ᠡᠪᠦᠯ ᠤᠷᠤᠭᠰᠠᠨ᠎ᠠᠴᠠ ᠨᠠᠭ᠋ᠠᠰᠢ᠂ ᠬᠦᠢᠳᠡᠨ ᠤᠷᠤᠰᠭᠠᠯ᠎ᠳᠤ ᠪᠠᠢ᠌ᠨ ᠳᠠᠬᠢᠨ ᠳᠠᠭ᠋ᠠᠷᠢᠭᠳᠠᠪᠠ᠃ ᠲᠦᠩᠯᠢᠶᠣᠤ ᠬᠤᠲᠠ᠎ᠶ᠋ᠢᠨ ᠨᠠᠢ᠍ᠮᠠᠨ ᠬᠤᠱᠢᠭᠤᠨ᠎ᠤ ᠳᠠᠴᠢᠨᠲᠠᠯ᠎ᠠ ᠪᠠᠯᠭᠠᠰᠤᠨ᠎ᠤ ᠵᠢᠯ᠎ᠳᠤ 500 ᠲᠦᠮᠡᠨ ᠲᠣᠨ ᠪᠠᠢ᠌ᠭ᠋ᠠᠯᠢᠯᠢᠭ ᠬᠤᠵᠢᠷ᠎ᠤᠨ ᠠᠭᠤᠷᠬᠠᠶ᠎ᠶ᠋ᠢ ᠠᠭᠤᠰᠭᠠᠨ ᠮᠠᠯᠲᠠᠬᠤ ᠲᠤᠷᠱᠢᠯᠲᠠ᠎ᠶ᠋ᠢᠨ ᠲᠥᠷᠥᠯ ᠵᠦᠶ᠋ᠯ᠎ᠤᠨ ᠪᠠᠷᠢᠯᠭ᠎ᠠ᠎ᠶ᠋ᠢᠨ ᠠᠵᠢᠯ᠎ᠤᠨ ᠠᠬᠤᠢ ᠲᠠᠯᠠᠪᠠᠶ᠎ᠶ᠋ᠢᠨ ᠬᠠᠯᠠᠭᠤᠨ᠎ᠤ ᠬᠡᠮᠵᠢᠶ᠎ᠡ ᠨᠢ ᠪᠠᠭ᠋ᠠᠰᠤᠭᠰᠠᠨ ᠥᠬᠡᠶ᠂ ᠬᠤᠷᠳᠤᠴᠠ ᠨᠢ ᠴᠤ᠌ ᠪᠠᠭᠤᠷᠠᠭᠰᠠᠨ ᠦᠭᠡᠢ ᠪᠠᠢ᠌ᠳᠠᠭ᠃ 11 ᠳ᠋ᠦ᠍ᠭᠡᠷ ᠰᠠᠷ᠎ᠠ᠎ᠶ᠋ᠢᠨ 29 ᠤ ᠡᠳᠦᠷ᠎ᠤᠨ 1 ᠳ᠋ᠦ᠍ᠭᠡᠷ ᠨᠣᠮᠧᠷᠲᠤ ᠬᠤᠳᠳᠤᠭ ᠭᠠᠵᠠᠷ ᠳᠣᠤᠷᠠᠬᠢ ᠬᠠᠢᠯᠤᠭᠤᠯᠤᠨ ᠮᠠᠯᠲᠠᠬᠤ ᠪᠠ ᠡᠭᠡᠭᠦᠯᠦᠨ ᠬᠡᠷᠡᠭ᠌ᠯᠡᠬᠦ᠌᠎ᠶ᠋ᠢ ᠠᠮᠵᠢᠯᠲᠠ᠎ᠲᠠᠢ ᠪᠡᠶᠡᠯᠡᠭᠦᠯᠬᠦ᠌᠎ᠶ᠋ᠢ ᠳᠠᠭᠠᠯᠳᠤᠨ᠂ ᠲᠥᠷᠥᠯ ᠵᠦᠢᠯ᠎ᠨᠢ ᠪᠥᠬᠦ᠌ ᠲᠠᠯ᠎ᠠ᠎ᠪᠠᠷ ᠡᠷᠭᠢᠯᠲᠡᠲᠦ ᠠᠭᠤᠰᠭᠠᠨ ᠮᠠᠯᠲᠠᠬᠤ ᠠᠵᠢᠯ᠎ᠤᠨ ᠱᠠᠲᠤᠨ᠎ᠳᠤ ᠣᠷᠣᠪᠠ᠃
ᠳᠠᠴᠢᠨᠲᠠᠯ᠎ᠠ ᠭᠠᠵᠠᠷ ᠣᠷᠣᠨ᠎ᠤ ᠪᠠᠢ᠌ᠭ᠋ᠠᠯᠢᠯᠢᠭ ᠬᠤᠵᠢᠷ᠎ᠤᠨ ᠠᠭᠤᠷᠬᠠᠶ ᠪᠣᠯ ᠥᠪᠥᠷ ᠮᠣᠩᠭᠤᠯ᠎ᠤᠨ ᠣᠳᠣ ᠪᠣᠯᠲᠠᠯ᠎ᠠ ᠢᠯᠡᠷᠡᠭᠦᠯᠦᠭ᠌ᠰᠡᠨ ᠬᠠᠮᠤᠭ᠎ᠤᠨ ᠶᠡᠭᠡ ᠪᠠᠢ᠌ᠭ᠋ᠠᠯᠢᠯᠢᠭ ᠬᠤᠵᠢᠷ᠎ᠤᠨ ᠠᠭᠤᠷᠬᠠᠶ ᠪᠣᠯᠤᠨ᠎ᠠ᠂ 2025 ᠣᠨ᠎ᠤ 6 ᠳ᠋ᠤᠭ᠋ᠠᠷ ᠰᠠᠷ᠎ᠠ᠎ᠳᠤ᠂ 68 ᠳ᠋ᠦᠩᠱᠢᠭᠤᠷ ᠲᠥᠭᠦᠷᠢᠭ᠎ᠢᠶᠠᠷ 28.85 ᠲᠡᠭ᠌ᠰᠢ ᠳᠥᠷᠪᠡᠯᠵᠢᠨ ᠺᠢᠯᠣᠮᠧᠲᠷ᠎ᠤᠨ ᠠᠭᠤᠷᠬᠠᠶ ᠮᠠᠯᠲᠠᠬᠤ ᠡᠷᠬᠡ᠎ᠶ᠋ᠢ ᠠᠮᠵᠢᠯᠲᠠ᠎ᠲᠠᠢ᠎ᠪᠠᠷ ᠬᠢᠮᠳᠠ᠎ᠪᠠᠷ ᠬᠤᠳᠠᠯᠳᠤᠪᠠ᠃ ᠪᠠᠢ᠌ᠭ᠋ᠠᠯᠢᠯᠢᠭ ᠬᠤᠵᠢᠷ᠎ᠤᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠭᠤᠣᠯ ᠤᠷᠢᠳᠠᠴᠢ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠠᠭᠤᠰᠭᠠᠨ ᠮᠠᠯᠲᠠᠬᠤ ᠲᠤᠷᠱᠢᠯᠲᠠ᠎ᠶ᠋ᠢᠨ ᠲᠥᠷᠥᠯ ᠵᠦᠢᠯ᠎ᠨᠢ 2025 ᠣᠨ᠎ᠤ 8 ᠳ᠋ᠤᠭ᠋ᠠᠷ ᠰᠠᠷ᠎ᠠ᠎ᠳᠤ ᠵᠢᠩᠬᠢᠨᠢ᠎ᠪᠠᠷ ᠠᠵᠢᠯ ᠡᠬᠢᠯᠡᠭᠦᠯᠵᠦ᠍᠂ 2026 ᠣᠨ᠎ᠤ 2 ᠳ᠋ᠤᠭ᠋ᠠᠷ ᠰᠠᠷ᠎ᠠ᠎ᠶ᠋ᠢᠨ ᠰᠡᠭᠦᠯᠴᠢ᠎ᠪᠠᠷ ᠠᠭᠤᠰᠭᠠᠨ ᠮᠠᠯᠲᠠᠬᠤ ᠲᠤᠷᠱᠢᠯᠲᠠ᠎ᠶ᠋ᠢᠨ ᠳ᠋ᠡᠢ᠌ᠲ᠋ᠠ᠎ᠶ᠋ᠢᠨ ᠮᠡᠳᠡᠭᠦᠯᠦᠯᠲᠡ᠎ᠶ᠋ᠢ ᠪᠡᠶᠡᠯᠡᠭᠦᠯᠬᠦ᠌᠎ᠪᠠᠷ ᠴᠢᠷᠮᠠᠢᠨ᠎ᠠ᠃
ᠳᠤᠮᠳᠠᠳᠤ ᠤᠯᠤᠰ᠎ᠤᠨ ᠳᠠᠪᠤᠰᠤ (ᠥᠪᠥᠷ ᠮᠣᠩᠭᠤᠯ) ᠬᠤᠵᠢᠷ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠸᠠᠩ᠎ᠶ᠋ᠢᠨ ᠲᠤᠤ᠎ᠶᠢᠨ ᠲᠠᠨᠢᠯᠴᠠᠭᠤᠯᠤᠭᠰᠠᠨ᠎ᠢᠶᠠᠷ᠂ ᠠᠭᠤᠰᠭᠠᠨ ᠮᠠᠯᠲᠠᠬᠤ ᠲᠤᠷᠱᠢᠯᠲᠠ ᠪᠣᠯ ᠪᠠᠢ᠌ᠭ᠋ᠠᠯᠢᠯᠢᠭ ᠬᠤᠵᠢᠷ᠎ᠤᠨ ᠡᠬᠢ ᠪᠠᠶᠠᠯᠢᠭ᠎ᠢ ᠨᠡᠭᠡᠭᠡᠨ ᠮᠠᠯᠲᠠᠬᠤ ᠳᠤᠮᠳᠠᠬᠢ ᠳᠤᠲᠠᠭ᠍ᠳᠠᠵᠤ ᠪᠣᠯᠤᠰᠢ ᠦᠭᠡᠢ ᠭᠤᠭ᠍ᠴᠤᠭ᠎ᠠ ᠮᠥᠨ᠂ ᠲᠡᠭᠦᠨ᠎ᠤ ᠭᠤᠣᠯ ᠬᠠᠷᠠᠯᠲᠠ ᠪᠣᠯ ᠠᠭᠤᠷᠬᠠᠢ᠎ᠶ᠋ᠢᠨ ᠣᠷᠣᠨ᠎ᠤ ᠪᠠᠢ᠌ᠭ᠋ᠠᠯᠢᠯᠢᠭ ᠬᠤᠵᠢᠷ᠎ᠢ ᠨᠡᠭᠡᠭᠡᠨ ᠮᠠᠯᠲᠠᠬᠤ ᠣᠨᠴᠠᠯᠢᠭ᠎ᠢ ᠪᠦᠬᠦ᠌ ᠲᠠᠯ᠎ᠠ᠎ᠪᠠᠷ ᠡᠵᠡᠮᠱᠢᠵᠦ᠍᠂ ᠠᠭᠤᠰᠭᠠᠨ ᠮᠠᠯᠲᠠᠬᠤ ᠮᠡᠷᠭᠡᠵᠢᠯ᠎ᠤᠨ ᠪᠣᠯᠤᠮᠵᠢᠲᠤ ᠴᠢᠨᠠᠷ᠂ ᠨᠡᠭᠡᠭᠡᠨ ᠮᠠᠯᠲᠠᠬᠤ ᠦᠷ᠎ᠡ ᠪᠦᠲᠦᠮᠵᠢ ᠪᠣᠯᠤᠨ ᠠᠮᠤᠷ ᠲᠦᠪᠱᠢᠨ ᠲᠣᠭ᠍ᠲᠠᠭᠤᠨ ᠴᠢᠨᠠᠷ᠎ᠢ ᠱᠢᠰᠲ᠋ᠧᠮ᠎ᠲᠠᠢ᠎ᠪᠠᠷ ᠦᠨᠡᠯᠡᠨ ᠵᠢᠱ᠌ᠢᠵᠦ᠍᠂ ᠱᠢᠯᠢᠳᠡᠭ᠌ᠵᠢᠭᠦᠯᠬᠦ᠌᠎ᠶ᠋ᠢᠨ ᠬᠠᠮᠲᠤ ᠱᠢᠯᠭᠠᠨ ᠨᠤᠲᠠᠯᠠᠵᠤ᠂ ᠬᠣᠢ᠌ᠰᠢᠳᠠ᠎ᠶᠢᠨ ᠵᠢᠯ᠎ᠳᠤ 500 ᠲᠦᠮᠡᠨ ᠲᠣᠨ ᠪᠠᠢ᠌ᠭ᠋ᠠᠯᠢᠯᠢᠭ ᠬᠤᠵᠢᠷ᠎ᠤᠨ ᠠᠵᠤ ᠦᠢᠯᠡᠳᠪᠦᠷᠢᠵᠢᠯᠲᠡ᠎ᠶ᠋ᠢᠨ ᠬᠡᠪᠴᠢᠶ᠎ᠡ᠎ᠶ᠋ᠢ ᠨᠡᠭᠡᠭᠡᠨ ᠠᠱᠢᠭ᠍ᠯᠠᠬᠤ᠎ᠳᠤ ᠪᠠᠲᠤ ᠪᠠᠬᠢ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠬᠤ ᠶᠠᠪᠤᠳᠠᠯ ᠪᠣᠯᠤᠨ᠎ᠠ᠃
ᠠᠭᠤᠰᠭᠠᠨ ᠮᠠᠯᠲᠠᠬᠤ ᠲᠤᠷᠱᠢᠯᠲᠠ᠎ᠶ᠋ᠢᠨ ᠠᠵᠢᠯ ᠳᠠᠭᠤᠰᠤᠭ᠍ᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠳᠠᠪᠤᠰᠤ (ᠥᠪᠥᠷ ᠮᠣᠩᠭᠤᠯ) ᠬᠤᠵᠢᠷ᠎ᠤᠨ ᠦᠢᠯᠡᠰ᠎ᠤᠨ ᠬᠢᠵᠠᠭᠠᠷᠲᠤ ᠺᠣᠮᠫᠠᠨᠢ ᠵᠢᠯ᠎ᠳᠤ 500 ᠲᠦᠮᠡᠨ ᠲᠣᠨ ᠪᠠᠢ᠌ᠭ᠋ᠠᠯᠢᠯᠢᠭ ᠬᠤᠵᠢᠷ᠎ᠤᠨ ᠠᠭᠤᠷᠬᠠᠶ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠨᠡᠭᠡᠭᠡᠨ ᠬᠥᠭ᠌ᠵᠢᠭᠦᠯᠬᠦ᠌ ᠲᠥᠷᠥᠯ ᠵᠦᠢᠯ᠎ᠢ ᠪᠥᠬᠦ᠌ ᠲᠠᠯ᠎ᠠ᠎ᠪᠠᠷ ᠡᠬᠢᠯᠡᠭᠦᠯᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 260 ᠭᠠᠷᠤᠶ ᠳ᠋ᠦᠩᠱᠢᠭᠤᠷ ᠲᠥᠭᠦᠷᠢᠭ᠎ᠲᠤ ᠬᠦᠷᠴᠦ᠍᠂ ᠪᠥᠬᠦ᠌ ᠪᠥᠮᠪᠥᠷᠴᠡᠭ᠎ᠤᠨ ᠬᠡᠪᠴᠢᠶ᠎ᠡ᠎ᠪᠠᠷ ᠬᠠᠮᠤᠭ᠎ᠤᠨ ᠶᠡᠭᠡ᠂ ᠶᠠᠰᠤ ᠴᠢᠨᠠᠷ᠎ᠢᠶᠠᠷ ᠬᠠᠮᠤᠭ᠎ᠤᠨ ᠱᠢᠯᠢᠳᠡᠭ ᠴᠡᠪᠡᠷ ᠬᠤᠵᠢᠷ᠎ᠤᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠬᠦ᠌ ᠬᠦᠴᠦᠨ᠎ᠢᠶᠠᠷ᠎ᠢᠶᠠᠨ ᠪᠠᠢᠭᠤᠯᠵᠤ᠂ ᠤᠯᠤᠰ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠴᠢᠬᠤᠯᠠ ᠲᠦᠭᠦᠬᠡᠶ ᠮᠠᠲ᠋ᠧᠷᠢᠶᠠᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠡᠶ᠎ᠡ᠎ᠪᠠᠨ ᠳᠠᠭᠠᠭᠠᠵᠤ ᠡᠵᠡᠮᠳᠡᠵᠦ᠍ ᠪᠣᠯᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠦᠨ᠎ᠡ᠃
ᠠᠵᠤ ᠦᠢᠯᠡᠰ ᠪᠣᠯ ᠬᠥᠭ᠌ᠵᠢᠯᠲᠡ᠎ᠶ᠋ᠢᠨ ᠦᠨᠳᠦᠰᠦ ᠰᠠᠭᠤᠷᠢ ᠮᠥᠨ᠃ ᠨᠠᠢ᠍ᠮᠠᠨ ᠬᠤᠱᠢᠭᠤ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠤᠨ ᠰᠠᠭᠤᠷᠢ ᠪᠠ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠨ᠂ 《ᠠᠵᠤ ᠦᠢᠯᠡᠳᠪᠦᠷᠢ᠎ᠪᠠᠷ ᠬᠤᠱᠢᠭᠤ᠎ᠪᠠᠨ ᠬᠦᠴᠦᠷᠬᠡᠭ᠌ᠵᠢᠭᠦᠯᠬᠦ᠂ ᠠᠵᠤ ᠦᠢᠯᠡᠰ᠎ᠢᠶᠠᠷ ᠬᠤᠱᠢᠭᠤ᠎ᠪᠠᠨ ᠮᠠᠨᠳᠤᠭᠤᠯᠬᠤ》 ᠪᠠᠷ ᠤᠳᠤᠷᠢᠳᠤᠮᠵᠢ ᠪᠣᠯᠭᠠᠵᠤ᠂ ᠵᠢᠷᠭᠤᠭᠠᠨ ᠶᠡᠭᠡ ᠭᠤᠤᠯᠯᠠᠬᠤ ᠠᠵᠤ ᠦᠢᠯᠡᠰ᠎ᠢ ᠲᠦᠷᠭᠡᠳᠭᠡᠨ ᠪᠤᠢᠵᠢᠭᠤᠯᠵᠤ᠂ ᠳᠥᠷᠪᠡᠨ 《ᠵᠠᠭᠤᠨ ᠳ᠋ᠦᠩᠱᠢᠭᠤᠷ ᠲᠠᠰ》 ᠤᠨ ᠠᠵᠤ ᠦᠢᠯᠡᠰ᠎ᠤᠨ ᠪᠦᠯᠦᠭᠵᠢᠯ᠎ᠢ ᠪᠥᠬᠦ᠌ ᠬᠦᠴᠦᠨ᠎ᠢᠶᠠᠷ᠎ᠢᠶᠠᠨ ᠴᠣᠭ᠍ᠴᠠᠯᠠᠬᠤ ᠬᠥᠭ᠌ᠵᠢᠯᠲᠡ᠎ᠶ᠋ᠢᠨ ᠰᠡᠳᠭᠢᠴᠡ᠎ᠶ᠋ᠢ ᠲᠣᠭ᠍ᠲᠠᠭᠠᠪᠠ᠃
ᠪᠠᠢ᠌ᠭ᠋ᠠᠯᠢᠯᠢᠭ ᠬᠤᠵᠢᠷ᠎ᠤᠨ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠪᠦᠯᠦᠭᠵᠢᠯ᠎ᠨᠢ ᠳᠥᠷᠪᠡᠨ 《ᠵᠠᠭᠤᠨ ᠳ᠋ᠦᠩᠱᠢᠭᠤᠷ ᠲᠠᠰ》 ᠤᠨ ᠠᠵᠤ ᠦᠢᠯᠡᠰ᠎ᠤᠨ ᠪᠦᠯᠦᠭᠵᠢᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠣᠳᠣ᠌ ᠶᠠᠭ ᠲᠦᠷᠭᠡᠨ ᠢ᠋ᠶ᠋ᠡᠷ ᠠᠬᠢᠭᠤᠯᠵᠤ ᠪᠠᠢᠨ᠎ᠠ᠃ ᠨᠠᠢ᠍ᠮᠠᠨ ᠬᠤᠱᠢᠭᠤ ᠵᠢᠯ᠎ᠳᠤ 500 ᠲᠦᠮᠡᠨ ᠲᠣᠨ ᠴᠡᠪᠡᠷ ᠬᠤᠵᠢᠷ ᠦᠢᠯᠡᠳᠪᠦᠷᠢᠯᠡᠬᠦ᠌ ᠲᠥᠷᠥᠯ ᠵᠦᠢᠯ᠎ᠢᠶᠠᠷ ᠳᠠᠭᠠᠭᠤᠯᠤᠭ᠍ᠴᠢ ᠪᠣᠯᠭᠠᠵᠤ᠂ ᠳᠠᠪᠤᠰᠤᠨ᠎ᠤ ᠬᠢᠮᠢ᠎ᠶ᠋ᠢᠨ ᠠᠵᠤ ᠦᠢᠯᠡᠳᠪᠦᠷᠢ᠂ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ᠂ ᠳᠡᠭᠡᠳᠦ ᠮᠣᠯᠧᠺᠦ᠋ᠯ᠎ᠤᠨ ᠮᠠᠲ᠋ᠧᠷᠢᠶᠠᠯ᠂ ᠨᠡᠢᠯᠡᠮᠡᠯ ᠶᠡᠷᠦᠩᠬᠡᠢᠯᠡᠨ ᠠᠱᠢᠭ᠍ᠯᠠᠬᠤ ᠵᠡᠷᠭᠡ ᠬᠡᠯᠬᠢᠶ᠎ᠡ᠎ᠶ᠋ᠢ ᠤᠷᠲᠤᠳᠭᠠᠨ ᠨᠥᠬᠦᠪᠥᠷᠢᠯᠡᠬᠦ᠌ ᠲᠥᠷᠥᠯ ᠵᠦᠢᠯ᠎ᠢ ᠠᠯᠬᠤᠮ ᠠᠯᠬᠤᠮ᠎ᠢᠶᠠᠷ ᠬᠡᠷᠡᠭ᠌ᠵᠢᠭᠦᠯᠵᠦ᠍᠂ ᠴᠠᠬᠢᠯᠭᠠᠨ ᠰᠤᠷᠪᠤᠯᠵᠢ ᠪᠠ ᠲᠤᠤᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠎ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ᠂ ᠪᠦᠬᠦ᠌ ᠠᠵᠤ ᠦᠢᠯᠡᠰ᠎ᠤᠨ ᠬᠡᠯᠬᠢᠶ᠎ᠡ᠎ᠳᠤ ᠲᠣᠭ᠍ᠲᠠᠭᠤᠨ ᠪᠥᠭᠡᠳ ᠨᠠᠢᠳᠠᠪᠤᠷᠢᠲᠠᠶ ᠪᠣᠬᠢᠷᠲᠤᠯ ᠦᠭᠡᠢ ᠴᠠᠬᠢᠯᠭᠠᠨ ᠬᠦᠴᠦᠨ᠎ᠤ ᠪᠠᠲᠤᠯᠠᠭ᠎ᠠ ᠬᠠᠩᠭᠠᠵᠤ᠂ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ ᠪᠠ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ᠎ᠶ᠋ᠢᠨ ᠬᠤᠣᠰ ᠠᠮᠵᠢᠯᠲᠠ᠎ᠶ᠋ᠢ ᠦᠨᠡᠨ ᠬᠦ᠌ ᠪᠡᠶᠡᠯᠡᠭᠦᠯᠦᠨ᠎ᠡ᠃
《ᠪᠠᠢ᠌ᠭ᠋ᠠᠯᠢᠯᠢᠭ ᠬᠤᠵᠢᠷ᠎ᠤᠨ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠪᠦᠯᠦᠭᠵᠢᠯ ᠪᠦᠷᠢᠯᠳᠦᠭ᠌ᠰᠡᠨᠤ ᠳᠠᠷᠠᠭ᠎ᠠ᠂ ᠵᠢᠱ᠌ᠢᠯᠲᠡ᠎ᠪᠠᠷ ᠵᠢᠯ᠎ᠤᠨ ᠦᠢᠯᠡᠳᠬᠦᠨ᠎ᠤ ᠥᠷᠲᠡᠭ᠎ᠨᠢ 224 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠴᠢᠬᠤᠯᠠ ᠨᠡᠮᠡᠭ᠌ᠳᠡᠯ᠎ᠤᠨ ᠲᠤᠢᠯ ᠪᠣᠯᠬᠤ ᠪᠣᠯᠤᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠨᠠᠢ᠍ᠮᠠᠨ ᠬᠤᠱᠢᠭᠤ ᠬᠤᠲᠠ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ᠌ ᠬᠦᠴᠦᠨ᠎ᠢᠶᠠᠷ᠎ᠢᠶᠠᠨ 〈ᠠᠷᠪᠠᠨ ᠲᠠᠪᠤᠳᠤᠭᠠᠷ ᠲᠠᠪᠤᠨ ᠵᠢᠯ〉 ᠤᠨ ᠰᠠᠢᠨ ᠡᠬᠢᠯᠡᠯᠲᠡ᠎ᠲᠠᠢ ᠪᠣᠯᠬᠤ᠎ᠶ᠋ᠢ ᠠᠬᠢᠭᠤᠯᠵᠤ᠂ 〈ᠪᠣᠭᠤᠮᠲᠠ ᠱᠢᠪᠲᠤᠯᠬᠤ〉 ᠰᠠᠨᠠᠭᠠᠴᠢᠯᠠᠭᠠᠲᠤ ᠳᠠᠢᠯᠠᠯᠳᠤᠭᠠᠨ᠎ᠢ ᠰᠠᠢᠲᠤᠷ ᠬᠢᠵᠦ᠍᠂ 〈ᠬᠥᠭᠡᠭᠡᠵᠦ᠍ ᠭᠦᠢᠴᠡᠨ ᠳᠠᠪᠠᠵᠤ ᠭᠠᠷᠬᠤ〉 ᠬᠤᠷᠳᠤᠴᠠ᠎ᠶ᠋ᠢ ᠲᠦᠷᠭᠡᠳᠭᠡᠵᠦ᠍᠂ ᠪᠥᠬᠦ᠌ ᠬᠤᠲᠠ᠎ᠶ᠋ᠢᠨ ᠠᠵᠤ ᠠᠬᠤᠶ᠎ᠶ᠋ᠢᠨ ᠨᠢᠭᠡᠳᠦᠭᠡᠷ ᠵᠢᠭ᠍ᠰᠠᠭᠠᠯ᠎ᠳᠤ ᠬᠦᠴᠦᠯᠡᠨ ᠱᠢᠪᠲᠤᠯᠤᠯᠲᠠ ᠬᠢᠨ᠎ᠠ᠃ ᠨᠠᠢ᠍ᠮᠠᠨ ᠬᠤᠱᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠬᠤᠱᠢᠭᠤᠨ ᠳᠠᠷᠤᠭ᠎ᠠ ᠢᠦᠶ ᠶᠦᠩ ᠬᠡᠯᠡᠪᠡ᠃

ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ