ᠪᠥᠬᠦ᠌ ᠤᠯᠤᠰ᠎ᠤᠨ ᠬᠠᠮᠤᠭ᠎ᠤᠨ ᠶᠡᠭᠡ ᠳᠡᠭᠡᠳᠦ ᠲᠠᠰ᠎ᠤᠨ ᠬᠦᠨᠳᠦ ᠬᠡᠯᠪᠡᠷᠢ᠎ᠶ᠋ᠢᠨ ᠰᠠᠭᠤᠷᠢ ᠲᠣᠨᠤᠭ ᠲᠥᠬᠦᠭᠡᠷᠦᠮᠵᠢ ᠦᠶ᠋ᠯᠡᠳᠬᠦ᠌ ᠠᠵᠤ ᠦᠶ᠋ᠯᠡᠰ᠎ᠤᠨ ᠰᠠᠭᠤᠷᠢᠨ ᠭᠠᠵᠠᠷ ᠪᠣᠯᠤᠭ᠍ᠰᠠᠨ᠎ᠤ ᠬᠤᠪᠢ᠎ᠳᠤ᠂ ᠲᠣᠰ ᠰᠠᠭᠤᠷᠢᠨ ᠭᠠᠵᠠᠷ᠎ᠲᠤ ᠨᠡᠢᠲᠡ 360 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠵᠢᠭᠦᠯᠵᠦ᠍᠂ ᠶᠡᠷᠦᠩᠬᠡᠶ ᠲᠠᠯᠠᠪᠠᠶ᠎ᠨᠢ 11800 ᠮᠥ᠍᠂ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ᠎ᠨᠢ 450 ᠲᠦᠮᠡᠨ ᠲᠡᠭ᠌ᠰᠢ ᠳᠥᠷᠪᠡᠯᠵᠢᠨ ᠮᠧᠲᠷ ᠪᠣᠯᠤᠨ᠎ᠠ᠃ ᠣᠳᠣᠬᠠᠨ᠎ᠳᠤ ᠡᠯ᠎ᠡ ᠲᠥᠷᠥᠯ᠎ᠤᠨ ᠪᠠᠷᠢᠯᠭ᠎ᠠ᠎ᠶ᠋ᠢ 166 ᠲᠦᠮᠡᠨ ᠲᠡᠭ᠌ᠰᠢ ᠳᠥᠷᠪᠡᠯᠵᠢᠨ ᠮᠧᠲᠷ ᠪᠠᠢᠭᠤᠯᠵᠤ᠂ ᠢᠵᠢ ᠪᠦᠷᠢᠳᠦᠭᠦᠯᠬᠦ᠌ ᠲᠥᠷᠥᠯ ᠵᠦᠢᠯ᠎ᠢ 29 ᠲᠥᠯᠥᠪᠵᠢᠭᠦᠯᠪᠡ᠂ ᠡᠭᠦᠨ᠎ᠳᠤ 16 ᠶ᠋ᠢ᠎ᠨᠢ ᠨᠢᠭᠡᠨᠲᠡ ᠪᠠᠢᠭᠤᠯᠵᠤ᠂ ᠪᠣᠯᠣᠳ ᠪᠦᠲᠦᠴᠡ ᠵᠢᠴᠢ ᠬᠦᠨᠳᠦ᠍᠎ᠶ᠋ᠢ ᠡᠷᠭᠦᠬᠦ᠌ ᠮᠠᠱᠢᠨ᠂ ᠰᠠᠯᠬᠢᠨ ᠨᠠᠪᠴᠢ᠂ ᠰᠤᠪᠤᠷᠭ᠎ᠠ᠎ᠶ᠋ᠢᠨ ᠲᠦᠩᠰᠡ᠂ ᠭᠤᠤᠯ ᠮᠠᠱᠢᠨ᠂ ᠮᠠᠱᠢᠨ᠎ᠤ ᠥᠷᠥᠭᠡᠨ᠎ᠤ ᠪᠦᠷᠬᠦᠭᠦᠯ ᠵᠡᠷᠭᠡ ᠦᠢᠯᠡᠳᠬᠦᠨ᠎ᠢ ᠤᠷᠢᠳ ᠬᠤᠵᠢᠳ ᠠᠰᠢᠭᠯᠠᠯᠲᠠ᠎ᠳᠤ ᠤᠷᠤᠭᠤᠯᠪᠠ᠃ ᠣᠳᠣᠬᠠᠨ ᠪᠣᠯᠲᠠᠯ᠎ᠠ᠂ ᠰᠠᠭᠤᠷᠢᠨ ᠭᠠᠵᠠᠷ᠎ᠲᠤ ᠨᠡᠢᠲᠡ 160 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ 75 ᠳ᠋ᠦᠩᠱᠢᠭᠤᠷ ᠲᠥᠭᠦᠷᠢᠭ᠎ᠤᠨ ᠦᠢᠯᠡᠳᠬᠦᠨ᠎ᠤ ᠦᠷᠳᠡᠭ᠎ᠢ ᠪᠡᠶᠡᠯᠡᠭᠦᠯᠵᠦ᠍᠂ ᠨᠢᠭᠡᠨᠲᠡ ᠯᠦᠩ ᠮᠠ ᠪᠦᠯᠦᠭ᠌ᠯᠡᠯ᠂ ᠯᠦᠸᠧ ᠶᠠᠩ ᠱᠤᠸᠠᠩ ᠷᠦᠢ᠂ ᠷᠦᠢ ᠱᠢᠶᠠᠩ ᠬᠦᠨᠳᠦ ᠠᠵᠤ ᠦᠢᠯᠡᠳᠪᠦᠷᠢ᠂ ᠶ᠋ᠢᠨ ᠹᠧᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠠᠵᠤ ᠠᠬᠤᠢᠯᠠᠯ᠎ᠢᠶᠠᠷ ᠭᠤᠣᠯ ᠪᠣᠯᠭᠠᠭ᠍ᠰᠠᠨ ᠳᠡᠭᠡᠳᠦ ᠳᠤᠤᠷᠠᠳᠤ ᠤᠷᠤᠰᠭᠠᠯ᠎ᠤᠨ ᠠᠵᠤ ᠠᠬᠤᠢᠯᠠᠯ᠎ᠤᠨ ᠲᠥᠪᠯᠡᠷᠡᠯ᠎ᠤᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠪᠡ᠃
2026 ᠣᠨ᠎ᠤ ᠲᠦᠷᠦᠯ ᠵᠦᠢᠯ᠎ᠢ ᠪᠦᠬᠦᠨ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠵᠢᠯ᠎ᠳᠤ 1000 ᠢᠵᠢ ᠰᠠᠯᠬᠢᠨ ᠬᠦᠴᠦᠨ᠎ᠤ ᠴᠠᠬᠢᠯᠭᠠᠨ᠎ᠤ ᠰᠤᠪᠤᠷᠭᠠᠨ ᠲᠦᠩᠰᠡ ᠵᠢᠴᠢ ᠨᠠᠪᠴᠢ᠂ 2000 ᠢᠵᠢ ᠰᠠᠯᠬᠢᠨ ᠬᠦᠴᠦᠨ᠎ᠤ ᠴᠠᠬᠢᠯᠭᠠᠨ᠎ᠤ ᠭᠤᠣᠯ ᠮᠠᠱᠢᠨ ᠵᠢᠴᠢ ᠮᠠᠱᠢᠨ᠎ᠤ ᠦᠷᠦᠭᠡ᠎ᠶ᠋ᠢᠨ ᠪᠦᠷᠬᠦᠭᠦᠯ᠂ 3000 ᠢᠵᠢ ᠰᠠᠯᠬᠢᠨ ᠬᠦᠴᠦᠨ᠎ᠤ ᠴᠠᠬᠢᠯᠭᠠᠨ ᠮᠠᠱᠢᠨ᠂ ᠠᠷᠠᠭᠠᠲᠤ ᠬᠦᠷᠳᠦᠨ ᠬᠠᠢᠷᠴᠠᠭ᠂ ᠰᠠᠯᠬᠢᠨ ᠬᠦᠴᠦᠨ᠎ᠤ ᠴᠠᠬᠢᠯᠭᠠᠨ᠎ᠢ ᠳᠠᠪᠲᠠᠨ ᠦᠢᠯᠡᠳᠬᠦ᠌ ᠹᠠᠯᠠᠨ ᠵᠢᠴᠢ ᠭᠤᠣᠯ ᠮᠠᠱᠢᠨ᠎ᠤ ᠨᠠᠷᠢᠯᠢᠭ ᠴᠢᠳᠭᠤᠮᠠᠯ ᠲᠣᠨᠤᠭ᠂ 5000 ᠰᠠᠭᠤᠷᠢ ᠠᠷᠠᠭᠠᠲᠤ ᠬᠦᠷᠳᠦᠨ ᠬᠠᠢᠷᠴᠠᠭ᠎ᠤᠨ ᠨᠠᠷᠢᠯᠢᠭ ᠴᠢᠳᠭᠤᠮᠠᠯ ᠲᠣᠨᠤᠭ᠂ 10000 ᠰᠠᠤᠷᠢ ᠢᠵᠢ ᠠᠷᠠᠭᠠᠳᠤ ᠬᠦᠷᠳᠦᠨ ᠬᠠᠢᠷᠴᠠᠭ᠎ᠤᠨ ᠨᠠᠷᠢᠯᠢᠭ ᠳᠠᠪᠲᠠᠮᠠᠯ ᠲᠣᠨᠤᠭ᠂ ᠭᠣᠣᠯ ᠮᠠᠰᠢᠨ᠎ᠤ ᠳᠡᠭᠡᠳᠦ ᠨᠠᠷᠢᠯᠢᠭ᠋ ᠬᠣᠯᠬᠣᠪᠴᠢ ᠵᠢᠴᠢ ᠠᠷᠠᠭᠠᠲᠤ ᠬᠦᠷᠳᠦᠨᠦ ᠬᠠᠢᠷᠴᠠᠭ᠎ᠤᠨ ᠨᠠᠷᠢᠯᠢᠭ᠋ ᠬᠣᠯᠬᠣᠪᠴᠢ᠂ ᠵᠢᠴᠢ 10 ᠲᠦᠮᠡᠨ ᠲᠣᠨ᠎ᠤ ᠪᠣᠯᠣᠳ ᠪᠦᠲᠦᠴᠡ᠎ᠶᠢ ᠲᠠᠪᠯᠠᠨ ᠭᠠᠩᠨᠠᠵᠤ᠂ 140 ᠲᠦᠮᠡᠨ ᠲᠣᠨ᠎ᠢ ᠳᠠᠪᠲᠠᠨ ᠪᠣᠯᠪᠠᠰᠤᠷᠠᠭᠤᠯᠵᠤ᠂ 70 ᠲᠦᠮᠡᠨ ᠲᠣᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠴᠢᠳᠬᠤᠨ᠎ᠠ᠃ ᠲᠤᠬᠠᠶ᠎ᠶ᠋ᠢᠨ ᠦᠶ᠎ᠡ᠎ᠳᠤ᠂ 85% ᠶ᠋ᠢᠨ ᠰᠠᠯᠬᠢᠨ ᠬᠦᠴᠦᠨ᠎ᠤ ᠴᠠᠬᠢᠯᠭᠠᠨ᠎ᠤ ᠰᠠᠭᠤᠷᠢ ᠲᠣᠨᠤᠭ ᠲᠥᠬᠦᠭᠡᠷᠦᠮᠵᠢ᠎ᠶ᠋ᠢᠨ ᠰᠠᠭᠤᠷᠢᠨ ᠭᠠᠵᠠᠷ᠎ᠲᠤ ᠱᠢᠭᠤᠳ ᠬᠠᠩᠭᠠᠬᠤ᠎ᠶ᠋ᠢ ᠪᠡᠶᠡᠯᠡᠭᠦᠯᠵᠦ᠍᠂ ᠵᠢᠱ᠌ᠢᠯᠲᠡ᠎ᠪᠠᠷ ᠵᠢᠯ᠎ᠤᠨ ᠦᠢᠯᠡᠳᠬᠦᠨ᠎ᠤ ᠥᠷᠲᠡᠭ᠎ᠨᠢ ᠮᠢᠩᠭᠠᠨ ᠳ᠋ᠦᠩᠱᠢᠭᠤᠷ ᠲᠥᠭᠦᠷᠢᠭ᠎ᠢ ᠳᠠᠪᠠᠵᠤ᠂ ᠭᠠᠢᠯᠢ ᠲᠠᠲᠠᠪᠤᠷᠢ᠎ᠨᠢ 20 ᠳ᠋ᠦᠩᠱᠢᠭᠤᠷ ᠲᠥᠭᠦᠷᠢᠭ᠎ᠢ ᠪᠡᠶᠡᠯᠡᠭᠦᠯᠬᠦ᠌ ᠪᠣᠯᠤᠨ᠎ᠠ᠃

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ