ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠵᠤ ᠦᠢᠯᠡᠰ᠎ᠦᠨ ᠬᠥᠭ᠌ᠵᠢᠯᠲᠡ — ᠥᠪᠥᠷ ᠮᠣᠩᠭᠣᠯ᠎ᠤᠨ ᠣᠳᠣ ᠦᠢ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ《ᠭᠤᠷᠪᠠᠨ ᠵᠦᠢᠯ᠎ᠦᠨ ᠭᠦᠢ᠍ᠴᠡᠳᠭᠡᠯ ᠲᠣᠭ᠎ᠠ》ᠳᠠᠬᠢᠨ᠎ᠢᠶᠠᠷ ᠨᠡᠮᠡᠭ᠌ᠳᠡᠪᠡ
ᠨᠡᠶ᠋ᠢᠲᠡᠯᠡᠭᠰᠡᠨ ᠴᠠᠭ᠄ 2025-12-12

  ᠥᠪᠥᠷ ᠮᠣᠩᠭᠤᠯ᠎ᠤᠨ ᠡᠨᠧᠷᠭᠢ᠎ᠶ᠋ᠢᠨ ᠠᠵᠤ ᠦᠢᠯᠡᠰ᠎ᠢᠶᠠᠷ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠭ᠌ᠰᠡᠨ ᠬᠢᠷᠢ ᠲᠦᠪᠱᠢᠨ ᠬᠢᠭᠡᠳ ᠦᠷ᠎ᠡ ᠪᠦᠲᠦᠮᠵᠢ᠎ᠶ᠋ᠢ ᠬᠡᠮᠵᠢᠶᠡᠵᠢᠭᠦᠯᠬᠦ᠌᠎ᠶ᠋ᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠮᠡᠳᠡᠭᠡ ᠵᠠᠩᠭᠢ᠎ᠶ᠋ᠢᠨ ᠬᠤᠷᠢᠶ᠎ᠠ᠎ᠲᠠᠢ ᠬᠠᠮᠲᠤᠷᠠᠨ ᠨᠠᠢᠷᠠᠭᠤᠯᠤᠨ ᠵᠣᠬᠢᠶᠠᠭ᠍ᠰᠠᠨ ᠥᠪᠥᠷ ᠮᠣᠩᠭᠤᠯ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠱᠢᠷᠢᠰ ᠢᠯᠡᠳᠭᠡᠭᠴᠢ᠎ᠶᠢ 12 ᠳ᠋ᠤᠭᠠᠷ ᠰᠠᠷ᠎ᠠ᠎ᠶ᠋ᠢᠨ 5 ᠎ᠤ ᠡᠳᠦᠷ 2025 ᠠᠵᠤ ᠠᠬᠤᠢᠯᠠᠯᠲᠠᠨ᠎ᠤ ᠪᠥᠸᠧ ᠤᠣ᠎ᠶ᠋ᠢᠨ ᠶᠠᠷᠢᠶᠠᠨ᠎ᠤ ᠲᠠᠪᠴᠠᠩ᠎ᠳᠤ ᠨᠡᠢᠲᠡᠯᠡᠪᠡ᠃ ᠪᠥᠬᠦ᠌ ᠤᠯᠤᠰ᠎ᠤᠨ ᠠᠩᠬᠠᠳᠠᠭ᠍ᠴᠢ ᠡᠨᠧᠷᠭᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠦᠨᠡᠯᠡᠬᠦ᠌ ᠢᠯᠡᠳᠭᠡᠭᠴᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠢᠯᠡᠳᠭᠡᠭᠴᠢ᠎ᠶ᠋ᠢᠨ ᠳᠤᠤᠷ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠶ᠋ᠢ ᠬᠤᠪᠢᠷᠠᠭᠤᠯᠬᠤ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠪᠠ ᠨᠡᠢᠭᠡᠮ᠎ᠤᠨ ᠬᠤᠪᠢ ᠨᠡᠮᠡᠷᠢ ᠦᠵᠡᠭᠦᠯᠬᠦ᠌ ᠭᠤᠷᠪᠠᠨ ᠵᠦᠢᠯ᠎ᠤᠨ ᠭᠦᠢᠴᠡᠳᠭᠡᠯ ᠲᠤᠭ᠎ᠠ ᠳᠠᠬᠢᠨ᠎ᠢᠶᠠᠷ ᠨᠡᠮᠡᠭ᠌ᠳᠡᠬᠦ᠌᠎ᠶ᠋ᠢ ᠪᠡᠶᠡᠯᠡᠭᠦᠯᠪᠡ᠃

  ᠠᠩᠬ᠎ᠠ ᠤᠳᠠᠭ᠎ᠠ ᠨᠡᠢᠲᠡᠯᠡᠭ᠌ᠰᠡᠨ ᠥᠪᠥᠷ ᠮᠣᠩᠭᠤᠯ᠎ᠤᠨ ᠡᠨᠧᠷᠭᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠢᠯᠡᠳᠭᠡᠭᠴᠢ᠎ᠠᠴᠠ ᠦᠵᠡᠪᠡᠯ᠂ 2024 ᠣᠨ᠎ᠳᠤ ᠥᠪᠥᠷ ᠮᠣᠩᠭᠤᠯ᠎ᠤᠨ ᠡᠨᠧᠷᠭᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠢᠯᠡᠳᠭᠡᠭᠴᠢ᠎ᠶ᠋ᠢᠨ ᠶᠡᠷᠦᠩᠬᠡᠢᠯᠡᠭ᠌ᠰᠡᠨ ᠬᠤᠪᠢ 209.32 ᠴᠡᠭ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 24.21% ᠎ᠪᠠᠷ ᠨᠡᠮᠡᠭ᠌ᠳᠡᠪᠡ᠃ ᠢᠯᠡᠳᠭᠡᠯ᠎ᠳᠤ ᠪᠠᠰᠠ ᠤᠯᠠᠮᠵᠢᠯᠠᠯᠲᠤ ᠡᠨᠧᠷᠭᠢ᠎ᠶ᠋ᠢᠨ ᠲᠡᠰ ᠳᠡᠪᠱᠢᠬᠦ᠂ ᠴᠡᠪᠡᠷ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠂ ᠠᠮᠢ ᠠᠬᠤᠢ ᠠᠵᠤ ᠠᠬᠤᠢ᠎ᠶ᠋ᠢᠨ ᠬᠠᠮᠵᠢᠯᠴᠠᠭ᠎ᠠ᠂ ᠣᠷᠣᠨ ᠪᠦᠰᠡ᠎ᠶ᠋ᠢᠨ ᠡᠨᠧᠷᠭᠢ᠎ᠶ᠋ᠢᠨ ᠦᠢᠯᠡᠴᠢᠯᠡᠭᠡ᠂ ᠠᠵᠤ ᠠᠬᠤᠢ ᠨᠡᠢᠭᠡᠮ᠎ᠤᠨ ᠬᠥᠭ᠌ᠵᠢᠯᠲᠡ ᠵᠡᠷᠭᠡ ᠲᠠᠪᠤᠨ ᠶᠡᠭᠡ ᠲᠠᠯ᠎ᠠ᠎ᠠᠴᠠ ᠡᠨᠧᠷᠭᠢ᠎ᠶ᠋ᠢᠨ ᠠᠵᠤ ᠦᠢᠯᠡᠰ᠎ᠤᠨ ᠪᠦᠬᠦ᠌ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠭ᠌ᠰᠡᠨ ᠪᠠᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠠᠴᠠ ᠨᠠᠭᠠᠰᠢ᠂ ᠥᠪᠥᠷ ᠮᠣᠩᠭᠤᠯ᠎ᠤᠨ ᠡᠨᠧᠷᠭᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠵᠦ᠍᠂ ᠬᠡᠯᠪᠡᠷᠢ᠎ᠪᠠᠨ ᠬᠤᠪᠢᠷᠠᠭᠤᠯᠤᠭ᠍ᠰᠠᠨ ᠦᠷ᠎ᠡ ᠪᠦᠲᠦᠮᠵᠢ᠎ᠨᠢ ᠵᠢᠱ᠌ᠢᠯᠲᠡ᠎ᠠᠴᠠ ᠬᠤᠯᠠ ᠳᠠᠪᠠᠪᠠ᠃ ᠢᠯᠡᠳᠭᠡᠭᠴᠢ᠎ᠶ᠋ᠢᠨ ᠠᠵᠢᠯᠯᠠᠭᠠᠨ᠎ᠤ ᠦᠷ᠎ᠡ ᠳ᠋ᠦᠩ᠎ᠠᠴᠠ ᠦᠵᠡᠪᠡᠯ᠂ ᠥᠪᠥᠷ ᠮᠣᠩᠭᠤᠯ᠎ᠤᠨ ᠡᠨᠧᠷᠭᠢ᠎ᠶ᠋ᠢᠨ ᠠᠵᠤ ᠠᠬᠤᠶ ᠠᠯᠬᠤᠮ ᠠᠯᠬᠤᠮ᠎ᠢᠶᠠᠷ ᠬᠡᠪᠴᠢᠶ᠎ᠡ᠎ᠶ᠋ᠢᠨ ᠦᠷᠭᠡᠳᠭᠡᠯ᠎ᠢᠶᠠᠷ ᠭᠤᠤᠯ ᠪᠣᠯᠭᠠᠵᠤ ᠪᠠᠢᠭ᠍ᠰᠠᠨ᠎ᠠᠴᠠ ᠶᠠᠰᠤ ᠴᠢᠨᠠᠷ ᠦᠷ᠎ᠡ ᠠᠱᠢᠭ᠎ᠢ ᠤᠷᠢᠳ᠎ᠢᠶᠠᠷ ᠪᠣᠳᠣᠯᠬᠢᠯᠠᠬᠤ ᠲᠡᠢᠰᠢ ᠱᠢᠯᠵᠢᠵᠦ᠍᠂ ᠳᠠᠩ ᠭᠠᠭ᠍ᠴᠠ ᠡᠨᠧᠷᠭᠢ᠎ᠶ᠋ᠢᠨ ᠦᠢᠯᠡᠳᠪᠦᠷᠢᠯᠡᠯ᠎ᠠᠴᠠ ᠤᠯᠠᠨ ᠬᠡᠮᠵᠢᠯᠳᠦ ᠵᠣᠬᠢᠴᠠᠩᠭᠤᠢ ᠬᠥᠭ᠌ᠵᠢᠯᠲᠡ ᠲᠡᠢᠰᠢ ᠱᠢᠯᠵᠢᠵᠦ᠍᠂ ᠤᠯᠠᠮᠵᠢᠯᠠᠯᠲᠤ ᠡᠨᠧᠷᠭᠢ᠎ᠶ᠋ᠢᠨ ᠲᠦᠱᠢᠭ᠌ᠯᠡᠯ᠎ᠠᠴᠠ ᠪᠣᠬᠢᠷᠲᠤᠯ ᠦᠭᠡᠢ ᠬᠡᠯᠪᠡᠷᠢ᠎ᠶ᠋ᠢ ᠬᠤᠪᠢᠷᠠᠭᠤᠯᠤᠨ ᠬᠦᠳᠦᠯᠦᠨ ᠳᠠᠭᠠᠭᠤᠯᠬᠤ ᠭᠤᠷᠪᠠᠨ ᠶᠡᠭᠡ ᠵᠠᠩᠭᠢᠯᠠᠭ᠎ᠠ᠎ᠶ᠋ᠢᠨ ᠬᠤᠪᠢᠷᠠᠯᠲᠠ ᠲᠡᠢᠰᠢ ᠬᠤᠪᠢᠷᠠᠪᠠ᠃

  ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠠᠵᠢᠯᠯᠠᠭᠠᠨ᠎ᠤ ᠵᠣᠬᠢᠴᠠᠭᠤᠯᠬᠤ ᠭᠠᠵᠠᠷ᠎ᠤᠨ ᠳᠠᠷᠤᠭ᠎ᠠ ᠯᠢᠦ ᠶᠠᠩ ᠢᠯᠡᠷᠬᠡᠢᠯᠡᠬᠦ᠌᠎ᠳᠡᠭᠡᠨ᠄ 《 ᠢᠯᠡᠳᠭᠡᠭᠴᠢ᠎ᠳᠤ ᠪᠢᠳᠡ ᠥᠪᠥᠷ ᠮᠣᠩᠭᠤᠯ᠎ᠤᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠰᠤᠳᠠᠰᠤ᠎ᠶ᠋ᠢ ᠦᠵᠡᠵᠦ᠍ ᠭᠠᠷᠴᠤ᠌ ᠪᠣᠯᠤᠨ᠎ᠠ᠂ ᠶᠠᠭ ᠰᠠᠢᠬᠠᠨ 〈ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ〉 ᠎ᠠᠴᠠ 〈ᠰᠠᠯᠬᠢ ᠰᠥᠷᠦᠨ ᠰᠢᠨᠲᠠᠷᠠᠰᠢ ᠦᠭᠡᠢ ᠬᠥᠭᠡᠭᠡᠴᠡᠯᠳᠦᠬᠦ〉 ᠬᠦᠷᠲᠡᠯ᠎ᠡ᠂ 〈ᠡᠨᠧᠷᠭᠢ᠎ᠶ᠋ᠢᠨ ᠰᠠᠭᠤᠷᠢᠨ〉 ᠎ᠠᠴᠠ 〈ᠨᠤᠭᠤᠭ᠋ᠠᠨ ᠡᠨᠧᠷᠭᠢ᠎ᠶ᠋ᠢᠨ ᠥᠨᠳᠦᠷᠯᠢᠭ〉 ᠬᠦᠷᠲᠡᠯ᠎ᠡ᠂ ᠥᠪᠡᠷᠮᠢᠴᠡ ᠣᠨᠴᠠᠯᠢᠭ᠎ᠲᠠᠢ ᠡᠨᠧᠷᠭᠢ᠎ᠶ᠋ᠢᠨ ᠬᠤᠪᠢᠰᠭᠠᠯ᠎ᠤᠨ ᠵᠠᠮ᠎ᠢᠶᠠᠷ ᠵᠠᠮᠨᠠᠵᠤ ᠪᠠᠢᠨ᠎ᠠ᠃

  2024 ᠣᠨ᠎ᠳᠤ᠂ ᠥᠪᠥᠷ ᠮᠣᠩᠭᠤᠯ᠎ᠤᠨ ᠨᠡᠭᠦᠷᠡᠰᠦᠨ᠎ᠤ ᠭᠠᠷᠤᠯᠲᠠ ᠪᠠ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢᠨ ᠬᠡᠮᠵᠢᠶ᠎ᠡ᠂ ᠨᠡᠭᠦᠷᠡᠰᠦ᠎ᠶ᠋ᠢ ᠭᠠᠳᠠᠭ᠍ᠰᠢ ᠲᠡᠭᠡᠭᠡᠪᠦᠷᠢᠯᠡᠬᠦ᠌ ᠬᠡᠮᠵᠢᠶ᠎ᠡ᠂ ᠴᠠᠬᠢᠯᠭᠠᠨ ᠬᠦᠴᠦᠨ᠎ᠤ ᠶᠡᠷᠦᠩᠬᠡᠢ ᠮᠠᠱᠢᠨ ᠴᠣᠭ᠍ᠴᠠᠯᠠᠪᠤᠷᠢ᠂ ᠱᠢᠨ᠎ᠡ ᠡᠨᠧᠷᠭᠢ᠎ᠶ᠋ᠢᠨ ᠶᠡᠷᠦᠩᠬᠡᠢ ᠮᠠᠱᠢᠨ ᠴᠣᠭ᠍ᠴᠠᠯᠠᠪᠤᠷᠢ ᠵᠡᠷᠭᠡ 15 ᠵᠦᠢᠯ᠎ᠤᠨ ᠬᠥᠭ᠌ᠵᠢᠯᠲᠡ᠎ᠶ᠋ᠢᠨ ᠭᠦᠢᠴᠡᠳᠭᠡᠯ ᠲᠤᠭ᠎ᠠ ᠪᠦᠬᠦ᠌ ᠤᠯᠤᠰ᠎ᠤᠨ ᠲᠡᠷᠢᠭᠦᠨ᠎ᠳᠤ ᠣᠷᠣᠵᠤ᠂ ᠡᠨᠡ ᠵᠢᠯ᠎ᠤᠨ 10 ᠳ᠋ᠤᠭ᠋ᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠴᠦ᠍᠂ ᠪᠦᠬᠦ᠌ ᠤᠯᠤᠰ᠎ᠲᠤ ᠡᠩ ᠲᠡᠷᠢᠭᠦᠨ᠎ᠳᠤ 1.5 ᠳ᠋ᠦᠩᠱᠢᠭᠤᠷ ᠺᠢᠯᠤᠸᠠᠲ᠎ᠶ᠋ᠢ ᠳᠠᠪᠠᠵᠤ᠂ 《ᠬᠠᠮᠵᠢᠯᠴᠠᠨ ᠠᠬᠢᠭᠤᠯᠵᠤ᠂ ᠭᠤᠣᠯᠳᠠᠯᠭ᠎ᠠ᠎ᠲᠠᠢ᠎ᠪᠠᠷ ᠱᠢᠪᠲᠤᠯᠬᠤ》 ᠬᠥᠭ᠌ᠵᠢᠯᠲᠡ᠎ᠶ᠋ᠢᠨ ᠪᠠᠢᠷᠢᠱᠢᠯ᠎ᠢ ᠢᠯᠡᠷᠡᠭᠦᠯᠪᠡ᠃ ᠡᠭᠦᠨ᠎ᠳᠤ᠂ ᠤᠯᠠᠮᠵᠢᠯᠠᠯᠲᠤ ᠡᠨᠧᠷᠭᠢ᠎ᠶ᠋ᠢᠨ ᠳᠡᠰ ᠳᠡᠪᠱᠢᠬᠦ᠌  ᠢᠯᠡᠳᠭᠡᠭᠴᠢ ᠦᠨᠳᠦᠰᠦᠨ ᠬᠤᠭᠤᠴᠠᠭᠠᠨ᠎ᠤ᠎ᠬᠢ᠎ᠠᠴᠠ 40.96% ᠎ᠪᠠᠷ ᠨᠡᠮᠡᠭ᠌ᠳᠡᠪᠡ; ᠴᠡᠪᠡᠷ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ ᠢᠯᠡᠳᠭᠡᠭᠴᠢ ᠲᠠᠪᠤᠨ ᠵᠢᠯ᠎ᠤᠨ ᠲᠤᠷᠱᠢᠬᠢ ᠵᠢᠯ ᠳᠤᠮᠳᠠᠴᠢ᠎ᠶ᠋ᠢᠨ ᠨᠡᠢᠯᠡᠮᠡᠯ ᠨᠡᠮᠡᠭ᠌ᠳᠡᠯ᠎ᠤᠨ ᠨᠤᠷᠮ᠎ᠠ 14.07% ᠪᠣᠯᠪᠠ᠂ ᠠᠮᠢ ᠠᠬᠤᠶ᠎ᠶ᠋ᠢᠨ ᠠᠵᠤ ᠠᠬᠤᠶ᠎ᠶ᠋ᠢᠨ ᠬᠠᠮᠵᠢᠯᠴᠠᠭᠠᠨ᠎ᠤ ᠵᠢᠭᠠᠯᠲᠠ ᠲᠣᠭ᠎ᠠ ᠠᠳᠠᠯᠢ ᠬᠤᠭᠤᠴᠠᠭᠠᠨ᠎ᠤ᠎ᠬᠢ᠎ᠠᠴᠠ 35.89% ᠪᠠᠷ ᠨᠡᠮᠡᠭᠳᠡᠵᠦ᠂ ᠲᠣᠰ ᠵᠢᠯ᠎ᠤᠨ ᠨᠡᠮᠡᠭ᠌ᠳᠡᠯ᠎ᠤᠨ ᠬᠡᠮᠵᠢᠶ᠎ᠡ ᠬᠠᠮᠤᠭ᠎ᠤᠨ ᠶᠡᠭᠡ ᠬᠤᠶᠠᠳᠤᠭᠠᠷ ᠳᠡᠰ᠎ᠤᠨ ᠢᠯᠡᠳᠭᠡᠭᠴᠢ ᠪᠣᠯᠪᠠ; ᠣᠷᠣᠨ ᠪᠦᠰᠡ᠎ᠶ᠋ᠢᠨ ᠡᠨᠧᠷᠭᠢ᠎ᠶ᠋ᠢᠨ ᠦᠢᠯᠡᠴᠢᠯᠡᠭᠡᠨ᠎ᠤ ᠢᠯᠡᠳᠭᠡᠭᠴᠢ᠎ᠶᠢᠨ ᠵᠢᠯ ᠳᠤᠮᠳᠠᠴᠢ᠎ᠶ᠋ᠢᠨ ᠨᠡᠢᠯᠡᠮᠡᠯ ᠨᠡᠮᠡᠭ᠌ᠳᠡᠯ᠎ᠤᠨ ᠨᠤᠷᠮ᠎ᠠ 23.17 % ᠎ᠳᠤ ᠬᠦᠷᠴᠡᠶ; ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ  ᠢᠯᠡᠳᠭᠡᠭᠴᠢ᠎ᠶ᠋ᠢᠨ ᠵᠢᠯ ᠳᠤᠮᠳᠠᠴᠢ᠎ᠶ᠋ᠢᠨ ᠨᠡᠢᠯᠡᠮᠡᠯ ᠨᠡᠮᠡᠭ᠌ᠳᠡᠯ᠎ᠤᠨ ᠨᠤᠷᠮ᠎ᠠ 31.30 % ᠎ᠳᠤ ᠬᠦᠷᠴᠦ᠍᠂ ᠵᠢᠯ᠎ᠤᠨ ᠳᠤᠮᠳᠠᠴᠢ ᠨᠡᠮᠡᠭ᠌ᠳᠡᠯ᠎ᠤᠨ ᠬᠤᠷᠳᠤᠴᠠ ᠲᠠᠪᠤᠨ ᠵᠦᠢᠯ᠎ᠤᠨ ᠨᠢᠭᠡᠳᠦᠭᠡᠷ ᠳᠡᠰ᠎ᠤᠨ ᠢᠯᠡᠳᠭᠡᠭᠴᠢ᠎ᠶ᠋ᠢᠨ ᠳᠣᠲᠣᠷ᠎ᠠ ᠨᠢᠭᠡᠳᠦᠭᠡᠷ᠎ᠲᠤ ᠵᠢᠭ᠍ᠰᠠᠭᠠᠭ᠍ᠳᠠᠵᠤ᠂ ᠡᠨᠧᠷᠭᠢ᠎ᠶ᠋ᠢᠨ ᠠᠵᠤ ᠦᠢᠯᠡᠰ᠎ᠨᠢ ᠠᠵᠤ ᠠᠬᠤᠶ᠎ᠶ᠋ᠢᠨ ᠨᠡᠮᠡᠭ᠌ᠳᠡᠯ᠎ᠢ ᠳᠠᠢᠴᠢᠯᠠᠬᠤ ᠪᠠ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠤ ᠪᠠᠲᠤᠯᠠᠭ᠎ᠠ ᠳᠡᠰ ᠳᠡᠪᠱᠢᠵᠦ᠍᠂ 《ᠠᠵᠤ ᠠᠬᠤᠢ᠎ᠠᠴᠠ ᠬᠦᠴᠦᠨ ᠨᠡᠮᠡᠷᠢᠯᠡᠵᠦ᠂ ᠨᠡᠢᠭᠡᠮ᠎ᠠᠴᠠ ᠠᠱᠢᠭ ᠬᠦᠷᠲᠡᠵᠦ᠂ ᠨᠡᠭᠡᠭᠡᠯᠲᠡ᠎ᠲᠠᠢ ᠬᠠᠮᠲᠤ᠎ᠪᠠᠷ ᠠᠱᠢᠭ ᠭᠥᠷᠳᠡᠬᠦ᠌》 ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠵᠦ᠍᠂ ᠡᠨᠧᠷᠭᠢ᠎ᠶ᠋ᠢᠨ ᠠᠵᠤ ᠦᠢᠯᠡᠰ᠎ᠤᠨ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠳᠠᠬᠢ ᠶᠡᠷᠦᠩᠬᠡᠢᠯᠡᠭ᠌ᠰᠡᠨ ᠲᠤᠯᠭᠠᠭᠤᠷᠢᠯᠠᠬᠤ ᠦᠨ᠎ᠡ ᠥᠷᠲᠡᠭ᠎ᠢ ᠢᠯᠡᠷᠡᠭᠦᠯᠪᠡ᠃ ᠥᠪᠥᠷ ᠮᠣᠩᠭᠤᠯ ᠪᠠᠰᠠ 《ᠥᠪᠥᠷ ᠮᠣᠩᠭᠤᠯ᠎ᠤᠨ ᠡᠨᠧᠷᠭᠢ᠎ᠶ᠋ᠢᠨ ᠠᠵᠤ ᠠᠬᠤᠶ᠎ᠳᠤ ᠬᠦᠴᠦᠨ ᠨᠡᠮᠡᠷᠢᠯᠡᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠢᠯᠡᠳᠭᠡᠭᠴᠢ᠎ᠶ᠋ᠢᠨ ᠮᠡᠳᠡᠭᠦᠯᠦᠯᠲᠡ (2025)》 ᠎ᠶ᠋ᠢ ᠨᠡᠢᠲᠡᠯᠡᠵᠦ᠍᠂ ᠥᠪᠥᠷ ᠮᠣᠩᠭᠤᠯ᠎ᠤᠨ ᠡᠨᠧᠷᠭᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠭ᠌ᠰᠡᠨ ᠦᠷ᠎ᠡ ᠪᠦᠲᠦᠮᠵᠢ᠎ᠶ᠋ᠢ ᠠᠩᠬ᠎ᠠ ᠤᠳᠠᠭ᠎ᠠ ᠱᠢᠰᠲ᠋ᠧᠮᠵᠢᠭᠦᠯᠦᠨ ᠦᠨᠡᠯᠡᠨ ᠵᠢᠱ᠌ᠢᠵᠦ᠍᠂ ᠡᠨᠧᠷᠭᠢ᠎ᠶ᠋ᠢᠨ ᠠᠵᠤ ᠦᠢᠯᠡᠰ᠎ᠤᠨ 《ᠳᠠᠩ ᠭᠠᠭ᠍ᠴᠠ ᠡᠨᠧᠷᠭᠢ ᠬᠠᠩᠭᠠᠬᠤ》 ᠎ᠠᠴᠠ 《ᠣᠯᠠᠨ ᠲᠠᠯ᠎ᠠ᠎ᠪᠠᠷ ᠬᠠᠮᠵᠢᠯᠴᠠᠬᠤ》 ᠲᠡᠢ᠌ᠰᠢ ᠬᠡᠯᠪᠡᠷᠢ᠎ᠪᠠᠨ ᠬᠤᠪᠢᠷᠠᠭᠤᠯᠤᠭ᠍ᠰᠠᠨ ᠵᠠᠮ ᠮᠥᠷ᠎ᠢ ᠲᠣᠳᠣᠷᠬᠠᠶ ᠢᠯᠡᠷᠡᠭᠦᠯᠪᠡ᠃

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠠᠵᠢᠯᠯᠠᠭᠠᠨ᠎ᠤ ᠬᠠᠮᠵᠢᠯᠴᠠᠬᠤ ᠭᠠᠵᠠᠷ᠎ᠤᠨ ᠳᠠᠷᠤᠭ᠎ᠠ ᠯᠢᠦ ᠶᠠᠩ᠄ 《ᠥᠪᠥᠷ ᠮᠣᠩᠭᠤᠯ 〈ᠠᠷᠪᠠᠨ ᠶᠡᠭᠡ ᠠᠵᠤ ᠦᠢᠯᠡᠰ᠎ᠤᠨ ᠪᠦᠯᠦᠭᠵᠢᠯ〉 ᠎ᠢ ᠰᠦᠪᠡᠭ᠌ᠴᠢᠯᠡᠨ ᠪᠠᠢᠭᠤᠯᠵᠤ᠂ ᠱᠢᠯᠢᠳᠡᠭ ᠠᠵᠤ ᠠᠬᠤᠢᠯᠠᠯ᠎ᠳᠦ ᠡᠷᠦᠬᠡ ᠠᠮᠠ ᠤᠷᠤᠭᠤᠯᠬᠤ᠂ ᠴᠢᠨᠠᠷ ᠰᠠᠢᠲᠠᠶ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ᠂ ᠪᠢᠳᠡ ᠡᠨᠧᠷᠭᠢ᠎ᠶ᠋ᠢᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠬᠥᠭ᠌ᠵᠢᠭᠦᠯᠬᠦ᠌ ᠪᠠ ᠨᠥᠭᠡᠴᠡᠯᠡᠬᠦ᠌᠎ᠶ᠋ᠢ ᠴᠢᠩᠭᠠᠳᠭᠠᠵᠤ᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠤᠨ᠎ᠠ》 ᠭᠡᠵᠦ᠍ ᠢᠯᠡᠳᠭᠡᠪᠡ᠃

 

 

  ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠬᠠᠮᠲᠤᠷᠠᠭᠰᠠᠨ ᠨᠡᠪᠲᠠᠷᠡᠭᠦᠯᠭᠡ
          
ᠬᠠᠮᠢᠶ᠎ᠡ ᠪᠦᠬᠦᠢ ᠰᠣᠨᠢᠨ
 
            