ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠵᠤ ᠦᠢᠯᠡᠰ᠎ᠤᠨ ᠰᠠᠭᠤᠷᠢ ᠮᠥᠩᠭᠦ᠌ — 5 ᠳ᠋ᠦᠩᠱᠢᠭᠤᠷ ᠲᠥᠭᠦᠷᠢᠭ᠎ᠤᠨ ᠠᠵᠤ ᠦᠢᠯᠡᠰ᠎ᠤᠨ ᠰᠠᠭᠤᠷᠢ ᠮᠥᠩᠭᠦ᠎ᠶ᠋ᠢ ᠨᠠᠢ᠌ᠳᠠᠪᠤᠷᠢᠵᠢᠭᠤᠯᠵᠤ ᠬᠥᠬᠡᠬᠤᠲᠠ᠎ᠶ᠋ᠢᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠤᠨ ᠪᠦᠯᠦᠭᠵᠢᠯ᠎ᠤᠨ ᠪᠠᠢ᠌ᠯᠳᠤᠬᠤ ᠪᠤᠳᠤᠯᠭ᠎ᠠ᠎ᠶᠢᠨ ᠰᠠᠯᠬᠢᠨ᠎ᠤ ᠠᠮᠠᠰᠠᠷ᠎ᠢ ᠳᠠᠬᠢᠨᠲᠠ ᠤᠭᠲᠤᠪᠠ
ᠨᠡᠶ᠋ᠢᠲᠡᠯᠡᠭᠰᠡᠨ ᠴᠠᠭ᠄ 2025-12-02

  ᠣᠢᠷ᠎ᠠ᠎ᠳᠤ᠂ ᠬᠥᠬᠡᠬᠤᠲᠠ᠎ᠶ᠋ᠢᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠭᠤᠷᠢ ᠮᠥᠩᠭᠦ᠌ ᠵᠢᠴᠢ ᠬᠤᠸᠠ ᠷᠦᠨ ᠱᠤᠸᠠᠩ ᠾᠧ ᠠᠵᠤ ᠦᠢᠯᠡᠰ᠎ᠤᠨ ᠰᠠᠭᠤᠷᠢ ᠮᠥᠩᠭᠦ᠌ ᠦᠢᠯᠡᠳᠪᠦᠷᠢ ᠬᠤᠳᠠᠯᠳᠤᠭᠠᠨ᠎ᠤ ᠳᠠᠩᠰᠠᠯᠠᠯᠲᠠ᠎ᠶ᠋ᠢ ᠵᠢᠩᠬᠢᠨᠢ᠎ᠪᠠᠷ ᠪᠡᠶᠡᠯᠡᠭᠦᠯᠪᠡ᠃ ᠲᠣᠰ ᠰᠠᠭᠤᠷᠢ ᠮᠥᠩᠭᠦ᠎ᠶ᠋ᠢᠨ ᠠᠩᠬᠠᠳᠤᠭᠠᠷ ᠬᠤᠭᠤᠴᠠᠭᠠᠨ᠎ᠤ ᠬᠡᠪᠴᠢᠶ᠎ᠡ᠎ᠨᠢ 5 ᠳ᠋ᠦᠩᠱᠢᠭᠤᠷ ᠲᠥᠭᠦᠷᠢᠭ᠂ ᠬᠤᠸᠠ ᠷᠦᠨ ᠱᠤᠸᠠᠩ ᠾᠧ᠂ ᠬᠤᠸᠠ ᠷᠦᠨ ᠡᠮ ᠡᠮᠨᠡᠯᠭᠡ᠂ ᠬᠤᠸᠠ ᠷᠦᠨ ᠬᠥᠷᠥᠩᠭᠡ ᠵᠡᠷᠭᠡ ᠭᠤᠷᠪᠠᠨ ᠲᠠᠯ᠎ᠠ᠎ᠠᠴᠠ᠂ ᠥᠪᠥᠷ ᠮᠣᠩᠭᠤᠯ᠎ᠤᠨ ᠮᠥᠩᠭᠦᠨ ᠭᠦᠢᠯᠭᠡᠭᠡᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠂ ᠥᠪᠥᠷ ᠮᠣᠩᠭᠤᠯ᠎ᠤᠨ ᠭᠤᠸᠠᠨ ᠱ᠌ᠢ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠲᠠᠢ ᠬᠠᠮᠲᠤᠷᠠᠨ ᠪᠠᠢᠭᠤᠯᠪᠠ᠃ ᠰᠠᠭᠤᠷᠢ ᠮᠥᠩᠭᠦ᠎ᠨᠢ ᠭᠤᠤᠯᠳᠠᠭᠤ ᠠᠮᠢᠳᠤ ᠪᠣᠳᠠᠰ᠂ ᠱᠢᠨ᠎ᠡ᠎ᠶ᠋ᠢ ᠡᠭᠦᠳᠬᠦ᠌ ᠡᠮ᠂ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ᠎ᠳᠠᠬᠢ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠲᠥᠷᠥᠯ ᠵᠦᠢᠯ ᠪᠣᠯᠤᠨ ᠥᠨᠳᠥᠷ ᠥᠰᠥᠯᠲᠡ᠎ᠶ᠋ᠢᠨ ᠬᠡᠯᠪᠡᠷᠢ᠎ᠶ᠋ᠢᠨ ᠠᠵᠤ ᠠᠬᠤᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠭ᠌ᠯᠡᠯ᠎ᠢ ᠣᠨᠣᠪᠴᠢᠲᠠᠶ ᠡᠵᠡᠮᠳᠡᠨ᠎ᠡ᠃

  ᠪᠠᠢᠷᠢ ᠲᠣᠭ᠍ᠲᠠᠭᠠᠯᠲᠠ᠎ᠠᠴᠠ ᠦᠵᠡᠪᠡᠯ᠂ ᠲᠣᠰ ᠰᠠᠭᠤᠷᠢ ᠮᠥᠩᠭᠦ᠎ᠨᠢ 《ᠠᠵᠤ ᠦᠢᠯᠡᠰ᠎ᠤᠨ ᠬᠦᠴᠦᠨ ᠨᠡᠮᠡᠷᠢᠯᠡᠬᠦ ᠬᠡᠯᠪᠡᠷᠢ᠎ᠶ᠋ᠢᠨ ᠪᠠᠯᠠ ᠣᠷᠣᠭᠤᠯᠤᠯᠲᠠ᠎ᠶ᠋ᠢᠨ ᠲᠠᠪᠴᠠᠩ》 ᠪᠣᠯᠤᠨ᠎ᠠ᠂ ᠠᠵᠤ ᠠᠬᠤᠢᠯᠠᠯ᠎ᠳᠤ ᠪᠠᠯᠠ ᠮᠥᠩᠭᠦ᠎ᠶ᠋ᠢᠨ ᠳᠡᠮᠵᠢᠯᠭᠡ ᠬᠠᠩᠭᠠᠭ᠍ᠰᠠᠨ᠎ᠢᠶᠠᠷ ᠪᠠᠷᠠᠬᠤ ᠥᠬᠡᠶ᠂ ᠪᠠᠰᠠ ᠬᠤᠸᠠ ᠷᠦᠨ ᠪᠦᠯᠦᠭ᠌ᠯᠡᠯ᠎ᠤᠨ ᠲᠣᠮᠣ ᠡᠷᠡᠭᠦᠯ ᠮᠡᠨᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠂ ᠲᠣᠮᠣ ᠬᠡᠷᠡᠭ᠌ᠯᠡᠭᠡ ᠵᠡᠷᠭᠡ ᠣᠯᠠᠨ ᠡᠱᠢᠵᠢᠭ᠌ᠰᠡᠨ ᠠᠵᠤ ᠦᠢᠯᠡᠰ᠎ᠤᠨ ᠰᠠᠭᠤᠷᠢ ᠪᠠ ᠡᠬᠢ ᠪᠠᠶᠠᠯᠢᠭ᠎ᠲᠤ ᠲᠦᠱᠢᠭ᠌ᠯᠡᠨ᠂ ᠬᠥᠬᠡᠬᠤᠲᠠ᠎ᠶ᠋ᠢᠨ ᠨᠡᠢᠯᠡᠮᠡᠯ ᠠᠮᠢᠳᠤ ᠪᠣᠳᠠᠰ᠎ᠤᠨ ᠠᠵᠤ ᠦᠢᠯᠡᠰ᠎ᠤᠨ ᠲᠠᠯ᠎ᠠ᠎ᠪᠠᠷ᠎ᠬᠢ ᠲᠥᠷᠥ᠎ᠶ᠋ᠢᠨ ᠪᠣᠳᠣᠯᠭ᠎ᠠ᠂ ᠡᠬᠢ ᠪᠠᠶᠠᠯᠢᠭ᠂ ᠠᠴᠢᠶᠠᠯᠠᠪᠤᠷᠢ ᠭᠤᠷᠪᠠ᠎ᠶ᠋ᠢ ᠨᠢᠭᠡ ᠴᠤᠭ᠍ᠴᠠᠵᠢᠭᠤᠯᠤᠭ᠍ᠰᠠᠨ ᠬᠥᠭ᠌ᠵᠢᠯᠲᠡ᠎ᠶ᠋ᠢᠨ ᠳᠠᠪᠠᠭᠤᠯᠢᠭ᠎ᠢ ᠳᠠᠪᠬᠤᠴᠠᠭᠤᠯᠵᠤ᠂ ᠲᠤᠬᠠᠶ᠎ᠶ᠋ᠢᠨ ᠭᠠᠵᠠᠷ᠎ᠤᠨ ᠠᠵᠤ ᠠᠬᠤᠢᠯᠠᠯ᠎ᠳᠤ ᠮᠡᠷᠭᠡᠵᠢᠯ᠎ᠤᠨ ᠰᠤᠳᠤᠯᠤᠨ ᠨᠡᠭᠡᠭᠡᠬᠦ᠂ ᠳᠤᠮᠳᠠ ᠲᠤᠷᠱᠢᠨ ᠬᠤᠪᠢᠷᠠᠭᠤᠯᠬᠤ᠂ ᠦᠢᠯᠡᠳᠪᠦᠷᠢᠯᠡᠬᠦ᠌ ᠴᠢᠳᠠᠪᠤᠷᠢ᠎ᠶ᠋ᠢ ᠪᠣᠳᠠᠲᠠᠢᠵᠢᠭᠤᠯᠬᠤ᠎ᠠᠴᠠ ᠵᠠᠬ᠎ᠠ ᠳᠡᠯᠭᠡᠭᠦᠷ᠎ᠲᠤ ᠭᠠᠷᠭᠠᠨ ᠥᠷᠭᠡᠳᠭᠡᠬᠦ᠌ ᠪᠥᠬᠦ᠌ ᠬᠡᠯᠬᠢᠶ᠎ᠡ᠎ᠪᠠᠷ ᠬᠦᠴᠦᠨ ᠨᠡᠮᠡᠷᠢᠯᠡᠬᠦ ᠪᠠ ᠳᠡᠮᠵᠢᠯᠭᠡ ᠦᠵᠡᠭᠦᠯᠵᠦ᠍᠂ ᠪᠠᠯᠠ ᠣᠷᠣᠭᠤᠯᠤᠭ᠍ᠳᠠᠭ᠍ᠰᠠᠨ ᠠᠵᠤ ᠠᠬᠤᠢᠯᠠᠯ᠎ᠤᠨ ᠦᠳᠲᠡᠷ ᠲᠦᠷᠭᠡᠨ ᠬᠥᠭ᠌ᠵᠢᠨ ᠪᠤᠵᠠᠭᠠᠢᠷᠠᠬᠤ᠎ᠶ᠋ᠢ ᠠᠬᠢᠭᠤᠯᠬᠤ ᠪᠣᠯᠤᠨ᠎ᠠ᠃

  ᠪᠡᠯᠡ ᠣᠷᠣᠭᠤᠯᠤᠯᠲᠠ᠎ᠶ᠋ᠢᠨ ᠲᠠᠯ᠎ᠠ᠎ᠶ᠋ᠢᠨ᠎ᠬᠢᠨ ᠥᠭᠡᠳᠡᠯᠡᠨ ᠳᠡᠪᠱᠢᠵᠦ᠍᠂ ᠰᠠᠭᠤᠷᠢ ᠮᠥᠩᠭᠦ᠎ᠨᠢ ᠠᠮᠢᠳᠤ ᠪᠣᠳᠠᠰ᠎ᠤᠨ ᠭᠤᠣᠯ ᠤᠷᠤᠯᠳᠤᠭᠠᠨ᠎ᠤ ᠵᠠᠮ᠎ᠤᠨ ᠲᠣᠭᠤᠷᠢᠨ᠎ᠳᠤ᠂ ᠭᠤᠷᠪᠠᠨ ᠶᠡᠭᠡ ᠴᠢᠭ᠌ᠯᠡᠯ᠎ᠳᠤ ᠠᠩᠬᠠᠷᠤᠯ᠎ᠢᠶᠠᠨ ᠲᠥᠪᠯᠡᠷᠡᠭᠦᠯᠦᠨ᠎ᠡ᠄ ᠨᠢᠭᠡ᠎ᠳᠤ᠂ ᠰᠠᠭᠤᠷᠢ ᠳᠠᠪᠬᠤᠷᠭ᠎ᠠ᠎ᠶ᠋ᠢᠨ ᠮᠡᠷᠭᠡᠵᠢᠯ᠎ᠤᠨ ᠱᠢᠨ᠎ᠡ᠎ᠶ᠋ᠢ ᠡᠭᠦᠳᠴᠦ᠍᠂ ᠮᠢᠺᠷᠣᠪ᠎ᠤᠨ ᠪᠠᠺᠲ᠋ᠧᠷᠢ᠎ᠶ᠋ᠢᠨ ᠪᠦᠯᠦᠭ᠎ᠤᠨ ᠪᠠᠢᠭᠤᠯᠤᠯᠲᠠ᠂ ᠡᠰ᠎ᠤᠨ ᠦᠢᠯᠡᠳᠪᠦᠷᠢ᠎ᠶ᠋ᠢᠨ ᠣᠶᠤᠨᠴᠢ ᠵᠢᠷᠤᠭ ᠲᠥᠯᠥᠪᠯᠡᠭᠡ᠂ ᠭᠤᠣᠯ ᠢᠰᠭᠡᠭᠦᠷ᠎ᠤᠨ ᠨᠠᠢᠷᠠᠯᠲᠠ᠎ᠶ᠋ᠢ ᠰᠤᠳᠤᠯᠤᠨ ᠨᠡᠭᠡᠭᠡᠬᠦ᠌ ᠵᠡᠷᠭᠡ ᠰᠠᠭᠤᠷᠢ ᠳᠠᠪᠬᠤᠷᠭ᠎ᠠ᠎ᠶ᠋ᠢᠨ ᠮᠡᠷᠭᠡᠵᠢᠯ᠎ᠤᠨ ᠭᠤᠣᠯ ᠭᠤᠭ᠍ᠴᠤᠭ᠎ᠠ᠎ᠶ᠋ᠢ ᠭᠤᠣᠯᠳᠠᠯᠭ᠎ᠠ᠎ᠲᠠᠢ ᠪᠠᠢᠷᠢᠱᠢᠭᠤᠯᠤᠨ᠎ᠠ; ᠠᠮᠢᠳᠤ ᠪᠣᠳᠠᠰ᠎ᠤᠨ ᠳᠡᠭᠡᠳᠦ ᠤᠷᠤᠰᠭᠠᠯ᠎ᠤᠨ ᠵᠠᠩᠭᠢᠯᠠᠭ᠎ᠠ᠎ᠶ᠋ᠢᠨ ᠬᠦᠷᠢᠶᠡᠨ᠎ᠤ ᠳᠤᠲᠠᠭᠤᠳᠠᠯ᠎ᠢ ᠭᠦᠢᠴᠡᠳ ᠨᠥᠬᠦᠪᠥᠷᠢᠯᠡᠨ᠎ᠡ; ᠬᠤᠶᠠᠷ᠎ᠲᠤ᠂ ᠦᠵᠦᠭᠦᠷ᠎ᠤᠨ ᠦᠢᠯᠡᠳᠬᠦᠨ᠎ᠢ ᠠᠵᠤ ᠦᠢᠯᠡᠰᠵᠢᠭᠦᠯᠵᠦ᠍᠂ ᠠᠮᠢᠳᠤ ᠪᠣᠳᠠᠰ᠎ᠤᠨ ᠰᠠᠭᠤᠷᠢ ᠲᠦᠭᠦᠬᠡᠢ ᠮᠠᠲ᠋ᠧᠷᠢᠶᠠᠯ᠎ᠤᠨ ᠡᠮ᠎ᠤᠨ ᠵᠠᠪᠰᠠᠷ᠎ᠤᠨ ᠴᠣᠭ᠍ᠴᠠ᠂ ᠴᠢᠳᠠᠮᠵᠢ᠎ᠶ᠋ᠢᠨ ᠴᠢᠨᠠᠷᠲᠠᠢ ᠱᠢᠨ᠎ᠡ ᠢᠳᠡᠭᠡᠨ᠂ ᠠᠮᠢᠳᠤ ᠪᠣᠳᠠᠰ᠎ᠤᠨ ᠰᠠᠭᠤᠷᠢ ᠱᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠵᠡᠷᠭᠡ ᠨᠢᠭᠡᠨᠲᠡ ᠵᠠᠬ᠎ᠠ ᠳᠡᠯᠭᠡᠭᠦᠷ᠎ᠤᠨ ᠳᠠᠯᠳᠠ ᠬᠦᠴᠦᠨ᠎ᠢ ᠢᠯᠡᠷᠡᠭᠦᠯᠦᠭ᠌ᠰᠡᠨ ᠨᠠᠷᠢᠨ ᠤᠷᠤᠯᠳᠤᠭᠠᠨ᠎ᠤ ᠵᠠᠮ᠎ᠢ ᠭᠤᠣᠯᠳᠠᠯᠭ᠎ᠠ᠎ᠲᠠᠢ ᠠᠩᠬᠠᠷᠤᠨ᠎ᠠ; ᠭᠤᠷᠪᠠ᠎ᠳᠤ᠂ ᠠᠵᠤ ᠦᠢᠯᠡᠰ᠎ᠤᠨ ᠠᠮᠢ ᠠᠬᠤᠶ᠎ᠶ᠋ᠢ ᠢᠵᠢ ᠪᠦᠷᠢᠳᠦᠭᠦᠯᠵᠦ᠍᠂ ᠰᠤᠳᠤᠯᠤᠨ ᠨᠡᠭᠡᠭᠡᠬᠦ᠌ ᠦᠢᠯᠡᠴᠢᠯᠡᠭᠡ᠂ AI ᠮᠣᠯᠧᠺᠦ᠋ᠯ᠎ᠤᠨ ᠵᠢᠷᠤᠭ ᠲᠥᠯᠥᠪᠯᠡᠭᠡ ᠵᠡᠷᠭᠡ᠎ᠨᠢ ᠨᠡᠢᠯᠡᠮᠡᠯ ᠠᠮᠢᠳᠤ ᠪᠣᠳᠠᠰ᠎ᠤᠨ ᠠᠵᠤ ᠦᠢᠯᠡᠰ᠎ᠤᠨ ᠳᠡᠭᠡᠳᠦ ᠳᠣᠣᠷᠠᠳᠤ ᠤᠷᠤᠰᠭᠠᠯ᠎ᠤᠨ ᠢᠵᠢ ᠪᠦᠷᠢᠳᠦᠭᠦᠯᠬᠦ᠌ ᠪᠠ ᠬᠦᠴᠦᠨ ᠨᠡᠮᠡᠷᠢᠯᠡᠬᠦ ᠠᠵᠤ ᠠᠬᠤᠢᠯᠠᠯ᠎ᠳᠤ ᠪᠡᠯᠡ ᠣᠷᠣᠭᠤᠯᠵᠤ ᠳᠡᠮᠵᠢᠯᠭᠡ ᠦᠵᠡᠭᠦᠯᠦᠨ᠎ᠡ᠃

  ᠬᠥᠬᠡᠬᠣᠲᠠ᠎ᠶᠢᠨ ᠬᠢᠨ ᠥᠪᠡᠷᠮᠢᠴᠡ ᠡᠬᠢ ᠪᠠᠶᠠᠯᠢᠭ᠋᠎ᠤᠨ ᠳᠠᠪᠠᠭᠤᠯᠢᠭ᠋ ᠪᠣᠯᠣᠨ ᠴᠢᠬᠤᠯᠠ ᠡᠯᠧᠮᠧᠨ᠋ᠲ᠎ᠦᠨ ᠬᠠᠷᠢᠴᠠᠭᠤᠯᠤᠭᠰᠠᠨ ᠳᠠᠪᠠᠭᠤᠯᠢᠭ᠋᠎ᠲᠠᠭᠠᠨ ᠲᠦᠰᠢᠭᠯᠡᠵᠦ᠂ ᠨᠡᠢᠯᠡᠮᠡᠯ ᠠᠮᠢᠳᠤ ᠪᠣᠳᠠᠰ᠎ᠢᠶᠠᠷ ᠣᠨᠴᠠᠯᠢᠭ ᠪᠣᠯᠭᠠᠭ᠍ᠰᠠᠨ ᠠᠮᠢᠳᠤ ᠪᠣᠳᠠᠰ᠎ᠤ᠋ᠨ ᠡᠮ ᠡᠮᠨᠡᠯᠭᠡ᠎ᠶᠢᠨ ᠠᠵᠤ ᠦᠢᠯᠡᠰ᠎ᠦ᠋ᠨ ᠪᠦᠯᠦᠭ᠌ᠯᠡᠯ᠎ᠢ᠋ ᠬᠦᠴᠦ᠍ ᠎ᠪᠡᠨ ᠬᠠᠮᠲᠤᠳᠭᠠᠨ ᠪᠠᠢᠭᠤᠯᠵᠤ᠂ ᠠᠮᠢᠳᠤ ᠪᠣᠳᠠᠰ᠎ᠢ᠋ ᠢᠰᠭᠡᠭ᠌ᠰᠡᠨ᠂ ᠠᠮᠢᠳᠤ ᠪᠣᠳᠠᠰ᠎ᠤ᠋ᠨ ᠸᠠᠺᠼᠢᠨ᠂ ᠳᠤᠮᠳᠠᠳᠤ ( ᠮᠣᠩᠭᠣᠯ) ᠡᠮ ᠡᠮᠨᠡᠯᠭᠡ᠎ᠶᠢᠨ ᠪᠦᠷᠢᠨ ᠪᠦᠲᠦᠨ ᠠᠵᠤ ᠦᠢᠯᠡᠰ᠎ᠦ᠋ᠨ ᠬᠡᠯᠬᠢᠶ᠎ᠡ᠎ᠶᠢ ᠪᠣᠢ ᠪᠣᠯᠭᠠᠨ᠎ᠠ᠃ ᠣᠳᠣᠬᠠᠨ᠎ᠳᠤ᠂ ᠪᠥᠬᠦ᠌ ᠬᠤᠲᠠ᠎ᠶ᠋ᠢᠨ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ 34 ᠪᠠᠢᠵᠤ᠂ ᠡᠮ᠎ᠤᠨ ᠵᠦᠢᠯᠡᠰ᠎ᠤᠨ ᠳᠠᠩᠰᠠᠯᠠᠭᠤᠯᠤᠭ᠍ᠰᠠᠨ ᠴᠣᠬᠤᠯᠠᠪᠤᠷᠢ 602 ᠪᠠᠢᠵᠤ᠂ ᠠᠵᠤ ᠦᠢᠯᠡᠰ᠎ᠤᠨ ᠲᠥᠪᠯᠡᠷᠡᠯ᠎ᠤᠨ ᠦᠢᠯᠡᠳᠦᠯ ᠬᠢᠭᠡᠳ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠦᠷᠭᠦᠯᠵᠢᠯᠡᠨ ᠲᠣᠪᠤᠢᠮ᠎ᠠ ᠪᠣᠯᠪᠠ᠃ ᠲᠣᠰ ᠤᠳᠠᠭᠠᠨ᠎ᠤ 5 ᠳ᠋ᠦᠩᠱᠢᠭᠤᠷ ᠲᠥᠭᠦᠷᠢᠭ᠎ᠤᠨ ᠠᠵᠤ ᠦᠢᠯᠡᠰ᠎ᠤᠨ ᠰᠠᠭᠤᠷᠢ ᠮᠥᠩᠭᠦ᠎ᠶ᠋ᠢᠨ ᠨᠠᠢᠳᠠᠪᠤᠷᠢᠵᠢᠭᠤᠯᠤᠯᠲᠠ᠎ᠨᠢ ᠬᠥᠬᠡᠬᠤᠲᠠ᠎ᠶ᠋ᠢᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢ ᠨᠥᠬᠦᠪᠥᠷᠢᠯᠡᠵᠦ᠍ ᠬᠡᠯᠬᠢᠶ᠎ᠡ᠎ᠶ᠋ᠢ ᠪᠠᠲᠤᠳᠭᠠᠨ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠠᠬᠢᠭᠤᠯᠵᠤ᠂ ᠬᠥᠬᠡᠬᠤᠲᠠ᠎ᠶ᠋ᠢᠨ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠨᠡᠢᠯᠡᠮᠡᠯ ᠠᠮᠢᠳᠤ ᠪᠣᠳᠠᠰ᠎ᠤᠨ ᠠᠵᠤ ᠦᠢᠯᠡᠰ᠎ᠤᠨ ᠬᠡᠪ ᠳᠠᠭᠤᠷᠢᠶᠠᠯ᠎ᠤᠨ ᠬᠤᠲᠠ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠬᠦ᠌ ᠪᠣᠯᠤᠨ᠎ᠠ᠃

  ᠲᠣᠰ ᠤᠳᠠᠭᠠᠨ᠎ᠤ ᠰᠠᠭᠤᠷᠢ ᠮᠥᠩᠭᠦ᠎ᠶ᠋ᠢ ᠵᠢᠩᠬᠢᠨᠢ᠎ᠪᠠᠷ ᠨᠠᠢᠳᠠᠪᠤᠷᠢᠵᠢᠭᠤᠯᠤᠭ᠍ᠰᠠᠨ᠎ᠨᠢ ᠬᠥᠬᠡᠬᠤᠲᠠ᠎ᠶ᠋ᠢᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠲᠤ ᠱᠢᠨ᠎ᠡ ᠪᠠᠯᠠ ᠮᠥᠩᠭᠦ᠌ ᠪᠠ ᠡᠬᠢ ᠪᠠᠶᠠᠯᠢᠭ᠎ᠤᠨ ᠬᠥᠳᠡᠯᠭᠡᠬᠦ᠌ ᠬᠦᠴᠦᠨ ᠨᠡᠮᠡᠷᠢᠯᠡᠭ᠌ᠰᠡᠨ᠎ᠢᠶᠠᠷ ᠪᠠᠷᠠᠬᠤ ᠥᠬᠡᠶ᠂ ᠨᠠᠩ ᠴᠤ᠌ ᠲᠤᠬᠠᠶ᠎ᠶ᠋ᠢᠨ ᠭᠠᠵᠠᠷ᠎ᠤᠨ ᠨᠡᠢᠯᠡᠮᠡᠯ ᠠᠮᠢᠳᠤ ᠪᠣᠳᠠᠰ᠎ᠤᠨ ᠠᠵᠤ ᠦᠢᠯᠡᠰ᠎ᠢ ᠳᠠᠬᠢᠨᠲᠠ ᠪᠠᠢᠯᠳᠤᠬᠤ ᠪᠣᠳᠣᠯᠭ᠎ᠠ᠎ᠶ᠋ᠢᠨ ᠰᠠᠯᠬᠢᠨ᠎ᠤ ᠠᠮᠠᠰᠠᠷ ᠪᠣᠯᠭᠠᠭ᠍ᠰᠠᠨ ᠪᠠᠢᠨ᠎ᠠ᠃ ᠢᠷᠡᠭᠡᠳᠦᠢ᠎ᠳ᠋ᠦ᠍᠂ ᠰᠠᠭᠤᠷᠢ ᠮᠥᠩᠭᠥᠨ᠎ᠦ᠌ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠢ᠋ ᠠᠯᠬᠤᠮ ᠠᠯᠬᠤᠮ᠎ᠢᠶᠠᠷ ᠨᠠᠢᠳᠠᠪᠤᠷᠢᠵᠢᠭᠤᠯᠬᠤ ᠪᠠ  ᠬᠦᠴᠦᠨ ᠨᠡᠮᠡᠷᠢᠯᠡᠬᠦ ᠦᠢᠯᠡᠳᠦᠯ᠎ᠢ᠋ ᠭᠠᠷᠭᠠᠬᠤ᠎ᠶᠢ ᠳᠠᠭᠠᠯᠳᠤᠨ᠂ ᠬᠥᠬᠡᠬᠣᠲᠠ 《ᠡᠬᠢ ᠪᠠᠶᠠᠯᠢᠭ᠎ᠤ᠋ᠨ ᠳᠠᠪᠠᠭᠤᠯᠢᠭ》 ᠠ᠋ᠴᠠ 《 ᠬᠥᠭ᠌ᠵᠢᠯᠲᠡ᠎ᠶᠢᠨ ᠳᠠᠪᠠᠭᠤᠯᠢᠭ》 ᠲᠡᠢ᠌ᠰᠢ ᠬᠡᠯᠪᠡᠷᠢ᠎ᠪᠡᠨ ᠬᠤᠪᠢᠷᠠᠭᠤᠯᠤᠨ ᠳᠡᠰ  ᠳᠡᠪᠰᠢᠭᠦᠯᠬᠦ᠎ᠶᠢ ᠲᠦᠷᠭᠡᠨ ᠪᠡᠶᠡᠯᠡᠭᠦᠯᠵᠦ᠍ ᠂ ᠪᠦᠬᠦ᠌ ᠤᠯᠤᠰ᠎ᠤ᠋ᠨ ᠣᠷᠣᠢᠯᠠᠭ᠍ᠰᠠᠨ ᠠᠮᠢᠳᠤ ᠪᠣᠳᠠᠰ᠎ᠤ᠋ᠨ ᠡᠮ ᠡᠮᠨᠡᠯᠭᠡ᠎ᠶᠢᠨ ᠠᠵᠤ ᠦᠢᠯᠡᠰ᠎ᠦ᠋ᠨ ᠪᠦᠯᠦᠭᠵᠢᠯ᠎ᠦ᠋ᠨ ᠵᠥᠷᠢᠶ᠎ᠡ᠎ᠶᠢ ᠤᠯᠠᠮ ᠨᠢᠭᠡ ᠠᠯᠬᠤᠮ ᠪᠣᠭᠣᠨᠢᠰᠭᠠᠵᠤ᠂ ᠪᠦᠬᠦ᠌ ᠤᠯᠤᠰ᠎ᠤ᠋ᠨ ᠲᠡᠷᠢᠭᠦᠨ᠎ᠦ᠌ ᠠᠮᠢᠳᠤ ᠪᠣᠳᠠᠰ᠎ᠤ᠋ᠨ ᠡᠮ ᠡᠮᠨᠡᠯᠭᠡ᠎ᠶᠢᠨ ᠠᠵᠤ ᠦᠢᠯᠡᠰ᠎ᠦ᠋ᠨ ᠥᠨᠳᠥᠷ ᠭᠠᠵᠠᠷ᠎ᠢ᠋ ᠴᠣᠭ᠍ᠴᠠᠯᠠᠬᠤ᠎ᠳ᠋ᠤ ᠪᠠᠲᠤ ᠪᠡᠬᠢ ᠰᠠᠭᠤᠷᠢ᠎ᠶᠢ ᠲᠠᠯᠪᠢᠬᠤ ᠪᠣᠯᠤᠨ᠎ᠠ᠃

 

ᠢᠷᠡᠯᠲᠡ᠄ ᠬᠥᠬᠡᠬᠤᠲᠠ᠎ᠶ᠋ᠢᠨ ᠲᠸᠭᠨᠢᠭ ᠮᠡᠷᠭᠡᠵᠢᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            