ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠣᠷᠳᠣᠰ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢ ᠯᠢ ᠧᠨ ᠾᠧ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠡᠭᠦᠰᠭᠡᠨ ᠪᠠᠢᠭᠤᠯᠤᠭ᠍ᠴᠢ ᠪᠥᠭᠡᠳ ᠲᠦᠷᠦᠭᠦᠦ ᠬᠦᠢᠴᠡᠳᠭᠡᠭ᠌ᠴᠢ ᠲᠤᠰᠢᠶᠠᠯᠲᠠᠨ ᠼᠦᠢ ᠬᠤᠤ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-12-11

  12  ᠳ᠋ᠤᠭ᠋ᠠᠷ ᠰᠠᠷ᠎ᠠ᠎ᠶ᠋ᠢᠨ 10 ᠎ᠤ ᠡᠳᠤᠷ᠎ᠤᠨ ᠦᠳᠠ᠎ᠶ᠋ᠢᠨ ᠬᠤᠢᠨ᠎ᠠ᠂ ᠤᠷᠳᠤᠰ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢ ᠯᠢ ᠡᠸᠨ ᠾᠧ ᠠᠮᠢᠳᠤ ᠪᠤᠳᠠᠰ᠎ᠤᠨ ᠱᠢᠨᠵᠢᠯᠡᠭᠦ᠌ ᠤᠬᠠᠭᠠᠨ ᠲᠸᠭᠨᠢᠭ ᠮᠡᠷᠭᠡᠵᠢᠯ᠎ᠤᠨ ᠭᠢᠵᠠᠭᠠᠷᠳᠤ ᠺᠤᠮᠫᠠᠨᠢ᠎ᠶ᠋ᠢᠨ ᠡᠭᠦᠰᠭᠡᠨ ᠪᠠᠢᠭᠤᠯᠤᠬ᠍ᠴᠢ ᠪᠥᠭᠡᠳ ᠲᠦᠷᠦᠭᠦᠦ ᠬᠦᠢᠴᠡᠳᠭᠡᠭ᠌ᠴᠢ ᠲᠤᠰᠢᠶᠠᠯᠲᠠᠨ ᠼᠦᠢ ᠬᠤᠤ ᠨᠠᠷ᠎ᠲᠠᠢ ᠠᠭᠤᠯᠵᠠᠵᠤ᠂ ᠬᠤᠶᠠᠷ ᠲᠠᠯ᠎ᠠ᠎ᠪᠠᠷ᠎ᠢᠶᠠᠨ ᠭᠤᠤᠯᠳᠠᠯᠭ᠎ᠠ᠎ᠲᠠᠢ ᠲᠦᠷᠦᠯ ᠵᠦᠢᠯ᠎ᠢ ᠠᠭᠢᠭᠤᠯᠬᠤ᠂ ᠬᠠᠮᠳᠤᠷᠠᠯᠴᠠᠭ᠎ᠠ᠎ᠪᠠᠨ ᠭᠦᠨᠵᠡᠭᠡᠢᠷᠡᠭᠦᠯᠭᠦ᠌ ᠵᠡᠷᠭᠡ ᠲᠠᠯ᠎ᠠ᠎ᠪᠠᠷ ᠭᠦᠨᠵᠡᠭᠡᠢ ᠰᠤᠯᠢᠯᠴᠠᠪᠠ᠃

  ᠯᠢ ᠯᠢ ᠼᠦᠢ ᠬᠤᠤ ᠨᠠᠷ᠎ᠤᠨ ᠬᠦᠷᠦᠯᠴᠡᠨ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠤᠷᠳᠤᠰ ᠬᠤᠳᠠ᠎ᠶ᠋ᠢᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠢ ᠲᠣᠪᠴᠢ ᠲᠠᠨᠢᠯᠴᠠᠭᠤᠯᠪᠠ᠃ ᠲᠡᠷᠡ᠂ ᠤᠳᠤᠬᠠᠨ᠎ᠳᠤ᠂ ᠤᠷᠳᠤᠰ ᠬᠤᠳᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠷᠪᠡᠳᠦᠭᠡᠷ ᠪᠦᠭᠦᠳᠠ ᠬᠤᠷᠠᠯ᠎ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠤᠭᠡᠷ ᠬᠤᠭᠤᠴᠠᠭᠠᠨ᠎ᠤ ᠠᠷᠪᠠᠳᠤᠭᠠᠷ ᠤᠳᠠᠭᠠᠨ᠎ᠤ ᠪᠦᠭᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠤᠳᠠ᠎ᠶ᠋ᠢᠨ ᠨᠠᠮ᠎ᠤᠨ ᠬᠤᠷᠢᠶ᠎ᠠ᠎ᠶ᠋ᠢᠨ ᠲᠠᠪᠤᠳᠤᠭᠠᠷ ᠬᠤᠭᠤᠴᠠᠭᠠᠨ᠎ᠤ ᠠᠷᠪᠠᠳᠤᠭᠠᠷ ᠤᠳᠠᠭᠠᠨ᠎ᠤ ᠪᠦᠭᠦᠳᠠ ᠬᠤᠷᠠᠯ᠎ᠠᠴᠠ ᠲᠤᠬ᠍ᠳᠠᠭᠠᠬ᠍ᠰᠠᠨ ᠲᠤᠭᠢᠷᠠᠭᠤᠯᠤᠯᠳᠠ ᠪᠠᠢᠷᠢᠯᠠᠭᠤᠯᠤᠯᠳᠠ ᠶᠤᠰᠤᠭᠠᠷ᠂ ᠨᠡᠢ᠌ᠯᠡᠮᠡᠯ ᠠᠮᠢᠳᠤ ᠪᠤᠳᠠᠰ ᠵᠡᠷᠭᠡ ᠢᠷᠡᠭᠡᠳᠤᠢ᠎ᠶ᠋ᠢᠨ ᠠᠵᠤ ᠦᠢᠯᠠᠰ᠎ᠢ ᠢᠳᠡᠪᠭᠢᠳᠠᠢ ᠪᠤᠢᠵᠢᠭᠤᠯᠤᠨ᠂ 《ᠬᠣᠶᠠᠳᠤᠭᠠᠷ ᠨᠡᠮᠡᠭᠳᠡᠯ᠎ᠦᠨ ᠮᠤᠷᠤᠢ ᠱᠤᠭᠤᠮ》 ᠎ᠢ ᠲᠦᠷᠭᠡᠳᠭᠡᠨ ᠪᠠᠢᠭᠤᠯᠵᠤ᠂ ᠤᠳᠤᠭᠢᠴᠢᠯᠠᠬ᠍ᠰᠠᠨ ᠤᠷᠳᠤᠰ᠎ᠤᠨ ᠪᠦᠳᠦᠭᠡᠨ ᠪᠠᠢᠭᠤᠯᠤᠯᠳᠠ᠎ᠶ᠋ᠢᠨ ᠲᠠᠰᠤᠷᠠᠯᠳᠠ ᠦᠭᠡᠢ ᠱᠢᠨ᠎ᠠ ᠦᠷ᠎ᠠ ᠪᠦᠳᠦᠮᠵᠢ ᠤᠯᠬᠤ᠎ᠶ᠋ᠢ ᠪᠦᠭᠦ᠌ ᠭᠦᠴᠦᠨ᠎ᠢᠶᠠᠷ ᠠᠭᠢᠭᠤᠯᠵᠤ ᠪᠤᠢ᠃ ᠧᠨ ᠾᠧ ᠠᠮᠢᠳᠤ ᠪᠣᠳᠠᠰ᠎ᠨᠢ ᠪᠦᠬᠦ᠌ ᠪᠥᠮᠪᠥᠷᠴᠡᠭ᠎ᠤᠨ ᠠᠵᠤ ᠦᠢᠯᠡᠳᠪᠦᠷᠢ᠎ᠶ᠋ᠢᠨ ᠠᠮᠢᠳᠤ ᠪᠣᠳᠠᠰ᠎ᠤᠨ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠭᠠᠷ ᠤᠷᠠᠯᠠᠯ᠎ᠤᠨ ᠮᠡᠷᠭᠡᠵᠢᠯ ᠨᠢ ᠣᠷᠣᠢᠯᠠᠵᠤ᠂ ᠬᠥᠭᠵᠢᠯᠲᠡ᠎ᠶᠢᠨ ᠢᠷᠡᠭᠡᠳᠦᠢ ᠨᠢ ᠥᠷᠭᠡᠨ ᠠᠭᠤᠳᠠᠮ ᠪᠠᠢᠳᠠᠭ᠃ ᠬᠤᠶᠠᠷ ᠲᠠᠯ᠎ᠠ᠎ᠪᠠᠷ᠎ᠢᠶᠠᠨ ᠨᠢᠭᠡᠨᠲᠡ ᠰᠠᠢᠨ ᠰᠠᠢᠬᠠᠨ ᠬᠠᠮᠲᠤᠷᠠᠯᠴᠠᠭᠠᠨ᠎ᠤ ᠰᠠᠭᠤᠷᠢ᠎ᠲᠠᠢ ᠪᠤᠯᠵᠤ᠂ ᠬᠠᠮᠲᠤᠷᠠᠯᠴᠠᠭᠠᠨ᠎ᠤ ᠣᠷᠣᠨ ᠵᠠᠢ᠎ᠶ᠋ᠢ ᠤᠯᠠᠮ ᠴᠢᠨᠠᠭ᠍ᠰᠢᠳᠠ ᠥᠷᠭᠡᠳᠭᠡᠵᠦ᠍᠂ ᠬᠠᠮᠲᠤᠷᠠᠯᠴᠠᠭᠠᠨ᠎ᠤ ᠳᠠᠯᠳᠠ ᠬᠦᠴᠦᠨ᠎ᠢ ᠭᠦᠨᠵᠡᠭᠡᠢ ᠠᠭᠤᠳᠠᠯᠠᠬᠤ᠎ᠶ᠋ᠢ ᠬᠦᠰᠡᠵᠦ᠍ ᠪᠠᠢᠨ᠎ᠠ ᠭᠡᠪᠡ᠃ ᠪᠢᠳᠡ ᠥᠩᠭᠡᠷᠡᠭ᠌ᠰᠡᠨ᠎ᠲᠠᠢ᠎ᠪᠠᠨ ᠠᠳᠠᠯᠢ᠎ᠪᠠᠷ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠤ ᠨᠡᠩ ᠱᠢᠯᠢᠳᠡᠭ ᠦᠢᠯᠡᠴᠢᠯᠡᠭᠡ ᠬᠠᠩᠭᠠᠵᠤ᠂ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠵᠦᠢᠯᠡᠰ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

  ᠼᠦᠢ ᠬᠤᠤ ᠤᠷᠳᠤᠰ᠎ᠠᠴᠠ ᠡᠸᠨ ᠾᠧ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠳᠤ ᠦᠵᠡᠭᠦᠯᠦᠭ᠌ᠰᠡᠨ ᠬᠦᠴᠦᠲᠡᠢ ᠳᠡᠮᠵᠢᠯᠭᠡ᠎ᠳᠤ ᠲᠠᠯᠠᠷᠬᠠᠵᠤ ᠪᠠᠢᠬᠤ᠎ᠪᠠᠨ ᠢᠯᠡᠳᠭᠡᠵᠦ᠍᠂ ᠠᠵᠤ ᠠᠬᠤᠢᠯᠠᠯ᠎ᠤᠨ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠠᠵᠤ ᠦᠢᠯᠡᠰ᠎ᠤᠨ ᠬᠥᠭ᠌ᠵᠢᠯᠲᠡ ᠪᠣᠯᠤᠨ ᠬᠠᠮᠢᠶ᠎ᠠ ᠪᠦᠬᠦᠢ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢᠨ ᠪᠠᠢᠳᠠᠯ᠎ᠢ ᠲᠣᠪᠴᠢ ᠲᠠᠨᠢᠯᠴᠠᠭᠤᠯᠪᠠ᠃ ᠲᠡᠷᠡ᠂ ᠡᠸᠨ ᠾᠧ ᠠᠮᠢᠳᠤ ᠪᠣᠳᠠᠰ᠎ᠢ ᠤᠷᠳᠤᠰ᠎ᠤᠨ ᠠᠵᠤ ᠦᠢᠯᠡᠰ᠎ᠤᠨ ᠬᠥᠭ᠌ᠵᠢᠯᠲᠡ᠎ᠲᠠᠢ ᠨᠢᠭ᠍ᠲᠠ ᠤᠶᠠᠯᠳᠤᠭᠤᠯᠵᠤ᠂ ᠠᠵᠤ ᠠᠬᠤᠢᠯᠠᠯ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠨᠡᠩ ᠤᠯᠠᠨ ᠵᠣᠬᠢᠴᠠᠯ᠎ᠤᠨ ᠴᠡᠭ᠎ᠢ ᠢᠳᠡᠪᠬᠢᠲᠡᠢ ᠡᠷᠢᠯᠬᠢᠯᠡᠵᠦ᠍᠂ ᠬᠠᠮᠲᠤᠷᠠᠯᠴᠠᠭ᠎ᠠ ᠬᠢᠵᠦ᠍ ᠬᠠᠮᠲᠤᠪᠠᠷ ᠠᠱᠢᠭ ᠬᠦᠷᠳᠡᠬᠦ᠌᠎ᠶ᠋ᠢ ᠴᠢᠷᠮᠠᠢᠨ ᠪᠡᠶᠡᠯᠡᠭᠦᠯᠦᠨ᠎ᠡ ᠭᠡᠵᠦ᠍ ᠢᠯᠡᠳᠭᠡᠪᠡ᠃

 

 

   ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠳᠤᠯᠠᠭ᠋ᠠᠨ ᠰᠣᠨᠢᠨ ᠮᠡᠳᠡᠭᠡᠨ᠎ᠤ ᠸᠢᠴᠠᠲ᠎ᠤᠨ ᠣᠯᠠᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            