ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠤᠨ ᠭᠡᠷ᠎ᠡ ᠲᠣᠭ᠍ᠲᠠᠬᠤ — ᠠᠯᠠᠱᠠ ᠠᠢᠮᠠᠭ᠎ᠤᠨ ᠡᠵᠡᠨ᠎ᠡ ᠬᠤᠱᠢᠭᠤ ᠬᠤᠸᠠ ᠱᠢᠶᠠ ᠳ᠋ᠦᠩ ᠣᠪᠣᠭ᠍ᠲᠤ᠎ᠶ᠋ᠢᠨ ᠠᠵᠤ ᠦᠢᠯᠡᠰ᠎ᠤᠨ ᠪᠦᠯᠦᠭ᠌ᠯᠡᠯ᠎ᠲᠠᠢ ᠲᠡᠮᠡᠭᠡᠨ ᠬᠢᠷᠭᠤᠤᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠪᠠ
ᠨᠡᠶ᠋ᠢᠲᠡᠯᠡᠭᠰᠡᠨ ᠴᠠᠭ᠄ 2025-12-18

  12 ᠳ᠋ᠤᠭ᠋ᠠᠷ ᠰᠠᠷ᠎ᠠ᠎ᠶ᠋ᠢᠨ 17 ᠎ᠤ ᠡᠳᠦᠷ᠂ ᠠᠯᠠᠱᠠ ᠠᠢᠮᠠᠭ᠎ᠤᠨ ᠡᠵᠡᠨ᠎ᠡ ᠬᠤᠱᠢᠭᠤ ᠪᠣᠯᠤᠨ ᠬᠤᠸᠠ ᠱᠢᠶᠠ ᠳ᠋ᠦᠩ ᠣᠪᠣᠭ᠍ᠲᠤ᠎ᠶ᠋ᠢᠨ ᠠᠵᠤ ᠦᠢᠯᠡᠰ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ ᠲᠡᠮᠡᠭᠡᠨ ᠬᠢᠷᠭᠤᠤᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠮᠲᠤᠷᠠᠯᠴᠠᠭᠠᠨ᠎ᠤ ᠭᠡᠷ᠎ᠡ ᠲᠣᠭ᠍ᠲᠠᠬᠤ ᠶᠣᠰᠣᠯᠠᠯ ᠶᠠᠪᠤᠭᠤᠯᠪᠠ᠃ ᠠᠯᠠᠱᠠ ᠠᠢᠮᠠᠭ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ᠂ ᠡᠵᠡᠨ᠎ᠡ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠸᠠᠩ ᠯᠢ ᠵᠢᠶᠦ᠋ᠨ᠂ ᠡᠵᠡᠨ᠎ᠡ ᠬᠤᠱᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠱᠢᠭᠤᠨ ᠳᠠᠷᠤᠭ᠎ᠠ ᠪᠥᠬᠡ ᠶᠣᠰᠣᠯᠠᠯ᠎ᠳᠤ ᠣᠷᠣᠯᠴᠠᠵᠤ᠂ ᠬᠤᠱᠢᠭᠤᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠳᠡᠳ᠋  ᠬᠤᠰᠢᠭᠤᠨ ᠳᠠᠷᠤᠭ᠎ᠠ ᠷᠧᠨ ᠰᠢ ᠴᠧᠨ ᠶᠣᠰᠣᠯᠠᠯ᠎ᠢ ᠡᠷᠭᠢᠯᠡᠪᠡ᠃

  ᠶᠣᠰᠣᠯᠠᠯ ᠳᠡᠭᠡᠷ᠎ᠡ᠂ ᠬᠤᠶᠠᠷ ᠲᠠᠯ᠎ᠠ᠎ᠪᠠᠷ᠎ᠢᠶᠠᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠬᠤᠸᠠ ᠱᠢᠶᠠ ᠳ᠋ᠦᠩ ᠣᠪᠣᠭ᠍ᠲᠤ᠎ᠶ᠋ᠢᠨ ᠠᠵᠤ ᠦᠢᠯᠡᠰ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠸᠠᠩ ᠹᠧᠩ ᠶᠢᠩ ᠪᠦᠯᠦᠭ᠌ᠯᠡᠯ᠎ᠤᠨ ᠦᠨᠳᠦᠰᠦᠨ ᠪᠠᠢᠳᠠᠯ᠂ ᠠᠵᠤ ᠦᠢᠯᠡᠰ᠎ᠤᠨ ᠪᠠᠢᠷᠢᠱᠢᠭᠤᠯᠤᠯᠲᠠ ᠵᠢᠴᠢ ᠲᠡᠮᠡᠭᠡᠨ ᠬᠢᠷᠭᠤᠤᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠨᠳᠤᠰᠢ ᠪᠣᠯᠤᠨ ᠠᠯᠤᠰ ᠬᠡᠲᠦ᠍᠎ᠶ᠋ᠢᠨ ᠲᠥᠯᠥᠪ᠎ᠢ ᠲᠠᠨᠢᠯᠴᠠᠭᠤᠯᠪᠠ᠃ ᠳᠡᠳ᠋ ᠬᠤᠱᠢᠭᠤᠨ ᠳᠠᠷᠤᠭ᠎ᠠ ᠮᠥᠷᠡᠨ ᠮᠠᠨ᠎ᠤ ᠬᠤᠱᠢᠭᠤᠨ᠎ᠤ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠶ᠋ᠯᠡᠰ᠎ᠤᠨ ᠰᠠᠭᠤᠷᠢ ᠵᠡᠷᠭᠡ ᠬᠠᠮᠢᠶ᠎ᠠ ᠪᠥᠬᠦᠶ ᠪᠠᠢᠳᠠᠯ᠎ᠢ ᠲᠠᠨᠢᠯᠴᠠᠭᠤᠯᠪᠠ᠃ ᠳᠠᠷᠠᠭ᠎ᠠ᠎ᠨᠢ᠂ ᠬᠤᠶᠠᠷ ᠲᠠᠯ᠎ᠠ᠎ᠶ᠋ᠢᠨ ᠲᠥᠯᠥᠭᠡᠯᠡᠭ᠌ᠴᠢ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠪᠠ᠃

  ᠬᠡᠯᠡᠯᠴᠡᠭᠡᠷ᠎ᠢ ᠦᠨᠳᠦᠰᠦᠯᠡᠪᠡᠯ᠂ 2026 ᠣᠨ᠎ᠤ 3 ᠳ᠋ᠤᠭ᠋ᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠡᠵᠡᠨ᠎ᠡ ᠬᠤᠱᠢᠭᠤᠨ᠎ᠤ ᠲᠡᠮᠡᠭᠡᠨ ᠬᠢᠷᠭᠤᠤᠯ᠎ᠤᠨ ᠠᠵᠤ ᠦᠢᠯᠡᠰ᠎ᠤᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠵᠤ᠂ ᠵᠢᠯ᠎ᠤᠨ ᠡᠴᠦᠰ᠎ᠠᠴᠠ ᠡᠮᠦᠨ᠎ᠡ 1 ᠳ᠋ᠦᠩᠱᠢᠭᠤᠷ ᠲᠥᠭᠦᠷᠢᠭ᠎ᠤᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠨᠡᠪᠴᠢᠭᠦᠯᠬᠦ᠌ ᠰᠠᠭᠤᠷᠢᠨ ᠭᠠᠵᠠᠷ ᠬᠢᠭᠡᠳ ᠲᠡᠵᠢᠭᠡᠨ ᠦᠷᠡᠵᠢᠭᠦᠯᠬᠦ᠌ ᠰᠠᠭᠤᠷᠢᠨ ᠭᠠᠵᠠᠷ᠎ᠤᠨ ᠭᠤᠤᠯ ᠲᠥᠬᠦᠭᠡᠷᠦᠮᠵᠢ᠎ᠶ᠋ᠢ ᠪᠠᠢᠭᠤᠯᠤᠨ᠂ ᠪᠠᠷᠢᠮᠵᠢᠶᠠᠵᠢᠭᠤᠯᠤᠨ ᠠᠯᠠᠵᠤ ᠡᠳ᠋ᠱᠢᠭᠦᠯᠬᠦ᠌ ᠦᠢᠯᠡᠳᠪᠦᠷᠢ᠎ᠶ᠋ᠢ ᠵᠡᠷᠭᠡᠪᠡᠷ ᠲᠥᠯᠥᠪᠵᠢᠭᠦᠯᠵᠦ᠍᠂ ᠠᠵᠤ ᠠᠬᠤᠢᠯᠠᠯ᠂ ᠡᠷᠳᠡᠮ ᠰᠢᠨᠵᠢᠯᠡᠭᠡᠨ᠎ᠤ ᠡᠲᠡᠭᠡᠳ᠂ ᠰᠤᠳᠤᠯᠭᠠᠨ᠎ᠤ ᠪᠠᠢᠭᠤᠯᠤᠮᠵᠢ ᠎ᠶᠢᠨ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠲᠡᠮᠡᠭᠡᠨ ᠬᠢᠷᠭᠤᠤᠯ᠎ᠤᠨ ᠲᠡᠵᠢᠭᠡᠵᠦ᠍ ᠦᠷᠡᠵᠢᠭᠦᠯᠬᠦ᠌ ᠬᠡᠮᠵᠢᠶ᠎ᠡ᠎ᠶ᠋ᠢ 6 ᠲᠦᠮᠡ᠎ᠠᠴᠠ ᠳᠡᠭᠡᠭ᠌ᠰᠢ ᠪᠠᠢᠯᠭᠠᠬᠤ᠎ᠶ᠋ᠢ ᠪᠡᠶᠡᠯᠡᠭᠦᠯᠵᠦ᠍᠂ ᠮᠠᠯᠴᠢᠨ ᠲᠠᠷᠢᠶᠠᠴᠢᠨ ᠡᠷᠦᠬᠡ᠎ᠶ᠋ᠢ ᠳᠠᠢᠴᠢᠯᠠᠨ ᠭᠦᠨᠵᠡᠭᠡᠶ ᠣᠷᠣᠯᠴᠠᠭᠤᠯᠵᠤ᠂ 《ᠲᠡᠵᠢᠭᠡᠨ ᠦᠷᠡᠵᠢᠭᠦᠯᠬᠦ᠌ + ᠡᠳ᠋ᠱᠢᠭᠦᠯᠬᠦ᠌ + ᠰᠣᠶᠣᠯ ᠵᠢᠭᠤᠯᠴᠢᠯᠠᠯ》 ᠎ᠤᠨ ᠰᠠᠭᠤᠷᠢ ᠠᠵᠤ ᠦᠢᠯᠡᠰ᠎ᠤᠨ ᠬᠡᠯᠬᠢᠶ᠎ᠡ᠎ᠶ᠋ᠢ ᠠᠩᠬ᠎ᠠ ᠠᠯᠬᠤᠮ ᠪᠦᠷᠢᠯᠳᠦᠭᠦᠯᠦᠨ᠎ᠡ;2027 ᠣᠨ᠎ᠳᠤ ᠪᠠᠷᠢᠮᠵᠢᠶᠠᠵᠢᠭᠤᠯᠤᠭᠰᠠᠨ ᠨᠢᠲᠤᠯᠵᠤ ᠪᠣᠯᠪᠠᠰᠤᠷᠠᠭᠤᠯᠬᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠵᠦ᠂ 2030 ᠣᠨ ᠪᠣᠯᠬᠤ᠎ᠳᠤ ᠲᠡᠮᠡᠭᠡᠨ ᠬᠢᠷᠭᠤᠤᠯ᠎ᠤᠨ ᠠᠯᠠᠰᠢᠨ᠎ᠤ ᠬᠠᠳᠠᠭ᠋ᠠᠯᠠᠬᠤ ᠬᠡᠮᠵᠢᠶ᠎ᠡ᠎ᠶ᠋ᠢ 40 ᠲᠦᠮᠡ᠎ᠶ᠋ᠢ ᠳᠠᠪᠠᠭᠤᠯᠵᠤ᠂ ᠦᠢᠯᠡᠳᠬᠦᠨ᠎ᠤ ᠥᠷᠲᠡᠭ᠎ᠢ 20 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ᠎ᠳᠤ ᠬᠦᠷᠦᠭᠦᠯᠵᠦ᠍᠂ ᠲᠥᠪᠯᠡᠷᠡᠭᠦᠯᠦᠨ ᠦᠷᠡᠵᠢᠭᠦᠯᠦᠨ ᠪᠤᠢᠵᠢᠭᠤᠯᠬᠤ᠂ ᠲᠡᠵᠢᠭᠡᠨ ᠦᠷᠡᠵᠢᠭᠦᠯᠬᠦ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠨᠠᠷᠢᠯᠢᠭ ᠡᠳ᠋ᠱᠢᠭᠦᠯᠬᠦ᠌ ᠪᠠ ᠤᠯᠤᠰ᠎ᠤᠨ ᠲᠠᠰ᠎ᠤᠨ ᠠᠷᠠᠯᠵᠢᠶ᠎ᠠ᠎ᠶ᠋ᠢ ᠲᠥᠪᠯᠡᠷᠡᠭᠦᠯᠦᠨ ᠲᠠᠷᠬᠠᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠠᠵᠤ ᠦᠢᠯᠡᠰ᠎ᠤᠨ ᠲᠥᠪ᠎ᠢ ᠪᠠᠢᠭᠤᠯᠵᠤ᠂ ᠲᠡᠮᠡᠭᠡᠨ ᠬᠢᠷᠭᠤᠤᠯ᠎ᠤᠨ ᠱᠢᠷᠢᠰ ᠭᠠᠵᠠᠷ ᠵᠦᠶ᠎ᠶ᠋ᠢᠨ ᠪᠡᠯᠭᠡ ᠲᠡᠮᠳᠡᠭ᠎ᠤᠨ ᠭᠡᠷᠡᠴᠢᠯᠡᠯᠲᠡ᠎ᠶ᠋ᠢ ᠳᠥᠯᠭᠢᠨ ᠠᠬᠢᠭᠤᠯᠵᠤ᠂ ᠪᠥᠬᠦ᠌ ᠤᠯᠤᠰ᠎ᠤᠨ ᠲᠡᠮᠡᠭᠡᠨ ᠬᠢᠷᠭᠤᠤᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠥᠨᠳᠦᠷᠯᠢᠭ᠎ᠢ ᠪᠣᠶ ᠪᠣᠯᠭᠠᠨ᠎ᠠ; ᠠᠯᠤᠰ ᠬᠡᠲᠦ᠍᠎ᠳᠤ 《ᠨᠢᠭᠡ ᠠᠵᠤ ᠦᠢᠯᠡᠰ᠎ᠤᠨ ᠬᠡᠪᠴᠢᠶᠡᠵᠢᠯᠲᠡ᠂ ᠬᠤᠶᠠᠷ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠮᠡᠷᠭᠡᠵᠢᠯᠵᠢᠯᠲᠡ᠂ ᠭᠤᠷᠪᠠ ᠠᠵᠤ ᠦᠢᠯᠡᠰ᠎ᠤᠨ ᠣᠯᠠᠨ ᠡᠱᠢᠵᠢᠯᠲᠡ》 ᠎ᠶ᠋ᠢᠨ ᠠᠵᠤ ᠦᠢᠯᠡᠰ᠎ᠤᠨ ᠵᠠᠭ᠍ᠪᠤᠷ᠎ᠢ ᠪᠣᠶ ᠪᠣᠯᠭᠠᠵᠤ᠂ ᠠᠵᠤ ᠦᠢᠯᠡᠰ ᠬᠢᠭᠡᠳ ᠠᠮᠢ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠦᠨ᠂ ᠡᠵᠡᠨ᠎ᠡ ᠬᠤᠱᠢᠭᠤᠨ᠎ᠤ ᠪᠥᠬᠦ᠌ ᠤᠯᠤᠰ᠎ᠤᠨ ᠣᠨᠴᠠᠯᠢᠭ᠍ᠲᠤ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠬᠡᠪ ᠳᠠᠭᠤᠷᠢᠶᠠᠯ ᠪᠣᠯᠬᠤ᠎ᠳᠤ ᠬᠦᠴᠦᠨ ᠨᠡᠮᠡᠷᠢᠯᠡᠨ᠎ᠡ᠃

  ᠡᠵᠡᠨ᠎ᠡ ᠬᠤᠱᠢᠭᠤ ᠥᠷᠭᠡᠨ ᠠᠭᠤᠳᠠᠮ ᠡᠯᠡᠰᠦᠨ ᠴᠦᠯ᠎ᠤᠨ ᠲᠠᠯ᠎ᠠ ᠨᠤᠲᠤᠭ᠂ ᠥᠪᠡᠷᠮᠢᠴᠡ ᠠᠭᠤᠷ ᠠᠮᠢᠰᠭᠤᠯ᠎ᠤᠨ ᠨᠥᠬᠦᠴᠡᠯ ᠵᠢᠴᠢ ᠲᠤᠤᠷᠠᠶ᠎ᠶ᠋ᠢᠨ ᠣᠶ ᠵᠡᠷᠭᠡ ᠴᠢᠨᠠᠷ ᠰᠠᠢᠲᠠᠶ ᠰᠣᠶᠣᠯ ᠵᠢᠭᠤᠯᠴᠢᠯᠠᠯ᠎ᠤᠨ IP ᠡᠬᠢ ᠪᠠᠶᠠᠯᠢᠭ᠎ᠲᠠᠢ ᠪᠠᠢᠵᠤ᠂ ᠤᠨᠴᠠᠯᠢᠬ᠍ᠳᠤ ᠲᠡᠵᠢᠭᠡᠨ ᠦᠷᠡᠵᠢᠭᠦᠯᠬᠦ᠌ ᠠᠵᠤ ᠦᠢᠯᠡᠰ᠎ᠢ ᠬᠥᠭ᠌ᠵᠢᠭᠦᠯᠬᠦ᠌ ᠪᠠᠢᠭᠠᠯᠢ᠎ᠶ᠋ᠢᠨ ᠳᠠᠪᠠᠭᠤᠯᠢᠭ᠎ᠲᠠᠢ ᠶᠤᠮ᠃ ᠣᠢᠷ᠎ᠠ᠎ᠶ᠋ᠢᠨ ᠵᠢᠯ᠎ᠤᠨ ᠲᠤᠷᠱᠢᠬᠢ ᠪᠤᠢᠵᠢᠭᠤᠯᠵᠤ ᠬᠠᠢᠨ ᠰᠦᠪᠡᠭ᠌ᠴᠢᠯᠡᠬᠦ᠌᠎ᠪᠠᠷ ᠳᠡᠮᠵᠢᠨ᠂ ᠲᠡᠮᠡᠭᠡᠨ ᠬᠢᠷᠭᠤᠤᠯ᠎ᠤᠨ ᠠᠵᠤ ᠦᠢᠯᠡᠰ ᠠᠩᠬ᠎ᠠ ᠠᠯᠬᠤᠮ ᠪᠦᠷᠢᠯᠳᠦᠵᠦ᠍᠂ ᠲᠡᠵᠢᠭᠡᠨ ᠦᠷᠡᠵᠢᠭᠦᠯᠬᠦ᠌ ᠰᠠᠭᠤᠷᠢ ᠠᠯᠬᠤᠮ ᠠᠯᠬᠤᠮ᠎ᠢᠶᠠᠷ ᠪᠠᠲᠤᠵᠢᠵᠤ᠂ ᠠᠵᠤ ᠦᠢᠯᠡᠰ᠎ᠤᠨ ᠬᠡᠯᠬᠢᠶ᠎ᠡ ᠲᠣᠭ᠍ᠲᠠᠭᠤᠨ᠎ᠢᠶᠠᠷ ᠡᠬᠢᠯᠡᠵᠦ᠍᠂ ᠨᠢᠭᠡᠨᠲᠡ ᠮᠠᠨ᠎ᠤ ᠬᠤᠱᠢᠭᠤᠨ᠎ᠤ 《ᠠᠷᠪᠠᠨ ᠲᠠᠪᠤᠳᠤᠭᠠᠷ ᠲᠠᠪᠤᠨ ᠵᠢᠯ》 ᠎ᠤᠨ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠭᠤᠤᠯᠳᠠᠯᠭ᠎ᠠ᠎ᠲᠠᠢ ᠤᠨᠴᠠᠯᠢᠭ᠍ᠳᠤ ᠠᠵᠤ ᠦᠢᠯᠡᠰ᠎ᠲᠤ ᠣᠷᠣᠭᠤᠯᠤᠭ᠍ᠰᠠᠨ ᠪᠠᠢᠨ᠎ᠠ᠃ ᠲᠣᠰ ᠠᠵᠤ ᠦᠶ᠋ᠯᠡᠰ ᠪᠣᠯ ᠠᠢᠮᠠᠭ᠎ᠤᠨ ᠨᠠᠮ᠎ᠤᠨ ᠬᠤᠷᠢᠶ᠎ᠠ᠂ ᠵᠠᠬᠢᠷᠭ᠎ᠠ᠎ᠶ᠋ᠢᠨ ᠤᠨᠴᠠᠯᠢᠬ᠍ᠳᠤ ᠠᠵᠤ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ ᠪᠣᠳᠠᠲᠠᠶ ᠦᠶ᠋ᠯᠡᠳᠦᠯᠭᠡ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠣᠭᠤᠮᠢ᠎ᠶ᠋ᠢ ᠡᠪᠳᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃

  ᠣᠢᠷ᠎ᠠ᠎ᠶ᠋ᠢᠨ ᠵᠢᠯ᠎ᠳᠤ᠂ ᠡᠵᠡᠨ᠎ᠡ ᠬᠤᠱᠢᠭᠤ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠠᠯᠲᠠ᠎ᠪᠠᠨ ᠲᠣᠭ᠍ᠲᠠᠭᠠᠵᠤ᠂ 《ᠲᠥᠷᠥᠯ ᠵᠦᠢᠯ᠎ᠢᠶᠠᠷ ᠭᠤᠤᠯ ᠪᠣᠯᠭ᠋ᠠᠬᠤ᠂ ᠬᠤᠳᠠᠯᠳᠤᠭᠠᠴᠢᠨ ᠤᠷᠢᠬᠤ᠎ᠪᠠᠷ ᠭᠤᠤᠯ ᠪᠣᠯᠭᠠᠬᠤ》 ᠎ᠶ᠋ᠢ ᠪᠠᠷᠢᠮᠲᠠᠯᠠᠨ᠂ ᠱᠢᠨ᠎ᠡ ᠡᠨᠧᠷᠭᠢ᠂ ᠤᠨᠴᠠᠯᠢᠬ᠍ᠳᠤ ᠠᠵᠤ ᠦᠢᠯᠡᠰ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠭᠠᠳᠠᠭ᠍ᠰᠢ ᠭᠠᠷᠬᠤ》᠂ 《ᠤᠷᠢᠵᠤ ᠠᠪᠴᠢᠷᠠᠬᠤ》 ᠎ᠶ᠋ᠢ ᠤᠶᠠᠯᠳᠤᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠲᠠᠢ ᠨᠠᠷᠢᠯᠢᠭ ᠣᠨᠣᠴᠠᠲᠠᠶ᠎ᠪᠠᠷ ᠵᠣᠯᠭᠠᠭᠤᠯᠵᠤ᠂ ᠵᠠᠰᠠᠭ᠎ᠤᠨ ᠣᠷᠳᠣᠨ ᠮᠥᠩᠭᠦᠨ ᠭᠦᠢᠯᠭᠡᠭᠡ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠣᠬᠢᠷᠲᠤᠯ ᠥᠬᠡᠶ ᠴᠠᠬᠢᠯᠭᠠᠨ᠎ᠤ ᠵᠢᠵᠢᠭ ᠪᠠᠯᠭᠠᠰᠤ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ᠂ ᠠᠭᠤᠷᠬᠠᠶ᠎ᠶ᠋ᠢᠨ ᠭᠠᠷᠤᠯᠲᠠ᠎ᠶ᠋ᠢ ᠨᠡᠭᠡᠭᠡᠨ ᠬᠥᠭ᠌ᠵᠢᠭᠦᠯᠬᠦ᠌ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ᠎ᠳᠤ ᠠᠮᠵᠢᠯᠲᠠ᠎ᠲᠠᠢ᠎ᠪᠠᠷ ᠭᠡᠷ᠎ᠡ ᠲᠣᠭ᠍ᠲᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠣᠳᠠᠲᠠᠢᠵᠢᠭᠤᠯᠤᠭ᠍ᠰᠠᠨ ᠪᠠᠯᠠ ᠮᠥᠩᠭᠦ᠌ ᠲᠣᠭ᠍ᠲᠠᠭᠤᠨ᠎ᠢᠶᠠᠷ ᠨᠡᠮᠡᠭ᠌ᠳᠡᠪᠡ᠃ ᠲᠣᠰ ᠤᠳᠠᠭᠠᠨ᠎ᠤ ᠲᠡᠮᠡᠭᠡᠨ ᠬᠢᠷᠭᠤᠤᠯ᠎ᠤᠨ ᠠᠵᠤ ᠦᠢᠯᠡᠰ᠎ᠤᠨ ᠬᠠᠮᠲᠤᠷᠠᠯᠴᠠᠭᠠᠨ᠎ᠤ ᠲᠥᠷᠥᠯ ᠵᠦᠢᠯ᠎ᠢ ᠨᠠᠢᠳᠠᠪᠤᠷᠢᠵᠢᠭᠤᠯᠤᠭ᠍ᠰᠠᠨ᠎ᠨᠢ ᠡᠵᠡᠨ᠎ᠡ ᠬᠤᠱᠢᠭᠤᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠤᠭ᠍ᠰᠠᠨ ᠦᠷ᠎ᠡ ᠪᠦᠲᠦᠮᠵᠢ᠎ᠶ᠋ᠢᠨ ᠠᠮᠢᠳᠤᠯᠢᠭ ᠢᠯᠡᠷᠡᠯ ᠪᠣᠯᠬᠤ ᠪᠥᠭᠡᠳ ᠪᠠᠰᠠ ᠤᠨᠴᠠᠯᠢᠬ᠍ᠳᠤ ᠠᠵᠤ ᠦᠢᠯᠡᠰ᠎ᠤᠨ ᠱᠢᠰᠲ᠋ᠧᠮ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠱᠢᠨ᠎ᠡ ᠬᠦᠴᠦᠷᠬᠡᠭ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

 

 

   ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠡᠵᠡᠨ᠎ᠡ᠎ᠶ᠋ᠢᠨ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            