ᠰᠤᠷᠪᠤᠯᠵᠢᠯᠠᠭ᠍ᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ᠎ᠶ᠋ᠢ ᠪᠡᠶᠡᠯᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》 ᠭᠡᠬᠦ ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠲᠤᠭ᠋ᠠᠴᠢᠯᠠᠭᠰᠠᠨ ᠬᠦᠭᠵᠢᠯᠲᠡ᠎ᠶᠢ ᠲᠦᠷᠭᠡᠳᠭᠡᠬᠦ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠣᠷᠠᠯ᠎ᠠᠴᠠ ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠥᠪᠥᠷ ᠮᠣᠩᠭᠤᠯ ᠪᠥᠬᠦ᠌ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠬᠤ ᠬᠦᠴᠦᠨ᠎ᠤ ᠰᠦᠯᠵᠢᠶᠡᠨ᠎ᠤ ᠵᠠᠩᠭᠢᠯᠠᠭ᠎ᠠ᠎ᠶ᠋ᠢᠨ ᠴᠡᠭ᠎ᠤᠨ ᠪᠥᠲᠥᠭᠡᠨ ᠪᠠᠢᠭᠤᠯᠤᠯᠲᠠ᠎ᠶ᠋ᠢᠨ ᠲᠣᠭᠤᠷᠢᠨ᠎ᠳᠤ᠂ ᠣᠷᠣᠨ ᠪᠠᠢᠷᠢ᠂ ᠲᠥᠷᠥ᠎ᠶ᠋ᠢᠨ ᠪᠣᠳᠣᠯᠭ᠎ᠠ᠂ ᠨᠣᠭᠤᠭᠠᠨ ᠴᠠᠬᠢᠯᠭᠠᠨ᠂ ᠰᠦᠯᠵᠢᠶ᠎ᠡ ᠵᠡᠷᠭᠡ ᠶᠡᠷᠦᠩᠬᠡᠢᠯᠡᠭ᠌ᠰᠡᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠂ ᠨᠣᠭᠤᠭᠠᠨ ᠴᠠᠬᠢᠯᠭᠠᠨ᠎ᠤ ᠠᠱᠢᠭ᠍ᠯᠠᠯᠲᠠ᠂ ᠳᠣᠭᠢᠷᠠᠭᠤᠯᠬᠤ ᠲᠣᠭ᠍ᠲᠠᠴᠠ ᠪᠠ ᠰᠦᠯᠵᠢᠶᠡᠨ᠎ᠤ ᠲᠤᠯᠭᠠᠭᠤᠷᠢᠯᠠᠯ ᠵᠡᠷᠭᠡ ᠳᠥᠷᠪᠡᠨ ᠲᠠᠯ᠎ᠠ᠎ᠪᠠᠷ ᠭᠤᠤᠯ ᠦᠷ᠎ᠡ ᠪᠦᠲᠦᠭᠡᠯ ᠤᠯᠪᠠ᠃
ᠥᠪᠥᠷ ᠮᠣᠩᠭᠣᠯ ᠨᠢᠭᠡᠨᠲᠡ ᠨᠡᠯᠢᠶᠡᠳ ᠪᠦᠷᠢᠨ ᠲᠡᠭᠦᠯᠳᠡᠷ ᠪᠤᠳᠤᠬᠤ ᠬᠦᠴᠦᠨ᠎ᠦ ᠠᠵᠤ ᠦᠢᠯᠡᠰ᠎ᠦᠨ ᠬᠦᠭᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠲᠣᠭᠲᠠᠯᠴᠠᠭ᠎ᠠ᠎ᠶᠢ ᠪᠠᠢ᠌ᠭᠤᠯᠪᠠ᠃ ᠤᠯᠤᠰ᠎ᠤᠨ ᠳ᠋ᠡᠢ᠌ᠲ᠋ᠠ᠎ᠶ᠋ᠢᠨ ᠲᠣᠪᠴᠢᠶ᠎ᠠ ᠥᠪᠥᠷ ᠮᠣᠩᠭᠤᠯ᠎ᠤᠨ ᠪᠤᠳᠤᠬᠤ ᠬᠦᠴᠦᠨ᠂ ᠳ᠋ᠡᠢ᠌ᠲ᠋ᠠ᠎ᠶ᠋ᠢᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠴᠢᠭ᠌ᠯᠡᠭᠦᠯᠦᠨ 18 ᠵᠦᠢᠯ᠎ᠤᠨ ᠪᠣᠳᠠᠲᠠᠶ ᠳᠡᠮᠵᠢᠬᠦ᠌ ᠠᠷᠭ᠎ᠠ ᠬᠡᠮᠵᠢᠶ᠎ᠡ᠎ᠶ᠋ᠢ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠶ᠋ᠢᠨ᠎ᠬᠢᠨ 《ᠳ᠋ᠢᠬᠢᠲ ᠠᠵᠤ ᠠᠬᠤᠶ᠎ᠶ᠋ᠢ ᠠᠬᠢᠭᠤᠯᠬᠤ ᠳᠦᠷᠢᠮ》 ᠢᠶᠠᠷ ᠬᠠᠥᠯᠢ᠎ᠪᠠᠷ ᠵᠠᠰᠠᠬᠤ ᠰᠠᠭᠤᠷᠢ᠎ᠶ᠋ᠢ ᠪᠠᠬᠢᠵᠢᠭᠦᠯᠵᠦ᠍᠂ ᠪᠤᠳᠤᠬᠤ ᠬᠦᠴᠦᠨ᠎ᠤ ᠰᠠᠭᠤᠷᠢ ᠲᠥᠬᠦᠭᠡᠷᠦᠮᠵᠢ᠂ ᠳ᠋ᠠᠢᠲ᠋ᠠ᠎ᠶ᠋ᠢᠨ ᠠᠵᠤ ᠦᠢᠯᠡᠰ᠂ ᠵᠣᠬᠢᠶᠠᠮᠠᠯ ᠤᠶᠤᠨ ᠵᠡᠷᠭᠡ᠎ᠶ᠋ᠢᠨ ᠲᠣᠭᠤᠷᠢᠨ᠎ᠳᠤ 20 ᠭᠠᠷᠤᠢ ᠵᠦᠢᠯ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠨᠡᠢᠲᠡᠯᠡᠪᠡ᠃
ᠥᠪᠥᠷ ᠮᠣᠩᠭᠤᠯ ᠡᠯᠪᠡᠭ ᠪᠠᠶᠠᠯᠢᠭ ᠴᠡᠪᠡᠷ ᠡᠨᠧᠷᠭᠢ᠎ᠶ᠋ᠢᠨ ᠡᠬᠢ ᠪᠠᠶᠠᠯᠢᠭ᠎ᠲᠤ ᠲᠦᠱᠢᠭ᠌ᠯᠡᠨ᠂ ᠪᠤᠳᠤᠬᠤ ᠬᠦᠴᠦᠨ᠎ᠦ ᠨᠣᠭᠤᠭᠠᠨ ᠴᠠᠬᠢᠯᠭᠠᠨ᠎ᠤ ᠠᠱᠢᠭ᠍ᠯᠠᠯᠲᠠ᠎ᠶ᠋ᠢᠨ ᠲᠠᠯ᠎ᠠ᠎ᠪᠠᠷ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠶᠡᠷᠦᠩᠬᠡᠢ ᠪᠡᠯᠡ ᠣᠷᠣᠭᠤᠯᠤᠯᠲᠠ ᠨᠢ 300 ᠳ᠋ᠦᠩᠰᠢᠭᠤᠷ ᠲᠥᠭᠥᠷᠢᠭ᠎ᠢ ᠳᠠᠪᠠᠭᠰᠠᠨ 7 ᠲᠣᠭᠠᠴᠠᠭ᠎ᠠ ᠴᠠᠬᠢᠯᠭᠠᠨ᠎ᠤ ᠬᠠᠮᠵᠢᠯᠴᠠᠭᠠᠨ᠎ᠤ ᠲᠥᠷᠥᠯ ᠵᠦᠢᠯ᠎ᠢ ᠡᠬᠢᠯᠡᠭᠦᠯᠵᠦ᠂ ᠡᠭᠦᠨ᠎ᠳᠤ ᠬᠤᠸᠠ ᠳ᠋ᠢᠶᠠᠨ ᠪᠥᠬᠦ᠌ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠬᠤ ᠬᠦᠴᠦᠨ᠎ᠤ ᠰᠦᠯᠵᠢᠶᠡᠨ᠎ᠤ ᠬᠤᠷᠢᠨᠭᠡᠷ ᠳ᠋ᠡᠢ᠌ᠲ᠋ᠠ᠎ᠶ᠋ᠢᠨ ᠲᠥᠪ᠎ᠤᠨ ᠪᠦᠯᠦᠭᠵᠢᠯ᠎ᠦᠨ ᠨᠤᠭᠤᠭ᠋ᠠᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠪᠠ ᠵᠦᠩ᠎ᠶ᠋ᠢᠨ ᠳ᠋ᠡᠢ᠌ᠲ᠋ᠠ᠎ᠶ᠋ᠢᠨ ᠤᠯᠠᠭᠠᠨᠴᠠᠪ᠎ᠤᠨ ᠴᠠᠬᠢᠯᠭᠠᠨ ᠰᠤᠷᠪᠤᠯᠵᠢ ᠪᠠ ᠲᠤᠤᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠨᠢᠭᠡᠨᠲᠡ ᠪᠥᠬᠦ᠌ ᠤᠯᠤᠰ᠎ᠲᠤ ᠤᠷᠢᠳᠠᠪᠠᠷ ᠲᠣᠣᠷ᠎ᠲᠤ ᠨᠡᠢᠯᠡᠭᠦᠯᠦᠨ ᠴᠠᠬᠢᠯᠭᠠᠨ ᠭᠠᠷᠭᠠᠪᠠ᠃ ᠬᠤᠷᠢᠨᠭᠡᠷ ᠳ᠋ᠠᠢᠲ᠋ᠠ᠎ᠶ᠋ᠢᠨ ᠲᠥᠪ᠎ᠤᠨ ᠪᠦᠯᠦᠭ᠌ᠯᠡᠯ᠎ᠤᠨ ᠨᠣᠭᠤᠭᠠᠨ ᠴᠠᠬᠢᠯᠭᠠᠨ᠎ᠤ ᠡᠵᠡᠯᠡᠬᠦ᠌ ᠬᠠᠷᠢᠴᠠᠯ 80% ᠳᠤ ᠬᠦᠷᠴᠦ᠍᠂ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠣᠷᠳᠣ ᠬᠤᠭᠤᠴᠠᠭ᠎ᠠ᠎ᠪᠠᠷ ᠴᠠᠬᠢᠯᠭᠠᠨ ᠬᠤᠳᠠᠯᠳᠤᠨ ᠠᠪᠬᠤ ᠬᠡᠯᠡᠯᠴᠡᠭᠡᠷ ᠢᠶᠠᠷ ᠳᠠᠮᠵᠢᠭᠤᠯᠤᠨ ᠴᠠᠬᠢᠯᠭᠠᠨ᠎ᠤ ᠦᠨ᠎ᠡ᠎ᠶ᠋ᠢ ᠲᠣᠭ᠍ᠲᠠᠪᠤᠷᠢᠵᠢᠭᠤᠯᠵᠤ᠂ ᠪᠣᠬᠢᠷᠲᠤᠯ ᠥᠬᠡᠶ ᠴᠠᠬᠢᠯᠭᠠᠨ᠎ᠤ ᠥᠪᠡᠷ᠎ᠤᠨ ᠥᠷᠲᠡᠭ᠎ᠤᠨ ᠳᠠᠪᠠᠭᠤᠯᠢᠭ᠎ᠢ ᠦᠷᠭᠦᠯᠵᠢᠯᠡᠨ ᠪᠠᠲᠤᠯᠠᠨ᠎ᠠ᠃
ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ᠎ᠤ ᠪᠤᠳᠤᠬᠤ ᠬᠦᠴᠦᠨ᠎ᠤ ᠬᠢᠨᠠᠨ ᠬᠡᠮᠵᠢᠵᠦ᠍ ᠲᠣᠬᠢᠷᠠᠭᠤᠯᠬᠤ ᠲᠠᠪᠴᠠᠩ᠎ᠢ ᠪᠠᠢᠭᠤᠯᠬᠤ᠎ᠶ᠋ᠢᠨ ᠬᠠᠮᠲᠤ ᠤᠯᠤᠰ᠎ᠤᠨ ᠲᠠᠪᠴᠠᠩ᠎ᠯᠤᠭ᠎ᠠ ᠵᠣᠯᠭᠠᠭᠤᠯᠬᠤ᠎ᠶ᠋ᠢ ᠪᠡᠶᠡᠯᠡᠭᠦᠯᠵᠦ᠍᠂ ᠣᠷᠣᠨ ᠪᠦᠰᠡ ᠠᠯᠤᠰᠯᠠᠭ᠍ᠰᠠᠨ ᠪᠥᠬᠦ᠌ ᠤᠯᠤᠰ᠎ᠤᠨ ᠪᠤᠳᠤᠬᠤ ᠬᠦᠴᠦᠨ᠎ᠤ ᠨᠢᠭᠡ ᠴᠣᠭᠴᠠᠵᠢᠭᠤᠯᠤᠭᠰᠠᠨ ᠬᠠᠮᠵᠢᠯᠴᠠᠬᠤ ᠲᠤᠭᠲᠠᠯᠴᠠᠭ᠎ᠠ᠎ᠶᠢ ᠬᠠᠮᠲᠤ᠎ᠪᠠᠷ ᠪᠠᠢᠭᠤᠯᠪᠠ᠃ ᠲᠣᠰ ᠲᠠᠪᠴᠠᠩ᠎ᠤᠨ ᠠᠷᠠᠯᠵᠢᠶᠠᠨ᠎ᠤ ᠳ᠋ᠦᠩᠨᠡᠨ ᠪᠤᠳᠤᠭ᠍ᠰᠠᠨ ᠲᠤᠭ᠎ᠠ ᠳ᠋ᠦᠩᠱᠢᠭᠤᠷ ᠱᠢᠬᠠᠮ ᠲᠥᠭᠦᠷᠢᠭ᠎ᠲᠤ ᠬᠦᠷᠴᠦ᠍᠂ ᠪᠤᠳᠤᠬᠤ ᠬᠦᠴᠦᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠳᠣᠭᠢᠷᠠᠭᠤᠯᠬᠤ ᠪᠠ ᠠᠮᠢᠳᠤᠯᠢᠭ᠎ᠢᠶᠠᠷ ᠲᠣᠬᠢᠷᠠᠭᠤᠯᠬᠤ᠎ᠶ᠋ᠢ ᠪᠡᠶᠡᠯᠡᠭᠦᠯᠪᠡ᠃ ᠡᠨᠡᠬᠦ ᠲᠣᠭᠲᠠᠴᠠ ᠨᠢ ᠪᠦᠬᠦ ᠤᠯᠤᠰ᠎ᠤᠨ ᠬᠡᠪᠴᠢᠶᠡᠨ᠎ᠳᠡᠬᠢ ᠪᠤᠳᠤᠬᠤ ᠬᠦᠴᠦᠨ᠎ᠦ ᠡᠬᠢ ᠪᠠᠶᠠᠯᠢᠭ᠋᠎ᠢ ᠬᠠᠮᠵᠢᠯᠴᠠᠨ ᠠᠰᠢᠭ᠍ᠯᠠᠬᠤ᠎ᠳᠤ ᠪᠣᠯᠣᠮᠵᠢ᠎ᠲᠠᠢ ᠠᠷᠭ᠎ᠠ ᠵᠠᠮ᠎ᠢ ᠬᠠᠢᠨ ᠰᠦᠪᠡᠭᠴᠢᠯᠡᠵᠡᠢ᠃
ᠥᠪᠥᠷ ᠮᠣᠩᠭᠣᠯ ᠨᠢᠭᠡᠨᠲᠡ ᠲᠦᠷᠭᠡᠨ ᠨᠠᠢᠳᠠᠪᠤᠷᠢᠲᠠᠢ ᠰᠦᠯᠵᠢᠶᠡᠨ᠎ᠦ᠌ ᠲᠤᠯᠭᠠᠭᠤᠷᠢᠯᠠᠬᠤ ᠰᠢᠰᠲᠸᠮᠢ᠋ ᠪᠠᠢᠭᠤᠯᠪᠠ᠃ ᠪᠦᠬᠦ᠌ ᠤᠯᠤᠰ᠎ᠤᠨ 27 ᠮᠤᠵᠢ ᠬᠣᠲᠠ᠎ᠳᠤ ᠱᠢᠭᠤᠳ ᠬᠦᠷᠬᠦ᠌ ᠬᠡᠯᠬᠢᠶᠡᠲᠦ ᠵᠠᠮ ᠪᠠᠢᠭᠤᠯᠵᠤ᠂ ᠢᠨᠲᠧᠷ ᠰᠦᠯᠵᠢᠶ᠎ᠡ᠎ᠶ᠋ᠢᠨ ᠮᠤᠵᠢ᠎ᠶ᠋ᠢᠨ ᠬᠣᠭᠤᠷᠤᠨᠳᠤᠬᠢ ᠭᠠᠳᠠᠭᠠᠳᠤ᠎ᠳᠤ ᠭᠠᠷᠭᠠᠬᠤ ᠪᠦᠰᠡ᠎ᠶ᠋ᠢᠨ ᠦᠷᠭᠡᠨ᠎ᠨᠢ 60T᠎ᠳᠦ ᠬᠦᠷᠴᠦ᠂ 400G ᠨᠢ ᠨᠠᠢ᠍ᠮᠠᠨ ᠶᠡᠬᠡ ᠪᠤᠳᠤᠬᠤ ᠬᠦᠴᠦᠨ᠎ᠦ ᠵᠠᠩᠭᠢᠯᠠᠭ᠎ᠠ᠎ᠶᠢ ᠬᠣᠯᠪᠣᠵᠠᠢ᠃ ᠬᠥᠬᠡᠬᠣᠲᠠ᠎ᠶᠢᠨ ᠤᠯᠤᠰ᠎ᠤ᠋ᠨ ᠳᠡᠰ᠎ᠦ᠋ᠨ ᠢᠨᠲᠧᠷ ᠰᠦᠯᠵᠢᠶᠡᠨ᠎ᠦ᠌ ᠭᠣᠣᠯ ᠪᠣᠯᠬᠤ ᠰᠢᠭᠤᠳ ᠬᠣᠯᠪᠣᠬᠤ ᠴᠡᠭ᠎ᠦ᠋ᠨ ᠰᠦᠯᠵᠢᠶᠡᠨ᠎ᠦ᠌ ᠬᠣᠭᠣᠷᠣᠨᠳᠣᠬᠢ ᠬᠠᠷᠢᠯᠴᠠᠨ ᠬᠣᠯᠪᠣᠭᠠᠯᠠᠬᠤ ᠪᠦᠰᠡ᠎ᠶᠢᠨ ᠥᠷᠭᠡᠨ ᠨᠢ ᠨᠢᠭᠡᠨᠲᠡ ᠪᠠᠢᠭᠤᠯᠬᠤ ᠦᠶ᠎ᠡ᠎ᠶᠢᠨ 600G ᠠ᠋ᠴᠠ 1800G ᠬᠦᠷᠲᠡᠯ᠎ᠡ ᠥᠷᠭᠡᠳᠭᠡᠵᠦ᠍᠂ ᠪᠦᠬᠦ᠌ ᠤᠯᠤᠰ᠎ᠤ᠋ᠨ ᠪᠣᠳᠣᠬᠤ ᠬᠦᠴᠦᠨ᠎ᠦ ᠬᠡᠷᠡᠭ᠌ᠴᠡᠭᠡ ᠱᠠᠭᠠᠷᠳᠠᠯᠭᠠᠳ᠋ᠤ ᠥᠨᠳᠥᠷ ᠪᠦᠲᠦᠮᠵᠢᠲᠡᠢ᠎ᠪᠡᠷ ᠦᠢ᠍ᠯᠡᠴᠢᠯᠡᠨ᠎ᠡ᠃
《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠳᠦ ᠬᠠᠨᠳᠤᠭᠤᠯᠤᠨ᠂ ᠥᠪᠥᠷ ᠮᠣᠩᠭᠤᠯ ᠳᠥᠷᠪᠡᠨ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠠᠬᠢᠭᠤᠯᠬᠤ᠎ᠪᠠᠷ ᠪᠠᠢᠨ᠎ᠠ᠄
《ᠥᠪᠥᠷ ᠮᠣᠩᠭᠤᠯ᠎ᠤᠨ ᠨᠤᠭᠤᠭ᠋ᠠᠨ ᠪᠤᠳᠤᠬᠤ ᠬᠦᠴᠦᠨ》 ᠤ ᠨᠠᠷᠠᠲᠤ ᠲᠡᠮᠳᠡᠭ᠎ᠢ ᠡᠭᠦᠳᠦᠨ᠎ᠡ᠃ ᠬᠤᠷᠢᠨᠭᠡᠷ᠎ᠤᠨ ᠨᠤᠭᠤᠭ᠋ᠠᠨ ᠪᠤᠳᠤᠬᠤ ᠬᠦᠴᠦᠨ᠎ᠤ ᠤᠷᠢᠳ᠎ᠢᠶᠠᠷ ᠬᠡᠷᠡᠭ᠌ᠵᠢᠭᠦᠯᠬᠦ᠌ ᠣᠷᠣᠨ᠎ᠢ ᠲᠦᠷᠭᠡᠳᠭᠡᠨ ᠪᠠᠢᠭᠤᠯᠵᠤ᠂ 《ᠳᠥᠷᠪᠡ᠎ᠶ᠋ᠢ ᠨᠢᠭᠡ ᠴᠤᠭ᠍ᠴᠠᠵᠢᠭᠤᠯᠬᠤ》᠂ 《ᠭᠤᠷᠪᠠ᠎ᠶ᠋ᠢ ᠬᠠᠮᠵᠢᠯᠴᠠᠭᠤᠯᠬᠤ》 ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠎ᠠ᠂ ᠲᠤᠬᠠᠢᠯᠠᠪᠠᠯ᠂ ᠪᠤᠳᠤᠬᠤ ᠴᠠᠬᠢᠯᠭᠠᠨ᠎ᠢ ᠬᠠᠮᠵᠢᠯᠴᠠᠭᠤᠯᠤᠨ ᠨᠢᠭᠡ ᠴᠣᠭᠴᠠᠵᠢᠭᠤᠯᠬᠤ᠂ ᠪᠤᠳᠤᠬᠤ ᠰᠦᠯᠵᠢᠶ᠎ᠡ᠎ᠶᠢ ᠬᠣᠯᠪᠣᠬᠤ᠎ᠶᠢ ᠨᠢᠭᠡ ᠴᠣᠭᠴᠠᠵᠢᠭᠤᠯᠬᠤ᠂ ᠪᠤᠳᠤᠬᠤ ᠬᠦᠴᠦᠨ᠎ᠦ ᠲᠣᠬᠢᠷᠠᠭᠤᠯᠤᠯᠲᠠ᠎ᠶᠢ ᠨᠢᠭᠡ ᠴᠣᠭᠴᠠᠵᠢᠭᠤᠯᠬᠤ᠂ ᠠᠵᠤ ᠦᠢᠯᠡᠰ ᠠᠮᠢ ᠠᠬᠤᠢ᠎ᠶᠢ ᠨᠢᠭᠡ ᠴᠣᠭᠴᠠᠵᠢᠭᠤᠯᠬᠤ; ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠶᠢ ᠬᠠᠮᠵᠢᠯᠴᠠᠭᠤᠯᠬᠤ᠂ ᠠᠵᠤ ᠠᠬᠤᠢ᠎ᠶᠢᠨ ᠲᠣᠭᠠᠴᠠᠭ᠎ᠠ ᠬᠢᠬᠦ᠎ᠶᠢ ᠬᠠᠮᠵᠢᠯᠴᠠᠭᠤᠯᠬᠤ᠂ ᠦᠢᠯᠡᠴᠢᠯᠡᠭᠡᠨ᠎ᠦ ᠪᠠᠲᠤᠯᠠᠭ᠎ᠠ᠎ᠶᠢ ᠬᠠᠮᠵᠢᠯᠴᠠᠭᠤᠯᠬᠤ ᠬᠡᠷᠡᠭᠲᠡᠢ᠃
ᠳ᠋ᠠᠢᠲ᠋ᠠ᠎ᠶ᠋ᠢᠨ ᠠᠵᠤ ᠦᠢᠯᠡᠰ᠎ᠢ ᠪᠤᠵᠠᠭᠠᠢᠷᠠᠭᠤᠯᠤᠨ ᠱᠢᠯᠢᠳᠡᠭ᠌ᠵᠢᠭᠦᠯᠦᠨ᠎ᠡ᠃ ᠳ᠋ᠠᠢᠲ᠋ᠠ᠎ᠶ᠋ᠢᠨ ᠭᠦᠢᠯᠭᠡᠭᠡᠨ ᠠᠷᠠᠯᠵᠢᠶᠠᠯᠠᠬᠤ ᠳᠦᠷᠢᠮ᠎ᠢ ᠪᠦᠷᠢᠨᠱᠢᠭᠦᠯᠵᠦ᠍᠂ ᠳ᠋ᠠᠢᠲ᠋ᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠴᠢᠩᠭᠠᠷᠠᠭᠤᠯᠤᠨ᠂ 《ᠳ᠋ᠠᠢᠲ᠋ᠠ᠎ᠶ᠋ᠢᠨ ᠡᠯᠧᠮᠧᠨ᠋ᠲ ×》 ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠤᠯᠤᠰ᠎ᠤᠨ ᠳ᠋ᠠᠢᠲ᠋ᠠ᠎ᠶ᠋ᠢᠨ ᠠᠵᠤ ᠦᠢᠯᠡᠰ᠎ᠤᠨ ᠲᠦᠪᠯᠡᠷᠡᠯ᠎ᠤᠨ ᠣᠷᠣᠨ ᠪᠠ ᠤᠯᠤᠰ᠎ᠤᠨ ᠳ᠋ᠠᠢᠲ᠋ᠠ ᠬᠠᠳᠠᠬᠤ ᠰᠠᠭᠤᠷᠢᠨ ᠭᠠᠵᠠᠷ᠎ᠢ ᠴᠢᠷᠮᠠᠢᠨ ᠪᠠᠢᠭᠤᠯᠤᠨ᠎ᠠ᠃
《 ᠵᠣᠬᠢᠶᠠᠮᠠᠯ ᠣᠶᠤᠨ + 》 ᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠎ᠡ ᠃ ᠲᠠᠷᠢᠶᠠᠯᠠᠩ ᠮᠠᠯ ᠠᠵᠤ ᠠᠬᠤᠶ᠂ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠢᠭᠡ ᠪᠦᠯᠦᠭ ᠣᠨᠴᠠᠯᠢᠭ᠍ᠲᠤ ᠬᠡᠷᠡᠭ᠌ᠯᠡᠭᠡᠨ᠎ᠤ ᠪᠠᠢᠳᠠᠯ᠎ᠢ ᠠᠭᠤᠳᠠᠯᠵᠤ᠂ ᠠᠵᠢᠯ ᠲᠥᠷᠥᠯ᠎ᠤᠨ ᠡᠭ᠌ᠴᠡ ᠵᠠᠭ᠍ᠪᠤᠷ᠎ᠢ ᠰᠤᠳᠤᠯᠤᠨ ᠨᠡᠭᠡᠭᠡᠬᠦ᠌᠎ᠶ᠋ᠢ ᠥᠷᠨᠢᠭᠦᠯᠵᠦ᠍᠂ ᠣᠶᠤᠨᠴᠢ ᠦᠵᠦᠭᠦᠷ ᠪᠠ ᠤᠶᠤᠨᠲᠤ ᠪᠡᠶ᠎ᠡ᠎ᠶ᠋ᠢᠨ ᠬᠡᠷᠡᠭ᠌ᠯᠡᠯᠲᠡ᠎ᠶ᠋ᠢ ᠲᠦᠭᠡᠮᠡᠯᠵᠢᠭᠦᠯᠬᠦ᠌᠎ᠶ᠋ᠢ ᠠᠬᠢᠭᠤᠯᠤᠨ᠎ᠠ᠃
ᠰᠠᠢᠨ ᠰᠠᠢᠬᠠᠨ ᠠᠵᠤ ᠦᠢᠯᠡᠰ᠎ᠤᠨ ᠠᠮᠢ ᠠᠬᠤᠶ᠎ᠶ᠋ᠢ ᠪᠤᠢᠵᠢᠭᠤᠯᠤᠨ᠎ᠠ᠃ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶ᠋ᠢ ᠲᠦᠷᠭᠡᠳᠭᠡᠵᠦ᠍᠂ ᠠᠵᠤ ᠦᠢᠯᠡᠰ ᠪᠠ ᠰᠤᠷᠭᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠵᠣᠬᠢᠶᠠᠮᠠᠯ ᠣᠶᠤᠨᠴᠢ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠠᠷᠠᠯᠠᠯᠲᠦ ᠪᠠᠢᠷᠢᠱᠢᠭᠤᠯᠤᠯᠲᠠ ᠪᠠ ᠬᠤᠯᠪᠣᠭᠠᠯᠠᠨ ᠪᠣᠭᠤᠮᠲᠠ ᠱᠢᠪᠲᠤᠯᠬᠤ᠎ᠶ᠋ᠢ ᠴᠢᠩᠭᠠᠳᠭᠠᠵᠤ᠂ ᠪᠤᠳᠤᠬᠤ ᠬᠦᠴᠦᠨ ᠪᠠ ᠳ᠋ᠠᠢᠲ᠋ᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠂ ᠵᠠᠭ᠍ᠪᠤᠷ ᠪᠠ ᠬᠡᠷᠡᠭ᠌ᠯᠡᠭᠡᠨ᠎ᠤ ᠨᠡᠭᠡᠭᠡᠨ ᠬᠥᠭ᠌ᠵᠢᠭᠦᠯᠦᠯᠲᠡ᠂ ᠠᠬᠤᠶ ᠪᠠᠢᠳᠠᠯ᠎ᠢ ᠱᠢᠯᠭᠠᠨ ᠪᠠᠲᠤᠯᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠵᠣᠬᠢᠶᠠᠮᠠᠯ ᠣᠶᠤᠨᠴᠢ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠢ ᠪᠠᠢᠭᠤᠯᠤᠨ᠎ᠠ᠃