12 ᠳ᠋ᠤᠭᠠᠷ ᠰᠠᠷ᠎ᠠ᠎ᠶ᠋ᠢᠨ 21 ᠤ ᠡᠳᠦᠷ᠂ ᠥᠪᠥᠷ ᠮᠣᠩᠭᠤᠯ᠎ᠤᠨ ᠡᠨᠧᠷᠭᠢ᠎ᠶ᠋ᠢᠨ ᠪᠦᠯᠦᠭ᠌ᠯᠡᠯᠤᠨᠵᠢᠨᠱᠠᠨ ᠢᠯᠴᠢ᠎ᠶ᠋ᠢᠨ ᠴᠠᠬᠢᠯᠭᠠᠨ᠎ᠤ ᠦᠢᠯᠡᠳᠪᠦᠷᠢ᠎ᠶ᠋ᠢᠨ 2 × 100 ᠲᠦᠮᠡᠨ ᠺᠢᠯᠣᠸᠠᠲ᠎ᠤᠨ ᠨᠡᠭᠦᠷᠡᠰᠦ ᠴᠠᠬᠢᠯᠭᠠᠨ᠎ᠤ ᠬᠤᠯᠪᠣᠭᠠᠯᠠᠨ ᠡᠵᠡᠩᠨᠡᠵᠦ᠍ ᠥᠷᠭᠡᠳᠭᠡᠨ ᠪᠠᠢᠭᠤᠯᠬᠤ ᠲᠥᠷᠥᠯ ᠵᠦᠢᠯ᠎ᠤᠨ 5 ᠳ᠋ᠤᠭᠠᠷ ᠮᠠᠱᠢᠨ ᠴᠣᠭ᠍ᠴᠠᠯᠠᠪᠤᠷᠢ 168 ᠴᠠᠭ ᠳᠦᠭᠦᠷᠲᠡᠯ᠎ᠡ ᠲᠤᠷᠱᠢᠨ ᠠᠵᠢᠯᠯᠠᠵᠤ᠂ ᠡᠯ᠎ᠡ ᠱᠢᠰᠲ᠋ᠧᠮ᠎ᠤᠨ ᠠᠵᠢᠯᠯᠠᠭᠠᠨ ᠲᠣᠭ᠍ᠲᠠᠭᠤᠨ ᠪᠠᠢᠵᠤ᠂ ᠪᠤᠢ ᠪᠦᠬᠦᠢ ᠴᠢᠳᠠᠪᠬᠢ᠎ᠶ᠋ᠢᠨ ᠭᠦᠢᠴᠡᠳᠭᠡᠯ ᠲᠤᠭ᠎ᠠ᠎ᠨᠢ ᠴᠥᠮ ᠵᠢᠷᠤᠭ ᠲᠥᠯᠥᠪᠯᠡᠭᠡ᠎ᠶ᠋ᠢᠨ ᠱᠠᠭᠠᠷᠳᠠᠯᠭ᠎ᠠ᠎ᠠᠴᠠ ᠰᠠᠢᠨ ᠪᠠᠢᠵᠤ᠂ ᠬᠤᠳᠠᠯᠳᠤᠭᠠᠨ᠎ᠤ ᠡᠵᠡᠩᠨᠡᠯᠲᠡ᠎ᠳᠤ ᠵᠢᠩᠬᠢᠨᠢ᠎ᠪᠠᠷ ᠱᠢᠯᠵᠢᠪᠡ᠃
ᠣᠢᠯᠠᠭᠠᠭ᠍ᠰᠠᠨ᠎ᠢᠶᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠭᠤᠤᠯᠳᠠᠯᠭ᠎ᠠ᠎ᠲᠠᠢ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠵᠢᠨᠱᠠᠨ ᠭᠤᠷᠪᠠᠳᠤᠭᠠᠷ ᠬᠤᠭᠤᠴᠠᠭᠠᠨ᠎ᠤ ᠲᠥᠷᠥᠯ ᠵᠦᠢᠯ᠎ᠤᠨ 5 ᠳ᠋ᠤᠭᠠᠷ ᠪᠠ 6 ᠳ᠋ᠤᠭᠠᠷ ᠮᠠᠱᠢᠨ ᠴᠣᠭ᠍ᠴᠠᠯᠠᠪᠤᠷᠢ᠎ᠶ᠋ᠢ ᠪᠦᠬᠦᠨ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ᠎ᠨᠢ 100 ᠳ᠋ᠦᠩᠱᠢᠭᠤᠷ ᠺᠢᠯᠣᠸᠠᠲ ᠴᠠᠭ᠎ᠲᠤ ᠬᠦᠷᠴᠦ᠍᠂ ᠢᠯᠴᠢ ᠬᠠᠩᠭᠠᠬᠤ ᠴᠢᠳᠠᠪᠤᠷᠢ᠎ᠨᠢ 5000 ᠲᠦᠮᠡᠨ ᠲᠡᠭ᠌ᠰᠢ ᠳᠥᠷᠪᠡᠯᠵᠢᠨ ᠮᠧᠲᠷ ᠨᠡᠮᠡᠭ᠌ᠳᠡᠵᠦ᠍᠂ ᠬᠥᠬᠡᠬᠤᠲᠠ᠎ᠶ᠋ᠢᠨ 《ᠪᠠᠷᠠᠭᠤᠨ᠎ᠤ ᠢᠯᠴᠢ᠎ᠶ᠋ᠢ ᠵᠡᠭᠦᠨᠰᠢ ᠬᠦᠷᠭᠡᠬᠦ᠌》 ᠢᠨᠵᠧᠨᠧᠷᠢᠩ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ᠎ᠶ᠋ᠢᠨ ᠬᠠᠮᠲᠤ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠵᠢᠴᠢ ᠭᠠᠵᠠᠷ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ᠃
ᠲᠤᠰ ᠲᠦᠷᠦᠯ ᠵᠦᠢᠯ᠎ᠨᠢ ᠥᠪᠥᠷ ᠮᠣᠩᠭᠤᠯ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠲᠡᠷᠢᠭᠦᠨ᠎ᠤ ᠥᠨᠳᠥᠷ ᠪᠦᠲᠦᠮᠵᠢᠲᠡᠢ ᠴᠢᠬᠤᠯᠠ ᠡᠨᠧᠷᠭᠢ᠎ᠶ᠋ᠢᠨ ᠠᠵᠤ ᠠᠬᠤᠢᠯᠠᠯ᠎ᠤᠨ ᠶᠡᠷᠦᠩᠬᠡᠢ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠤᠯᠤᠰ᠎ᠤᠨ ᠱᠢᠨ᠎ᠡ᠎ᠶ᠋ᠢ ᠡᠭᠦᠳᠴᠦ᠍ ᠱᠢᠯᠢᠳᠡᠭ᠎ᠢ ᠡᠭᠦᠳᠴᠦ᠍᠂ ᠬᠡᠪ ᠳᠠᠭᠤᠷᠢᠶᠠᠯ᠎ᠢ ᠪᠤᠢ ᠪᠣᠯᠭᠠᠬᠤ》 ᠬᠠᠷᠠᠯᠲᠠ᠎ᠶ᠋ᠢ ᠲᠣᠭ᠍ᠲᠠᠭᠠᠵᠤ᠂ ᠠᠮᠤᠷ ᠲᠦᠪᠱᠢᠨ᠂ ᠴᠢᠨᠠᠷ ᠰᠠᠢᠲᠠᠢ᠂ ᠥᠨᠳᠥᠷ ᠪᠦᠲᠦᠮᠵᠢᠲᠡᠢ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠪᠡᠶᠡᠯᠡᠭᠦᠯᠪᠡ᠃ ᠲᠦᠷᠦᠯ ᠵᠦᠢᠯ᠎ᠨᠢ ᠤᠯᠠᠨ ᠵᠦᠢᠯ᠎ᠤᠨ ᠲᠡᠷᠢᠭᠦᠨ᠎ᠤ ᠵᠢᠷᠤᠭ ᠲᠥᠯᠥᠪᠯᠡᠭᠡ ᠪᠠ ᠱᠢᠨ᠎ᠡ᠎ᠶ᠋ᠢ ᠡᠭᠦᠳᠬᠦ᠌ ᠮᠡᠷᠭᠡᠵᠢᠯ᠎ᠳᠤ ᠠᠭᠤᠰᠤᠯᠴᠠᠵᠤ᠂ ᠭᠤᠣᠯ ᠭᠦᠢᠴᠡᠳᠭᠡᠯ ᠲᠤᠭ᠎ᠠ᠎ᠨᠢ ᠠᠳᠠᠯᠢ ᠲᠦᠷᠦᠯ᠎ᠤᠨ ᠮᠠᠱᠢᠨ ᠴᠣᠭ᠍ᠴᠠᠯᠠᠪᠤᠷᠢ᠎ᠶ᠋ᠢᠨ ᠲᠡᠷᠢᠭᠦᠨ᠎ᠤ ᠲᠦᠪᠱᠢᠨ᠎ᠳᠤ ᠬᠦᠷᠴᠦ᠍᠂ ᠡᠭᠦᠨ᠎ᠳᠤ 《1000MW ᠲᠠᠰ᠎ᠤᠨ ᠥᠨᠳᠥᠷ ᠪᠦᠲᠦᠮᠵᠢᠲᠡᠶ ᠠᠮᠢᠳᠤᠯᠢᠭ ᠬᠡᠳᠦ ᠶᠡᠭᠡ ᠤᠷᠤᠰᠭᠠᠯ᠎ᠤᠨ ᠬᠡᠮᠵᠢᠶᠡᠨ᠎ᠤ ᠬᠤᠣᠰ ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ᠌ ᠮᠠᠱᠢᠨ ᠴᠣᠭ᠍ᠴᠠᠯᠠᠪᠤᠷᠢ》 ᠨᠢ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠶ᠋ᠢᠨ ᠲᠠᠪᠤᠳᠤᠭᠠᠷ ᠪᠦᠯᠦᠭ᠎ᠤᠨ ᠡᠨᠧᠷᠭᠢ᠎ᠶ᠋ᠢᠨ ᠬᠦᠷᠢᠶᠡᠨ᠎ᠳᠠᠬᠢ ᠠᠩᠬᠠᠳᠠᠭ᠍ᠴᠢ ᠰᠠᠥᠷᠢ (ᠢᠵᠢ) ᠴᠢᠬᠤᠯᠠ ᠶᠡᠭᠡ ᠮᠡᠷᠭᠡᠵᠢᠯ᠎ᠤᠨ ᠲᠣᠨᠣᠭ᠍ᠯᠠᠯ᠎ᠤᠨ ᠨᠡᠷᠡᠰ᠎ᠲᠤ ᠠᠮᠵᠢᠯᠲᠠ᠎ᠲᠠᠢ᠎ᠪᠠᠷ ᠰᠣᠩᠭᠤᠭ᠍ᠳᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠬᠤᠯᠠ ᠶᠡᠭᠡ ᠱᠢᠪᠲᠤᠯᠤᠯᠲᠠ᠎ᠶ᠋ᠢ ᠪᠡᠶᠡᠯᠡᠭᠦᠯᠪᠡ᠃
ᠳᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠤᠯ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠵᠢᠨᠱ᠌ᠠᠨ ᠭᠤᠷᠪᠠᠳᠤᠭᠠᠷ ᠢᠯᠴᠢ᠎ᠶᠢᠨ ᠴᠠᠬᠢᠯᠭᠠᠨ᠎ᠤ ᠺᠣᠮᠫᠠᠨᠢ ᠮᠠᠱᠢᠨ ᠴᠣᠭ᠍ᠴᠠᠯᠠᠪᠤᠷᠢ᠎ᠶ᠋ᠢᠨ ᠠᠵᠢᠯᠯᠠᠭᠠᠨ᠎ᠤ ᠦᠷ᠎ᠡ ᠪᠦᠲᠦᠮᠵᠢ ᠪᠣᠯᠤᠨ ᠠᠮᠤᠷ ᠲᠦᠪᠱᠢᠨ ᠲᠣᠭ᠍ᠲᠠᠭᠤᠨ᠎ᠤ ᠲᠦᠪᠱᠢᠨ᠎ᠢ ᠪᠦᠬᠦ᠌ ᠬᠦᠴᠦᠨ᠎ᠢᠶᠠᠷ᠎ᠢᠶᠠᠨ ᠳᠡᠭᠡᠭ᠌ᠰᠢᠯᠡᠭᠦᠯᠵᠦ᠍᠂ ᠮᠠᠱᠢᠨ ᠴᠣᠭ᠍ᠴᠠᠯᠠᠪᠤᠷᠢ᠎ᠶ᠋ᠢᠨ ᠥᠨᠳᠥᠷ ᠪᠦᠲᠦᠮᠵᠢᠲᠡᠢ᠎ᠪᠠᠷ ᠴᠠᠬᠢᠯᠭᠠᠨ ᠭᠠᠷᠭᠠᠬᠤ ᠵᠢᠴᠢ ᠢᠯᠴᠢ ᠬᠠᠩᠭᠠᠬᠤ ᠠᠭᠤᠷ ᠬᠠᠩᠭᠠᠬᠤ ᠴᠢᠳᠠᠪᠤᠷᠢ᠎ᠶ᠋ᠢ ᠭᠦᠢᠴᠡᠳ ᠪᠠᠳᠠᠷᠠᠭᠤᠯᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ 《ᠰᠠᠭᠤᠷᠢ ᠴᠢᠯᠠᠭᠤ》 ᠶ᠋ᠢᠨ ᠰᠠᠭᠤᠷᠢ᠎ᠶ᠋ᠢ ᠦᠨᠡᠨᠬᠦ᠌ ᠪᠠᠬᠢᠵᠢᠭᠦᠯᠵᠦ᠍᠂ ᠥᠪᠥᠷ ᠮᠣᠩᠭᠤᠯ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠴᠢᠨᠠᠷ ᠰᠠᠢᠲᠠᠢ ᠬᠥᠭ᠌ᠵᠢᠯᠲᠡ᠎ᠳᠤ ᠱᠢᠨ᠎ᠡ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠨ᠎ᠡ᠃

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ