ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠵᠤ ᠦᠢᠯᠡᠰ᠎ᠤᠨ ᠬᠥᠭ᠌ᠵᠢᠯᠲᠡ — ᠥᠪᠥᠷ ᠮᠣᠩᠭᠤᠯ᠎ᠤᠨ ᠪᠥᠬᠦ᠌ ᠣᠷᠣᠨ᠎ᠤ ᠳ᠋ᠡᠢ᠌ᠲ᠋ᠠ AI ᠎ᠶᠢᠨ ᠱᠢᠨ᠎ᠡ ᠠᠬᠤᠢ ᠪᠠᠢᠳᠠᠯ᠎ᠢ ᠨᠡᠢᠲᠡᠯᠡᠪᠡ
ᠨᠡᠶ᠋ᠢᠲᠡᠯᠡᠭᠰᠡᠨ ᠴᠠᠭ᠄ 2025-12-22

  12 ᠳ᠋ᠤᠭᠠᠷ ᠰᠠᠷ᠎ᠠ᠎ᠶ᠋ᠢᠨ 18 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠡᠢ᠌ᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠪᠣᠯᠣᠨ ᠬᠥᠬᠡᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠪᠥᠬᠦ᠌ ᠣᠷᠣᠨ᠎ᠤ ᠠᠩᠬᠠᠳᠠᠭ᠍ᠴᠢ ᠪᠦᠯᠦᠭ᠎ᠤᠨ 69 ᠳ᠋ᠡᠢ᠌ᠲ᠋ᠠ᠎ᠶ᠋ᠢᠨ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠬᠦ᠌ ᠪᠠᠢᠳᠠᠯ᠎ᠢ ᠨᠡᠢᠲᠡᠯᠡᠪᠡ᠃

  ᠡᠨᠡ 69 ᠳ᠋ᠡᠢ᠌ᠲ᠋ᠠ᠎ᠶ᠋ᠢᠨ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠬᠦ᠌ ᠦᠵᠡᠭ᠌ᠳᠡᠯ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠡᠢ᠌ᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠂ ᠴᠠᠭ ᠠᠭᠤᠷ᠎ᠤᠨ ᠲᠣᠪᠴᠢᠶ᠎ᠠ ᠵᠡᠷᠭᠡ ᠣᠯᠠᠨ ᠨᠢᠭᠡᠴᠢ᠎ᠠᠴᠠ ᠬᠠᠮᠲᠤᠷᠠᠨ ᠪᠠᠢᠭᠤᠯᠤᠭ᠍ᠰᠠᠨ ᠣᠯᠠᠨ ᠨᠡᠢᠲᠡ᠎ᠶ᠋ᠢᠨ ᠳ᠋ᠡᠢ᠌ᠲ᠋ᠠ᠎ᠶ᠋ᠢ 《ᠭᠦᠶᠦᠯᠭᠡᠬᠦ᠌》 ᠵᠢᠱ᠌ᠢᠶ᠎ᠡ ᠦᠵᠡᠭᠦᠯᠬᠦ᠌ ᠲᠠᠯᠠᠪᠤᠷ ᠵᠢᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠡᠢ᠌ᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ 《ᠳ᠋ᠢᠬᠢᠲ ᠬᠥᠮᠦᠨ》 ᠎ᠤ ᠬᠡᠯᠪᠡᠷᠢ᠎ᠪᠠᠷ ᠨᠡᠢᠲᠡᠯᠡᠭ᠌ᠰᠡᠨ ᠵᠣᠬᠢᠶᠠᠮᠠᠯ ᠣᠶᠤᠨ᠎ᠤ ᠬᠦᠷᠢᠶᠡᠨ᠎ᠳᠠᠬᠢ ᠵᠢᠱ᠌ᠢᠶ᠎ᠡ ᠦᠵᠡᠭᠦᠯᠬᠦ᠌ ᠲᠠᠯᠠᠪᠤᠷ ᠵᠡᠷᠭᠡ᠎ᠶ᠋ᠢ ᠪᠠᠭ᠍ᠲᠠᠭᠠᠨ᠎ᠠ᠃ ᠡᠭᠦᠨ᠎ᠠᠴᠠ ᠭᠠᠳᠠᠨ᠎ᠠ᠂ 3 ᠱᠢᠯᠢᠳᠡᠭ ᠵᠢᠱ᠌ᠢᠶ᠎ᠡ ᠦᠵᠡᠭᠦᠯᠬᠦ᠌ ᠲᠠᠯᠠᠪᠠᠶ᠎ᠶ᠋ᠢᠨ ᠲᠥᠯᠥᠭᠡᠯᠡᠭ᠌ᠴᠢ ᠪᠠᠰᠠ ᠠᠵᠤ ᠦᠶ᠋ᠯᠡᠰ᠎ᠤᠨ ᠬᠡᠯᠬᠢᠶ᠎ᠡ᠎ᠶ᠋ᠢᠨ ᠳ᠋ᠡᠢ᠌ᠲ᠋ᠠ᠎ᠶ᠋ᠢᠨ ᠬᠡᠷᠡᠭ᠌ᠯᠡᠯᠲᠡ᠂ ᠴᠢᠨᠠᠷ ᠰᠠᠢᠲᠠᠶ ᠲᠤᠭ᠎ᠠ ᠪᠠᠷᠢᠮᠲᠠ᠎ᠶ᠋ᠢ ᠲᠥᠪᠯᠡᠷᠡᠭᠦᠯᠦᠨ ᠪᠠᠢᠭᠤᠯᠬᠤ ᠵᠡᠷᠭᠡ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠬᠤᠪᠢᠶᠠᠯᠴᠠᠵᠤ᠂ ᠳ᠋ᠡᠢ᠌ᠲ᠋ᠠ᠎ᠶ᠋ᠢᠨ ᠬᠦᠴᠦᠨ ᠵᠦᠶ᠋ᠯ᠎ᠢᠶᠠᠷ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠬᠦᠴᠦᠨ ᠨᠡᠮᠡᠷᠢᠯᠡᠬᠦ ᠠᠮᠢᠳᠤᠯᠢᠭ ᠦᠢᠯᠡᠳᠦᠯᠭᠡ᠎ᠶ᠋ᠢ ᠢᠯᠡᠷᠡᠭᠦᠯᠪᠡ᠃

  ᠥᠪᠥᠷ ᠮᠣᠩᠭᠤᠯ᠎ᠤᠨ ᠲᠣᠮᠣ ᠳ᠋ᠠᠢᠲ᠋ᠠ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠯᠢᠦᠶ ᠯᠢᠩ ᠲᠠᠨᠢᠯᠴᠠᠭᠤᠯᠬᠤ᠎ᠳᠠᠭᠠᠨ᠂ 《ᠪᠢᠳᠡ 4 ᠦᠶ᠋ᠯᠡᠳᠬᠦᠨ᠎ᠢ ᠠᠪᠴᠢᠷᠠᠪᠠ᠂ ᠡᠨᠡ 4 ᠦᠶ᠋ᠯᠡᠳᠬᠦᠨ᠎ᠨᠢ ᠴᠥᠮ ᠬᠤᠲᠠ᠎ᠶ᠋ᠢᠨ ᠵᠠᠰᠠᠯᠲᠠ᠂ ᠤᠶᠤᠨᠲᠤ ᠬᠤᠲᠠ᠎ᠶ᠋ᠢᠨ ᠠᠵᠢᠯᠯᠠᠭᠠᠨ᠎ᠤ ᠵᠢᠯᠣᠭᠤᠳᠣᠯᠭ᠎ᠠ᠂ ᠬᠤᠲᠠ᠎ᠶ᠋ᠢᠨ ᠲᠣᠬᠢᠷᠠᠭᠤᠯᠤᠯᠲᠠ᠎ᠶ᠋ᠢᠨ ᠲᠣᠭᠤᠷᠢᠨ᠎ᠳᠤ᠂ ᠳ᠋ᠡᠢ᠌ᠲ᠋ᠠ᠎ᠶ᠋ᠢ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠵᠢᠩᠬᠢᠨᠢ ᠦᠨ᠎ᠡ ᠥᠷᠲᠡᠭ᠎ᠢ ᠪᠠᠳᠠᠷᠠᠭᠤᠯᠵᠤ ᠲᠠᠢᠯᠤᠨ᠎ᠠ》 ᠭᠡᠵᠡᠶ᠃

  8 ᠠᠵᠤ ᠠᠬᠤᠢᠯᠠᠯ᠎ᠤᠨ ᠲᠥᠯᠥᠭᠡᠯᠡᠭ᠌ᠴᠢ ᠠᠬᠤᠢ ᠪᠠᠢᠳᠠᠯ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠤᠨ ᠭᠡᠷ᠎ᠡ ᠲᠣᠭ᠍ᠲᠠᠵᠤ᠂ ᠥᠪᠥᠷ ᠮᠣᠩᠭᠤᠯ᠎ᠤᠨ ᠳ᠋ᠡᠢ᠌ᠲ᠋ᠠ᠎ᠶ᠋ᠢᠨ ᠠᠷᠠᠯᠵᠢᠶᠠᠨ᠎ᠤ ᠲᠥᠪ 9 ᠲᠣᠭᠠᠴᠢᠯᠠᠭ᠍ᠰᠠᠨ ᠬᠤᠳᠠᠯᠳᠤᠭᠠᠨ᠎ᠤ ᠠᠵᠤ ᠠᠬᠤᠢᠯᠠᠯ᠎ᠤᠨ ᠲᠥᠯᠥᠭᠡᠯᠡᠭ᠌ᠴᠢ᠎ᠲᠠᠢ ᠲᠣᠭᠠᠴᠢᠯᠠᠭ᠍ᠰᠠᠨ ᠬᠤᠳᠠᠯᠳᠤᠭᠠᠨ᠎ᠤ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠵᠤ᠂ ᠵᠠᠰᠠᠭ ᠠᠵᠤ ᠠᠬᠤᠢᠯᠠᠯ᠎ᠤᠨ ᠰᠣᠯᠢᠯᠴᠠᠭ᠎ᠠ᠂         ᠎ᠶ᠋ᠢᠨ ᠬᠠᠮᠵᠢᠯᠴᠠᠭ᠎ᠠ᠎ᠳᠤ ᠬᠥᠭᠦᠷᠭᠡ᠎ᠶᠢ ᠪᠠᠢ᠌ᠭᠤᠯᠵᠤ ᠦᠭᠪᠡ᠃

  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠡᠢ᠌ᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ ᠯᠢᠦ ᠵᠢᠶᠦ᠋ᠨ ᠢ ᠢᠯᠡᠷᠬᠡᠢᠯᠡᠭ᠌ᠰᠡᠨ᠎ᠨᠢ᠄ 《ᠲᠦᠷᠦᠭᠦᠤ ᠪᠦᠯᠦᠭ᠎ᠤᠨ ᠳ᠋ᠡᠢ᠌ᠲ᠋ᠠ᠎ᠶ᠋ᠢᠨ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠬᠦ᠌ ᠲᠠᠯᠠᠪᠤᠷ᠎ᠢᠶᠠᠷ ᠵᠢᠯᠣᠭᠤᠳᠣᠯᠭ᠎ᠠ ᠪᠣᠯᠭᠠᠵᠤ᠂ ᠨᠠᠩ ᠣᠯᠠᠨ ᠴᠢᠨᠠᠷ ᠰᠠᠢᠲᠠᠶ ᠳ᠋ᠡᠢ᠌ᠲ᠋ᠠ᠎ᠶ᠋ᠢᠨ ᠠᠬᠤᠶ ᠲᠠᠯᠠᠪᠠᠶ᠎ᠶ᠋ᠢᠨ ᠪᠣᠳᠠᠲᠠᠶ᠎ᠳᠤ ᠨᠠᠢᠳᠠᠪᠤᠷᠢᠵᠢᠭᠤᠯᠤᠭ᠍ᠳᠠᠵᠤ ᠦᠷ᠎ᠡ ᠪᠦᠲᠦᠮᠵᠢ ᠤᠯᠬᠤ᠎ᠶ᠋ᠢ ᠲᠦᠷᠭᠡᠳᠭᠡᠨ ᠠᠬᠢᠭᠤᠯᠵᠤ᠂ ᠳ᠋ᠡᠢ᠌ᠲ᠋ᠠ᠎ᠶ᠋ᠢᠨ ᠪᠣᠳᠠᠲᠠᠶ ᠠᠭᠤᠰᠤᠯᠴᠠᠯ᠎ᠤᠨ ᠭᠦᠨᠵᠡᠭᠡᠢᠷᠡᠬᠦ᠌᠎ᠶ᠋ᠢ ᠠᠬᠢᠭᠤᠯᠵᠤ᠂ ᠳ᠋ᠡᠢ᠌ᠲ᠋ᠠ᠎ᠶ᠋ᠢᠨ ᠬᠦᠴᠦᠨ ᠵᠦᠶ᠋ᠯ᠎ᠢ ᠡᠯ᠎ᠡ ᠠᠵᠢᠯ ᠲᠥᠷᠥᠯ᠎ᠳᠤ ᠭᠦᠶ᠋ᠴᠡᠳ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠳ᠋ᠢᠬᠢᠲ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠨ᠎ᠡ》 ᠭᠡᠵᠡᠶ᠃

 

 

   ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠬᠠᠮᠲᠤᠷᠠᠭᠰᠠᠨ ᠨᠡᠪᠲᠡᠷᠡᠭᠦᠯᠭᠡ
          
ᠬᠠᠮᠢᠶ᠎ᠡ ᠪᠦᠬᠦᠢ ᠰᠣᠨᠢᠨ
 
            