12 ᠳ᠋ᠤᠭ᠋ᠠᠷ ᠰᠠᠷ᠎ᠠ᠎ᠶ᠋ᠢᠨ 12 ᠤᠨ ᠡᠳᠤᠷ᠂ ᠤᠷᠳᠤᠰ ᠬᠤᠳᠠ᠎ᠶ᠋ᠢᠨ ᠲᠠᠯᠠᠳ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠸᠠᠩ ᠱᠢᠶᠤᠤ ᠫᠢᠩ ᠪᠦᠯᠬᠦᠮ ᠳᠠᠭᠠᠭᠤᠯᠤᠨ ᠭᠤᠸᠠᠩᠳᠦ᠋ᠩ᠎ᠤᠨ ᠱᠤᠤ ᠭᠣᠸᠠᠨ ᠤ ᠬᠤᠸᠠ ᠱᠤᠤ ᠳ᠋ᠠᠢᠲ᠋ᠠ᠎ᠶ᠋ᠢᠨ ᠬᠦᠮᠦᠷᠭᠡ᠎ᠳᠤ ᠬᠦᠷᠴᠤ᠌ ᠪᠠᠢᠴᠠᠭᠠᠨ ᠰᠤᠳᠤᠯᠤᠯᠳᠠ ᠬᠢᠵᠠᠢ᠃ ᠱᠢᠨᠵᠢᠯᠡᠨ ᠪᠠᠢᠴᠠᠭᠠᠬᠤ ᠳᠤᠭᠤᠢᠯᠠᠩ ᠳ᠋ᠠᠢᠲ᠋ᠠ᠎ᠶ᠋ᠢᠨ ᠲᠥᠪ᠎ᠤᠨ ᠬᠥᠷᠥᠭᠡᠬᠦ᠌ ᠲᠠᠰᠤᠭ᠂ IDC ᠮᠠᠱᠢᠨ᠎ᠤ ᠲᠠᠰᠤᠭ ᠵᠢᠴᠢ ᠭᠤᠸᠠᠩᠳᠦ᠋ᠩ᠎ᠦᠨ ᠤᠮᠠᠷᠠᠲᠤ ᠲᠣᠮᠣ ᠳ᠋ᠠᠢᠲ᠋ᠠ᠎ᠶ᠋ᠢᠨ ᠠᠵᠤ ᠦᠢᠯᠡᠰ᠎ᠤᠨ ᠳᠡᠭᠡᠳᠦ ᠰᠤᠷᠭᠠᠭᠤᠯᠢ᠎ᠶ᠋ᠢ ᠪᠠᠢᠴᠠᠭᠠᠨ ᠦᠵᠡᠪᠡ᠃ ᠳ᠋ᠢᠬᠢᠲ ᠠᠵᠤ ᠦᠢᠯᠡᠰ᠎ᠤᠨ ᠡᠵᠡᠩᠨᠡᠯᠲᠡ᠎ᠶ᠋ᠢᠨ ᠵᠠᠭ᠍ᠪᠤᠷ ᠪᠣᠯᠤᠨ ᠮᠡᠷᠭᠡᠵᠢᠯ᠎ᠤᠨ ᠬᠡᠷᠡᠭ᠌ᠯᠡᠯᠲᠡ᠎ᠶ᠋ᠢ ᠣᠢᠯᠠᠭᠠᠭ᠍ᠰᠠᠨ᠎ᠤ ᠳᠠᠷᠠᠭ᠎ᠠ᠂ ᠬᠤᠶᠠᠷ ᠲᠠᠯ᠎ᠠ᠎ᠪᠠᠷ᠎ᠢᠶᠠᠨ ᠭᠦᠨᠵᠡᠭᠡᠶ ᠶᠠᠷᠢᠯᠴᠠᠨ ᠰᠣᠯᠢᠯᠴᠠᠵᠤ᠂ ᠠᠵᠤ ᠠᠬᠤᠢᠯᠠᠯ᠎ᠤᠨ ᠡᠮᠦᠨᠡᠬᠢ ᠬᠤᠭᠤᠴᠠᠭᠠᠨ᠎ᠤ ᠬᠤᠱᠢᠭᠤᠨ᠎ᠳᠤ ᠢᠷᠡᠵᠦ᠍ ᠱᠢᠨᠵᠢᠯᠡᠨ ᠪᠠᠢᠴᠠᠭᠠᠬᠤ ᠰᠠᠭᠤᠷᠢ᠎ᠲᠠᠢ ᠤᠶᠠᠯᠳᠤᠭᠤᠯᠤᠨ᠂ ᠬᠠᠮᠲᠤᠷᠠᠯᠴᠠᠵᠤ ᠬᠠᠮᠲᠤ᠎ᠪᠠᠷ ᠪᠠᠢᠭᠤᠯᠬᠤ ᠤᠴᠢᠷ ᠶᠠᠪᠤᠳᠠᠯ᠎ᠤᠨ ᠲᠤᠬᠠᠶ ᠬᠠᠮᠲᠤ᠎ᠶ᠋ᠢᠨ ᠲᠠᠨᠢᠯᠲᠠ᠎ᠲᠠᠢ ᠪᠣᠯᠤᠭ᠍ᠰᠠᠨ ᠪᠥᠭᠡᠳ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠪᠠ᠃
ᠳᠠᠯᠠᠳ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠸᠠᠩ ᠱᠢᠶᠤᠤ ᠫᠢᠩ᠂ ᠭᠤᠸᠠᠩᠳᠦ᠋ᠩ᠎ᠤᠨ ᠬᠤᠸᠠ ᠱᠣᠸ᠋ ᠱᠤ᠌ ᡁᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠸᠠᠩ ᠱᠤᠸᠠᠢ᠂ ᠬᠤᠸᠠ ᠨᠧᠩ ᠥᠪᠥᠷ ᠮᠣᠩᠭᠤᠯ᠎ᠤᠨ ᠴᠠᠬᠢᠯᠭᠠᠨ ᠬᠦᠴᠦᠨ ᠢᠯᠴᠢ᠎ᠶ᠋ᠢᠨ ᠬᠦᠴᠦᠨ᠎ᠤ ᠪᠣᠷᠣᠯᠠᠭᠤᠯᠭ᠎ᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠭᠤᠸᠠᠨ ᠴᠠᠩ ᠢᠦᠶ᠂ ᠳᠤᠮᠳᠠᠳᠤ ᠤᠯᠤᠰ᠎ᠤᠨ ᠨᠢᠭᠡᠳᠦᠮᠡᠯ ᠬᠤᠯᠪᠣᠭ᠎ᠠ᠎ᠶ᠋ᠢᠨ ᠣᠷᠳᠣᠰ ᠬᠤᠲᠠ᠎ᠶ᠋ᠢᠨ ᠬᠤᠪᠢᠶᠠᠷᠢ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠼᠤᠤ ᠵᠢᠶᠠᠨ ᠵᠢᠶᠦ᠋ᠨ᠂ ᠬᠤᠱᠢᠭᠤᠨ᠎ᠤ ᠵᠠᠰᠠᠭ᠎ᠤᠨ ᠣᠷᠳᠣᠨ᠎ᠤ ᠳᠡᠳ᠋ ᠬᠤᠱᠢᠭᠤᠨ ᠳᠠᠷᠤᠭ᠎ᠠ ᠵᠠᠩ ᠳ᠋ᠦᠩ ᠯᠢᠶᠠᠩ᠂ ᠳᠠᠯᠠᠳ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠤᠨ ᠬᠠᠮᠢᠶᠠᠷᠤᠯᠲᠠ᠎ᠶ᠋ᠢᠨ ᠵᠥᠪᠯᠡᠯ᠎ᠤᠨ ᠳᠡᠳ᠋ ᠡᠷᠬᠢᠯᠡᠭ᠌ᠴᠢ ᠯᠢᠦ ᠹᠸᠢ ᠨᠠᠷ ᠭᠠᠷᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠪᠠ᠃
ᠭᠤᠸᠠᠩᠳᠦ᠋ᠩ᠎ᠤᠨ ᠱᠤᠤ ᠭᠤᠸᠠᠨ ᠪᠣᠯ ᠪᠦᠬᠦ᠌ ᠤᠯᠤᠰ᠎ᠤᠨ ᠨᠠᠢ᠍ᠮᠠᠨ ᠶᠡᠭᠡ ᠤᠯᠤᠰ᠎ᠤᠨ ᠪᠤᠳᠤᠬᠤ ᠬᠦᠴᠦᠨ᠎ᠤ ᠵᠠᠩᠭᠢᠯᠠᠭ᠎ᠠ᠎ᠶ᠋ᠢᠨ ᠴᠡᠭ᠎ᠤᠨ ᠨᠢᠭᠡ ᠪᠣᠯᠤᠨ᠎ᠠ᠂ ᠭᠤᠸᠠᠩᠳᠦ᠋ᠩ᠎ᠤᠨ ᠬᠤᠸᠠ ᠱᠤᠤ ᠱᠤ᠌ ᡁᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠪᠣᠯ ᠱᠤᠤ ᠭᠤᠸᠠᠨ ᠳ᠋ᠡᠢᠲ᠋ᠠ᠎ᠶᠢᠨ ᠲᠥᠪ᠎ᠤᠨ ᠪᠦᠯᠦᠭᠵᠢᠯ᠎ᠤᠨ ᠳᠣᠲᠣᠷᠠᠬᠢ ᠠᠩᠬᠠᠳᠠᠭ᠍ᠴᠢ ᠠᠱᠢᠭ᠍ᠯᠠᠯᠲᠠ᠎ᠳᠤ ᠣᠷᠣᠭᠤᠯᠤᠭ᠍ᠰᠠᠨ ᠳ᠋ᠡᠢᠲ᠋ᠠ᠎ᠶᠢᠨ ᠲᠥᠪ᠎ᠤᠨ ᠠᠵᠤ ᠠᠬᠤᠢᠯᠠᠯ ᠪᠣᠯᠤᠨ᠎ᠠ᠂ ᠳ᠋ᠡᠢᠲ᠋ᠠ᠎ᠶᠢᠨ ᠵᠠᠰᠠᠯᠲᠠ᠂ ᠪᠤᠳᠤᠬᠤ ᠬᠦᠴᠦᠨ᠎ᠤ ᠦᠢᠯᠡᠴᠢᠯᠡᠭᠡ ᠵᠡᠷᠭᠡ ᠲᠠᠯ᠎ᠠ᠎ᠪᠠᠷ ᠭᠦᠨ ᠵᠤᠵᠠᠭᠠᠨ ᠮᠡᠷᠭᠡᠵᠢᠯ᠎ᠤᠨ ᠬᠤᠷᠠᠮᠳᠤᠭᠤᠯᠤᠯ ᠪᠠ ᠡᠯᠪᠡᠭ ᠪᠠᠶᠠᠯᠢᠭ ᠦᠢᠯᠡᠳᠦᠯᠭᠡ᠎ᠶ᠋ᠢᠨ ᠲᠤᠷᠱᠢᠯᠭ᠎ᠠ᠎ᠲᠠᠢ ᠶᠤᠮ᠃
ᠳᠠᠯᠠᠳ ᠬᠤᠱᠢᠭᠤ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠴᠡᠪᠡᠷ ᠡᠨᠧᠷᠭᠢ᠎ᠶ᠋ᠢᠨ ᠰᠠᠭᠤᠷᠢᠨ ᠭᠠᠵᠠᠷ ᠪᠠ ᠠᠵᠤ ᠦᠢᠯᠡᠰ᠎ᠤᠨ ᠲᠥᠪᠯᠡᠷᠡᠯ᠎ᠤᠨ ᠣᠷᠣᠨ ᠪᠣᠯᠤᠭ᠍ᠰᠠᠨ᠎ᠤ ᠬᠤᠪᠢ᠎ᠳᠤ᠂ ᠡᠯᠪᠡᠭ ᠪᠠᠶᠠᠯᠢᠭ ᠰᠠᠯᠬᠢᠨ ᠬᠦᠴᠦᠨ᠎ᠤ ᠴᠠᠬᠢᠯᠭᠠᠨ᠂ ᠭᠡᠷᠡᠯᠴᠢ ᠴᠡᠨᠡᠭ᠎ᠤᠨ ᠡᠬᠢ ᠪᠠᠶᠠᠯᠢᠭ ᠪᠠ ᠥᠪᠡᠷᠮᠢᠴᠡ ᠨᠡᠮᠡᠭ᠌ᠳᠡᠯ᠎ᠤᠨ ᠴᠠᠬᠢᠯᠭᠠᠨ ᠭᠠᠷᠭᠠᠬᠤ ᠲᠥᠷᠥ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠎ᠲᠠᠢ ᠪᠠᠢᠵᠤ᠂ ᠳ᠋ᠠᠢᠲ᠋ᠠ᠎ᠶ᠋ᠢᠨ ᠲᠥᠪ ᠨᠢ ᠲᠣᠭ᠍ᠲᠠᠭᠤᠨ᠂ ᠥᠪᠡᠷ᠎ᠤᠨ ᠥᠷᠲᠡᠭ᠎ᠢᠶᠠᠷ ᠳᠣᠤᠷ᠎ᠠ ᠪᠣᠬᠢᠷᠲᠤᠯ ᠥᠬᠡᠶ ᠴᠠᠬᠢᠯᠭᠠᠨ ᠬᠦᠴᠦᠨ᠎ᠤ ᠪᠠᠲᠤᠯᠠᠭ᠎ᠠ᠎ᠶᠢ ᠬᠠᠩᠭᠠᠵᠤ᠂ 《ᠨᠣᠭᠤᠭ᠋ᠠᠨ ᠴᠠᠬᠢᠯᠭᠠᠨ + ᠪᠤᠳᠤᠬᠤ ᠬᠦᠴᠦᠨ》 ᠢ ᠬᠥᠭ᠌ᠵᠢᠭᠦᠯᠬᠦ᠌ ᠠᠵᠤ ᠦᠢᠯᠡᠰ᠎ᠤᠨ ᠵᠠᠭ᠍ᠪᠤᠷ᠎ᠲᠤ ᠥᠪᠡᠷᠮᠢᠴᠡ ᠳᠠᠪᠠᠭᠤᠯᠢᠭ᠎ᠲᠠᠢ ᠶᠤᠮ᠃ ᠲᠥᠷᠥᠯ ᠵᠦᠢᠯ᠎ᠢ ᠳᠠᠯᠠᠳ ᠬᠤᠱᠢᠭᠤᠨ᠎ᠳᠤ ᠨᠠᠢᠳᠠᠪᠤᠷᠢᠵᠢᠭᠤᠯᠤᠭ᠍ᠰᠠᠨ᠎ᠤ ᠳᠠᠷᠠᠭ᠎ᠠ᠂ ᠭᠤᠤᠯ ᠪᠣᠯᠬᠤ ᠤᠢᠯᠡᠴᠢᠯᠡᠬᠦ᠌ ᠡᠲᠡᠭᠡᠳ᠎ᠨᠢ ᠵᠢᠩ ᠳ᠋ᠦᠩ᠂ ᠲᠦᠷᠭᠡᠨ ᠭᠠᠷ᠂ ᠨᠢᠭᠡᠳᠦᠮᠡᠯ ᠬᠤᠯᠪᠤᠭ᠎ᠠ ᠵᠡᠷᠭᠡ ᠲᠣᠮᠣ ᠬᠡᠯᠪᠡᠷᠢ᠎ᠶ᠋ᠢᠨ ᠠᠵᠤ ᠠᠬᠤᠢᠯᠠᠯ ᠪᠣᠯᠤᠨ᠎ᠠ᠃
ᠭᠡᠷ᠎ᠡ ᠲᠣᠭ᠍ᠲᠠᠬᠤ ᠶᠣᠰᠣᠯᠠᠯ ᠳᠡᠭᠡᠷ᠎ᠡ᠂ ᠸᠠᠩ ᠱᠢᠶᠤᠤ ᠫᠢᠩ ᠢᠯᠡᠷᠬᠡᠢ᠌ᠯᠡᠬᠦ᠎ᠳᠦ᠎ᠪᠡᠨ᠂ ᠬᠤᠸᠠ ᠱᠤᠤ ᠱᠤ᠌ ᡁᠢᠯᠤᠭᠠᠶᠢᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ ᠪᠣᠯ ᠬᠤᠱᠢᠭᠤᠨ᠎ᠤ ᠨᠠᠮ᠎ᠤᠨ ᠬᠤᠷᠢᠶ᠎ᠠ᠂ ᠬᠤᠱᠢᠭᠤᠨ᠎ᠤ ᠵᠠᠰᠠᠭ᠎ᠤᠨ ᠣᠷᠳᠣᠨ᠎ᠤ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠠᠷ ᠲᠠᠯ᠎ᠠ᠎ᠪᠠᠷ᠎ᠢᠶᠠᠨ ᠲᠦᠷᠦᠯ ᠵᠦᠢᠯ᠎ᠢ ᠨᠠᠢᠳᠠᠪᠤᠷᠢᠵᠢᠭᠤᠯᠤᠨ ᠪᠦᠳᠦᠭᠡᠨ ᠪᠠᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠦᠭᠡᠢ ᠪᠤᠳᠤᠬᠤ ᠬᠦᠴᠦᠨ᠂ ᠳ᠋ᠡᠢᠲ᠋ᠠ᠎ᠶ᠋ᠢ ᠬᠠᠳᠠᠭᠠᠯᠠᠬᠤ᠂ ᠠᠵᠤ ᠦᠢᠯᠡᠰ᠎ᠤᠨ ᠬᠠᠮᠵᠢᠯᠴᠠᠭ᠎ᠠ ᠵᠡᠷᠭᠡ ᠬᠦᠷᠢᠶᠡᠨ᠎ᠳᠠᠬᠢ ᠤᠯᠤᠯᠴᠠᠭ᠎ᠠ ᠵᠣᠯᠭᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠪᠣᠬᠢᠷᠲᠤᠯ ᠦᠭᠡᠢ ᠴᠠᠬᠢᠯᠭᠠᠨ᠎ᠤ ᠦᠷᠳᠡᠭ᠎ᠢ ᠭᠦᠢᠴᠡᠳ ᠪᠠᠳᠠᠷᠠᠭᠤᠯᠵᠤ᠂ ᠪᠤᠳᠤᠬᠤ ᠬᠦᠴᠦᠨ᠎ᠤ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠤᠨ ᠴᠡᠭ᠎ᠢ ᠢᠳᠡᠪᠬᠢᠲᠡᠢ ᠪᠤᠢᠵᠢᠭᠤᠯᠵᠤ᠂ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠬᠦᠴᠦᠷᠬᠡᠭ ᠶᠡᠭᠡ 《ᠳ᠋ᠢᠬᠢᠲ ᠬᠥᠳᠡᠯᠭᠡᠬᠦ᠌ ᠬᠦᠴᠦᠨ》 ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ ᠭᠡᠪᠡ᠃
ᠭᠤᠸᠠᠩᠳᠦ᠋ᠩ᠎ᠤᠨ ᠬᠤᠸᠠ ᠱᠣᠣ ᠱᠤ᠌ ᡁᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠢᠯᠡᠷᠬᠡᠢᠯᠡᠬᠦ᠌᠎ᠳᠦ᠎ᠪᠡᠨ᠂ ᠺᠣᠮᠫᠠᠨᠢ ᠲᠣᠰ ᠤᠳᠠᠭᠠᠨ᠎ᠤ ᠳᠠᠯᠠᠳ ᠬᠤᠱᠢᠭᠤᠯᠤᠭᠠᠶ᠋ᠢᠨ ᠬᠠᠮᠲᠤᠷᠠᠯᠴᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠣᠰ ᠪᠡᠶ᠎ᠡ᠎ᠶ᠋ᠢᠨ ᠳ᠋ᠢᠬᠢᠲ ᠮᠡᠷᠭᠡᠵᠢᠯ᠎ᠤᠨ ᠬᠦᠷᠢᠶᠡᠨ᠎ᠳᠠᠬᠢ ᠱᠢᠨ᠎ᠡ᠎ᠶ᠋ᠢ ᠡᠭᠦᠳᠬᠦ᠌ ᠴᠢᠳᠠᠪᠤᠷᠢ ᠬᠢᠭᠡᠳ ᠬᠡᠷᠡᠭ᠌ᠵᠢᠭᠦᠯᠬᠦ᠌ ᠲᠤᠷᠱᠢᠯᠭ᠎ᠠ᠎ᠪᠠᠨ ᠭᠦᠢᠴᠡᠳ ᠪᠠᠳᠠᠷᠠᠭᠤᠯᠵᠤ᠂ ᠳᠠᠯᠠᠳ ᠬᠤᠱᠢᠭᠤᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠴᠢᠨᠠᠷ ᠰᠠᠢᠲᠠᠶ ᠡᠬᠢ ᠪᠠᠶᠠᠯᠢᠭ᠎ᠲᠤ ᠣᠷᠣᠯᠴᠠᠵᠤ᠂ ᠬᠠᠮᠲᠤᠷᠠᠯᠴᠠᠭᠠᠨ᠎ᠤ ᠲᠥᠷᠥᠯ ᠵᠦᠶ᠋ᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠪᠠᠲᠤᠯᠠᠵᠤ᠂ ᠳᠠᠯᠠᠳ ᠬᠤᠱᠢᠭᠤ᠎ᠶ᠋ᠢ ᠣᠷᠣᠨ ᠪᠦᠰᠡ᠎ᠶ᠋ᠢᠨ ᠳ᠋ᠢᠬᠢᠲ ᠠᠵᠤ ᠠᠬᠤᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠥᠨᠳᠦᠷᠯᠢᠭ ᠭᠠᠵᠠᠷ ᠪᠣᠯᠭᠠᠨ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠨ᠎ᠡ ᠭᠡᠵᠡᠶ᠃

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ