ᠰᠤᠷᠪᠤᠯᠵᠢᠯᠠᠭ᠍ᠴᠢ 12 ᠳ᠋ᠤᠭ᠋ᠠᠷ ᠰᠠᠷ᠎ᠠ᠎ᠶᠢᠨ 14 ᠦ᠌ ᠡᠳᠦᠷ ᠬᠥᠬᠡᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶᠠᠠ᠋ᠴᠠ ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ ᠲᠦᠷᠦᠭᠦᠬᠡᠨ ᠮᠡᠳᠡᠭ᠌ᠳᠡᠯ ᠨᠡᠢᠲᠡᠯᠡᠵᠦ᠍᠂ ᠬᠥᠬᠡᠬᠣᠲᠠ᠎ᠶᠢᠨ ᠠᠵᠤ ᠠᠬᠤᠢ ᠮᠡᠷᠭᠡᠵᠢᠯ᠎ᠦ᠋ᠨ ᠨᠡᠭᠡᠭᠡᠯᠲᠡ᠎ᠶᠢᠨ ᠲᠣᠭᠣᠷᠢᠭ᠎ᠢ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠢᠶᠠᠷ ᠮᠠᠭᠠᠳᠯᠠᠨ ᠲᠣᠭ᠍ᠲᠠᠭᠠᠬᠤ᠎ᠪᠠᠷ ᠪᠠᠢᠨ᠎ᠠ᠃
ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ ᠪᠣᠯ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠭᠤᠣᠯ ᠳᠠᠢᠨ᠎ᠤ ᠲᠠᠯᠠᠪᠤᠷ ᠮᠥᠨ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠮᠠᠭᠠᠳᠯᠠᠨ ᠲᠣᠭ᠍ᠲᠠᠭᠠᠵᠤ ᠬᠢᠨᠠᠨ ᠬᠠᠷᠭᠤᠭᠤᠯᠬᠤ ᠠᠵᠢᠯ ᠪᠣᠯ ᠬᠥᠬᠡᠬᠤᠲᠠ᠎ᠶ᠋ᠢᠨ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠬᠦ᠌ ᠴᠢᠬᠤᠯᠠ ᠭᠠᠷᠳᠠᠴᠠ ᠮᠥᠨ᠃ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠮᠠᠭᠠᠳᠯᠠᠨ ᠲᠣᠭ᠍ᠲᠠᠭᠠᠬᠤ ᠠᠵᠢᠯ᠎ᠢ ᠠᠬᠢᠭᠤᠯᠬᠤ᠎ᠶ᠋ᠢᠨ ᠲᠥᠯᠥᠭᠡ᠂ 2024 ᠣᠨ᠎ᠤ ᠳᠣᠤᠷ᠎ᠠ ᠬᠠᠭᠠᠰ ᠵᠢᠯ᠎ᠠᠴᠠ ᠨᠠᠭ᠋ᠠᠰᠢ᠂ ᠬᠥᠬᠡᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ ᠪᠣᠯᠤᠨ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠨᠢ ᠣᠯᠠᠨ ᠤᠳᠠᠭ᠎ᠠ ᠠᠵᠢᠯ᠎ᠢ ᠠᠬᠢᠭᠤᠯᠬᠤ ᠬᠤᠷᠠᠯ᠎ᠢ ᠵᠣᠬᠢᠶᠠᠨ ᠪᠠᠢᠭᠤᠯᠵᠤ᠂ ᠪᠠᠷᠢᠮᠵᠢᠶ᠎ᠠ᠎ᠶ᠋ᠢ ᠴᠢᠩᠳᠠᠯᠠᠨ᠂ ᠬᠤᠷᠳᠤᠴᠠ᠎ᠪᠠᠨ ᠲᠦᠷᠭᠡᠳᠭᠡᠨ ᠠᠬᠢᠭᠤᠯᠵᠤ᠂ ᠬᠦᠴᠦᠨ᠎ᠲᠠᠢ ᠬᠤᠭᠤᠴᠠᠭ᠎ᠠ᠎ᠶ᠋ᠢ ᠦᠨᠡᠨ ᠬᠦ᠌ ᠪᠠᠲᠤᠯᠠᠵᠤ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠮᠠᠭᠠᠳᠯᠠᠨ ᠲᠣᠭ᠍ᠲᠠᠭᠠᠬᠤ ᠠᠵᠢᠯ᠎ᠢ ᠬᠦᠴᠦᠲᠡᠢ ᠠᠬᠢᠭᠤᠯᠪᠠ᠃
ᠲᠠᠷᠠᠭᠠᠴᠢ᠎ᠶ᠋ᠢᠨ ᠠᠯᠬᠤᠮ᠎ᠳᠤ᠂ ᠬᠥᠬᠡᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠨᠢ ᠡᠯ᠎ᠡ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ᠂ ᠴᠢᠨᠠᠷ ᠰᠠᠢᠲᠠᠶ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠲᠥᠷᠥᠯ ᠵᠦᠢᠯ᠎ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ ᠬᠢᠭᠡᠳ ᠱᠢᠨ᠎ᠡ ᠮᠠᠲ᠋ᠧᠷᠢᠶᠠᠯ᠂ ᠳᠡᠭᠡᠳᠦ ᠲᠠᠰ᠎ᠤᠨ ᠲᠣᠨᠤᠭ ᠲᠥᠬᠦᠭᠡᠷᠦᠮᠵᠢ ᠦᠢᠯᠡᠳᠬᠦ᠂ ᠱᠢᠨ᠎ᠡ ᠡᠨᠧᠷᠭᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠪᠠᠷ ᠬᠠᠮᠵᠢᠯᠴᠠᠨ ᠢᠵᠢ ᠪᠦᠷᠢᠳᠦᠭᠦᠯᠬᠦ᠌᠎ᠶ᠋ᠢ ᠴᠢᠩᠭᠠᠳᠭᠠᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠲᠤᠭᠲᠠᠯᠴᠠᠭ᠎ᠠ᠎ᠶ᠋ᠢ ᠲᠦᠷᠭᠡᠳᠭᠡᠨ ᠪᠠᠢᠭᠤᠯᠤᠨ᠎ᠠ᠃

ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ