᠴᠢ ᠦᠢᠯᠡᠳᠬᠦᠨ ᠭᠤᠷᠪᠠᠨ ᠹᠯᠣᠷ ᠠᠽᠣᠲ᠎ᠤ᠋ᠨ ᠵᠠᠬ᠎ᠠ ᠳᠡᠯᠭᠡᠭᠦᠷ᠎ᠲᠦ᠍ ᠡᠵᠡᠯᠡᠬᠦ᠌ ᠨᠣᠷᠮ᠎ᠠ ᠨᠢ ᠪᠦᠬᠦ᠌ ᠤᠯᠤᠰ᠎ᠤ᠋ᠨ ᠡᠮᠦᠨ᠎ᠡ ᠭᠤᠷᠪᠠ᠎ᠳ᠋ᠤ ᠣᠷᠣᠪᠠ᠃ ᠬᠤᠸᠠ ᠴᠸᠩ ᠢᠯᠳᠠᠰᠦ ᠦᠢᠯᠡᠳᠪᠤᠷᠢᠯᠡᠬᠦ᠌ ᠴᠢᠳᠠᠪᠤᠷᠢ ᠪᠥᠬᠦ᠌ ᠣᠷᠣᠨ᠎ᠤ 90%᠂ ᠪᠥᠬᠦ᠌ ᠤᠯᠤᠰ᠎ᠤᠨ 24% ᠎ᠶ᠋ᠢ ᠡᠵᠡᠯᠡᠪᠡ᠃ ᠼᠤᠤ ᠰᠧ ᠶᠣᠣ ᠮᠤᠯᠢᠪᠳᠧᠨ᠎ᠤ ᠠᠭᠤᠷᠬᠠᠢ᠎ᠶ᠋ᠢᠨ ᠲᠦᠷᠦᠯ ᠵᠦᠢᠯ᠎ᠤᠨ ᠡᠯ᠎ᠡ ᠵᠦᠢᠯ᠎ᠤᠨ ᠭᠠᠷᠳᠠᠮ᠎ᠢ ᠭᠦᠢᠴᠡᠳᠭᠡᠬᠦ᠌ ᠵᠢᠴᠢ ᠡᠮᠦᠨᠡᠬᠢ ᠬᠤᠭᠤᠴᠠᠭᠠᠨ᠎ᠤ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠬᠠᠢᠨ ᠰᠦᠪᠡᠭ᠌ᠴᠢᠯᠡᠵᠦ᠍ ᠮᠠᠯᠲᠠᠬᠤ ᠪᠠ ᠰᠣᠩᠭᠤᠬᠤ ᠬᠡᠪᠴᠢᠶ᠎ᠡ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠡᠬᠢ ᠪᠠᠶᠠᠯᠢᠭ᠎ᠤᠨ ᠦᠨ᠎ᠡ᠎ᠶ᠋ᠢᠨ ᠵᠣᠭᠤᠰ᠎ᠤᠨ ᠠᠱᠢᠭ ᠣᠷᠣᠯᠭ᠎ᠠ᠎ᠶ᠋ᠢ 22 ᠳ᠋ᠦᠩᠱᠢᠭᠤᠷ ᠲᠥᠭᠦᠷᠢᠭ ᠪᠡᠶᠡᠯᠡᠭᠦᠯᠪᠡ᠃

  ᠲᠥᠮᠥᠰᠥ᠎ᠶ᠋ᠢᠨ ᠠᠵᠤ ᠦᠢᠯᠡᠰ᠎ᠤᠨ ᠶᠠᠰᠤ ᠴᠢᠨᠠᠷ ᠦᠷ᠎ᠡ ᠪᠦᠲᠦᠮᠵᠢ ᠵᠡᠷᠭᠡᠪᠡᠷ ᠳᠡᠭᠡᠭ᠌ᠰᠢᠯᠡᠪᠡ᠃ ᠱᠢᠰᠲ᠋ᠧᠮᠵᠢᠭ᠌ᠰᠡᠨ ᠰᠠᠢᠨ ᠡᠭᠦᠯᠳᠡᠷ᠂ ᠪᠠᠷᠢᠮᠵᠢᠶᠠᠵᠢᠭᠤᠯᠤᠭ᠍ᠰᠠᠨ ᠲᠠᠷᠢᠮᠠᠯ᠂ ᠨᠠᠷᠢᠯᠢᠭ ᠭᠦᠨᠵᠡᠭᠡᠶ ᠡᠳ᠋ᠱᠢᠭᠦᠯᠬᠦ᠂ ᠨᠠᠷᠠᠲᠤ ᠲᠡᠮᠳᠡᠭ᠌ᠵᠢᠭᠦᠯᠦᠨ ᠡᠵᠡᠩᠨᠡᠨ ᠪᠣᠷᠣᠯᠠᠭᠤᠯᠬᠤ ᠳᠥᠷᠪᠡᠨ ᠠᠵᠢᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ 《ᠥᠪᠥᠷ ᠮᠣᠩᠭᠤᠯ᠎ᠤᠨ ᠦᠯᠵᠡᠢᠳᠦ ᠲᠥᠮᠥᠰᠥ᠎ᠶ᠋ᠢᠨ ᠱᠢᠷᠢᠰ》 ᠎ᠤᠨ ᠥᠪᠡᠷ᠎ᠤᠨ ᠲᠥᠷᠥᠯ ᠵᠦᠢᠯ 64 ᠪᠠᠢᠵᠤ᠂ ᠪᠢᠴᠢᠯ ᠲᠥᠮᠥᠰᠥ᠎ᠶ᠋ᠢᠨ ᠵᠢᠯ᠎ᠤᠨ ᠦᠢᠯᠡᠳᠪᠦᠷᠢᠯᠡᠬᠦ᠌ ᠴᠢᠳᠠᠪᠤᠷᠢ᠎ᠨᠢ 20 ᠳ᠋ᠦᠩᠱᠢᠭᠤᠷ ᠮᠥᠬᠦᠯᠢᠭ᠎ᠢ ᠰᠣᠩᠭᠤᠨ ᠪᠤᠢᠵᠢᠭᠤᠯᠵᠤ᠂ ᠵᠢᠯ᠎ᠳᠦ ᠲᠥᠮᠥᠰᠥ ᠪᠣᠯᠪᠠᠰᠤᠷᠠᠭᠤᠯᠬᠤ ᠴᠢᠳᠠᠪᠤᠷᠢ ᠨᠢ100 ᠲᠦᠮᠡᠨ ᠲᠣᠨ᠎ᠳᠤ ᠬᠦᠷᠴᠠᠢ᠃ ᠨᠣᠬᠠᠢ᠎ᠶᠢᠨ ᠬᠣᠰᠢᠭᠤ᠂ ᠬᠦᠢᠲᠡᠨ ᠰᠡᠷᠢᠭᠦᠨ ᠢᠳᠡᠰᠢᠨ ᠨᠣᠭᠣᠭ᠎ᠠ᠂ ᠠᠯᠠᠰᠢᠨ ᠦᠬᠡᠷ ᠠᠯᠠᠰᠢᠨ ᠬᠣᠨᠢ ᠵᠡᠷᠭᠡ ᠲᠠᠷᠢᠶᠠᠯᠠᠩ ᠮᠠᠯ ᠠᠵᠤ ᠠᠬᠤᠢ᠎ᠶᠢᠨ ᠳᠠᠪᠠᠭᠤᠯᠢᠭ᠋ ᠭᠣᠣᠯᠯᠠᠬᠤ ᠠᠵᠤ ᠦᠢᠯᠡᠰ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠲᠠᠯᠠᠪᠠᠶ᠂ ᠶᠡᠷᠦᠩᠬᠡᠢ ᠤᠨᠠᠯᠲᠠ᠂ ᠲᠠᠯᠠᠪᠠᠶ ᠨᠢᠭᠡᠴᠢ᠎ᠶᠢᠨ ᠤᠨᠠᠯᠲᠠ᠎ᠶᠢᠨ 《 ᠭᠤᠷᠪᠠᠨ ᠨᠡᠮᠡᠭᠳᠡᠯ 》᠎ᠢ ᠭᠤᠷᠪᠠᠨ ᠵᠢᠯ ᠳᠠᠷᠠᠭᠠᠯᠠᠨ ᠪᠡᠶᠡᠯᠡᠭᠦᠯᠪᠡ; ᠠᠯᠠᠰᠢᠨ ᠦᠬᠡᠷ ᠂ ᠠᠯᠠᠰᠢᠨ ᠬᠣᠨᠢᠨ᠎ᠤ ᠲᠣᠭ᠎ᠠ ᠲᠣᠭᠲᠠᠭᠤᠨ᠎ᠤ ᠳᠤᠮᠳᠠ ᠨᠡᠮᠡᠭᠳᠡᠪᠡ; 《ᠳ᠋ᠦ᠋ ᠮᠧᠩ ᠬᠤᠨᠢᠨ᠎ᠤ ᠱᠢᠨ᠎ᠡ ᠡᠭᠦᠯᠳᠡᠷ᠎ᠢ ᠪᠤᠢᠵᠢᠭᠤᠯᠬᠤ ᠬᠢᠭᠡᠳ ᠦᠷᠡᠵᠢᠭᠦᠯᠬᠦ᠌ ᠮᠡᠷᠭᠡᠵᠢᠯ᠎ᠤᠨ ᠲᠣᠭᠲᠠᠯᠴᠠᠭ᠎ᠠ᠎ᠶᠢ ᠡᠭᠦᠳᠦᠨ ᠪᠠᠢᠭᠤᠯᠬᠤ ᠪᠠ ᠬᠡᠷᠡᠭᠯᠡᠯᠲᠡ》 ᠨᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠳᠠᠪᠱᠢᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ᠎ᠢ ᠣᠯᠵᠤ᠂ ᠨᠢᠭᠡᠳᠦᠭᠡᠷ ᠳᠡᠰ᠎ᠤᠨ ᠱᠠᠩᠨᠠᠯ ᠣᠯᠣᠭᠰᠠᠨ 《ᠲᠡᠭ》᠎ᠦᠨ ᠰᠢᠪᠲᠤᠯᠤᠯᠲᠠ᠎ᠶᠢ ᠪᠡᠶᠡᠯᠡᠭᠦᠯᠪᠡ᠃ ᠤᠯᠠᠭᠠᠨᠴᠠᠪ᠎ᠤᠨ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ᠎ᠦᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠨᠠᠷᠠᠲᠤ ᠲᠡᠮᠳᠡᠭ᠎ᠦᠨ ᠦᠨ᠎ᠡ ᠥᠷᠲᠡᠭ᠎ᠨᠢ 487 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 175.3% ᠎ᠪᠠᠷ ᠨᠡᠮᠡᠭ᠌ᠳᠡᠪᠡ᠃

  ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠠᠭᠤᠰᠤᠯᠴᠠᠨ ᠬᠥᠭ᠌ᠵᠢᠪᠡ᠃ 《ᠲᠠᠯ᠎ᠠ ᠨᠤᠲᠤᠭ᠎ᠤᠨ ᠵᠢᠭᠤᠯᠴᠢᠯᠠᠯ》 ᠎ᠤᠨ ᠨᠠᠭᠠᠳᠤᠮ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠶ ᠵᠣᠬᠢᠶᠠᠨ ᠪᠠᠢᠭᠤᠯᠤᠨ ᠥᠷᠨᠢᠭᠦᠯᠵᠦ᠍᠂ ᠤᠯᠠᠭᠠᠨᠴᠠᠪ᠎ᠤᠨ ᠣᠷᠣᠶ᠂ ᠤᠯᠠᠭᠠᠨᠬᠠᠳᠠ ᠭᠠᠯᠲᠤ ᠠᠭᠤᠯᠠ ᠵᠡᠷᠭᠡ ᠦᠵᠡᠮᠵᠢ᠎ᠶ᠋ᠢᠨ ᠣᠷᠣᠨ᠎ᠤ ᠲᠠᠰ ᠳᠡᠪᠱᠢᠬᠦ᠌᠎ᠶ᠋ᠢ ᠠᠬᠢᠭᠤᠯᠤᠨ᠎ᠠ᠃ 《ᠥᠪᠥᠷ ᠮᠣᠩᠭᠣᠯ᠎ᠤᠨ ᠬᠡᠲᠦ ᠳᠡᠰ᠎ᠦᠨ ᠬᠤᠯᠪᠤᠭ᠋ᠠᠲᠦ ᠤᠷᠤᠯᠳᠤᠭ᠋ᠠᠨ》᠂ 《ᠥᠪᠥᠷ ᠮᠣᠩᠭᠣᠯ᠎ᠤᠨ              BA》 ᠂ 《ᠮᠣᠩᠭᠣᠯ ᠮᠣᠷᠢᠨ᠎ᠤ ᠬᠡᠲᠦ ᠳᠡᠰ᠎ᠦᠨ ᠬᠤᠯᠪᠤᠭ᠋ᠠᠲᠦ ᠤᠷᠤᠯᠳᠤᠭ᠋ᠠᠨ》 ᠵᠡᠷᠭᠡ ᠤᠷᠤᠯᠳᠤᠭᠠᠨ᠎ᠢ ᠢᠳᠡᠪᠬᠢᠲᠡᠶ ᠳᠠᠭᠠᠭᠠᠨ ᠡᠷᠬᠢᠯᠡᠵᠦ᠍᠂ ᠤᠷᠤᠯᠳᠤᠭᠠᠨ᠎ᠤ ᠠᠵᠤ ᠠᠬᠤᠶ᠎ᠶ᠋ᠢ ᠶᠡᠬᠡᠪᠡᠷ ᠬᠥᠭ᠌ᠵᠢᠭᠦᠯᠦᠨ᠎ᠡ᠃ ᠣᠳᠣᠬᠠᠨ ᠪᠣᠯᠲᠠᠯ᠎ᠠ᠂ ᠪᠥᠬᠦ᠌ ᠬᠤᠲᠠ᠎ᠳᠤ ᠨᠡᠢᠲᠡ 2322 ᠲᠦᠮᠡᠨ ᠵᠤᠭᠠᠴᠠᠭ᠍ᠰᠠᠳ᠎ᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 13.6% ᠎ᠪᠠᠷ ᠨᠡᠮᠡᠭ᠌ᠳᠡᠨ᠂ ᠵᠤᠭᠠᠴᠠᠭ᠍ᠰᠠᠳ᠎ᠤᠨ ᠶᠡᠷᠦᠩᠬᠡᠶ ᠵᠠᠷᠤᠳᠠᠯ 275.8 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 11.8 % ᠎ᠪᠠᠷ ᠨᠡᠮᠡᠭ᠌ᠳᠡᠪᠡ᠃

 

 

   ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ 《ᠥᠪᠥᠷ ᠮᠣᠩᠭᠤᠯ᠎ᠤᠨ ᠡᠳᠦᠷ᠎ᠤᠨ ᠰᠣᠨᠢᠨ》
          
ᠬᠠᠮᠢᠶ᠎ᠡ ᠪᠦᠬᠦᠢ ᠰᠣᠨᠢᠨ
 
            