ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠥᠳᠡᠯᠦᠩᠭᠦᠶ ᠪᠠᠢᠳᠠᠯ — ᠪᠠᠶᠠᠨᠨᠠᠭᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠵᠠᠩ ᠬᠤᠩ ᠹᠦ᠋ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ ᠶᠠᠩ ᠰᠢ ᠭᠠᠩ ᠨᠡᠷ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-11-27

  11 ᠳ᠋ᠦ᠍ᠭᠡᠷ ᠰᠠᠷ᠎ᠠ᠎ᠶ᠋ᠢᠨ 25 ᠎ᠤ ᠡᠳᠦᠷ᠂ ᠪᠠᠶᠠᠨᠨᠠᠭᠤᠷ ᠬᠤᠳᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠳᠠ᠎ᠶ᠋ᠢᠨ ᠳᠠᠷᠤᠭ᠎ᠠ ᠵᠠᠩ ᠬᠤᠩ ᠹᠦ᠋ ᠯᠢᠨ ᠡᡁᠧ᠎ᠳᠤ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ ᠶᠠᠩ ᠰᠢ ᠭᠠᠩ ᠨᠡᠷ᠎ᠲᠠᠢ ᠠᠭᠤᠯᠵᠠᠵᠤ᠂ ᠬᠤᠶᠠᠷ ᠲᠠᠯ᠎ᠠ᠎ᠪᠠᠷ᠎ᠢᠶᠠᠨ ᠲᠥᠪ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠂ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠵᠡᠷᠭᠡ ᠶᠠᠪᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠪᠠ᠃

  ᠵᠠᠩ ᠬᠤᠩ ᠹᠦ᠋ ᠪᠠᠶᠠᠨᠨᠠᠭᠤᠷ ᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠠᠩ ᠰᠢ ᠭᠠᠩ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠣᠷᠳᠣ ᠬᠤᠭᠤᠴᠠᠭᠠᠨ᠎ᠤ ᠲᠤᠷᠰᠢ ᠪᠠᠶᠠᠨᠨᠠᠭᠤᠷ᠎ᠲᠤ ᠦᠵᠡᠭᠦᠯᠦᠭ᠌ᠰᠡᠨ ᠳᠡᠮᠵᠢᠯᠭᠡ᠎ᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠪᠠᠶᠠᠨᠨᠠᠭᠤᠷ᠎ᠤᠨ ᠣᠷᠣᠨ ᠪᠠᠢᠷᠢ᠎ᠶ᠋ᠢᠨ ᠳᠠᠪᠠᠭᠤᠯᠢᠭ ᠢᠯᠡᠷᠬᠡᠢ᠂ ᠥᠩᠭᠡ ᠦᠵᠡᠮᠵᠢ᠎ᠶ᠋ᠢᠨ ᠡᠬᠢ ᠪᠠᠶᠠᠯᠢᠭ ᠡᠯᠪᠡᠭ ᠳᠡᠯᠪᠡᠭ᠂ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠰᠠᠭᠤᠷᠢ ᠰᠠᠢᠨ᠂ ᠳᠠᠯᠳᠠ ᠬᠦᠴᠦᠨ ᠶᠡᠭᠡ ᠪᠠᠢᠨ᠎ᠠ᠃ ᠣᠳᠣᠬᠠᠨ᠎ᠳᠤ ᠪᠦᠬᠦ᠌ ᠬᠤᠳᠠ᠎ᠪᠠᠷ᠎ᠢᠶᠠᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠤᠯᠠᠮᠵᠢᠯᠠᠯᠲᠤ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠂ ᠱᠢᠨ᠎ᠡ ᠡᠨᠧᠷᠭᠢ᠎ᠶ᠋ᠢ ᠲᠦᠷᠭᠡᠨ ᠬᠥᠭ᠌ᠵᠢᠭᠦᠯᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠪᠠᠢᠨ᠎ᠠ᠃ ᠠᠵᠤ ᠠᠬᠤᠢᠯᠠᠯ᠎ᠤᠨ᠎ᠬᠢᠨ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠢᠯᠢ᠎ᠶ᠋ᠢᠨ ᠪᠣᠭᠤᠮᠲᠠ᠎ᠶ᠋ᠢ ᠬᠠᠮᠲᠤ᠎ᠪᠠᠷ ᠪᠠᠢᠭᠤᠯᠬᠤ᠂ ᠨᠡᠭᠦᠷᠡᠰᠦᠨ᠎ᠤ ᠠᠷᠠᠯᠵᠢᠶ᠎ᠠ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠭᠠᠳᠠᠭᠠᠳᠤ᠎ᠠᠴᠠ ᠣᠷᠣᠭᠤᠯᠤᠭ᠍ᠰᠠᠨ ᠡᠬᠢ ᠪᠠᠶᠠᠯᠢᠭ᠎ᠢ ᠪᠣᠳᠠᠲᠠᠢ ᠡᠳ᠋ᠱᠢᠭᠦᠯᠬᠦ᠂ ᠤᠰᠤᠲᠥ᠋ᠷᠥᠭ᠌ᠴᠢ᠎ᠶ᠋ᠢᠨ ᠱᠢᠪᠲᠦᠷ ᠠᠯᠺᠤᠤᠯ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠵᠡᠷᠭᠡ ᠲᠠᠯ᠎ᠠ᠎ᠪᠠᠷ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠨᠡᠩ ᠤᠯᠠᠨ ᠱᠢᠯᠢᠳᠡᠭ ᠲᠦᠷᠦᠯ ᠵᠦᠢᠯ᠎ᠢ ᠪᠠᠢᠷᠢᠱᠢᠭᠤᠯᠵᠤ᠂ ᠬᠠᠷᠢᠯᠴᠠᠨ ᠠᠱᠢᠭ᠍ᠲᠠᠢ ᠬᠠᠮᠲᠤᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠡᠢ᠃ ᠮᠠᠨ᠎ᠤ ᠬᠤᠲᠠ ᠲᠤᠰᠭᠠᠶ ᠠᠩᠭᠢ ᠪᠠᠢᠭᠤᠯᠵᠤ᠂ ᠨᠢᠭ᠍ᠲᠠ ᠮᠥᠷᠳᠡᠨ ᠳᠠᠭᠠᠵᠤ᠂ ᠦᠢᠯᠡᠴᠢᠯᠡᠭᠡᠨ᠎ᠤ ᠪᠠᠲᠤᠯᠠᠭ᠎ᠠ᠎ᠶ᠋ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠠᠵᠤ ᠠᠬᠤᠢᠯᠠᠯ ᠪᠠ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠰᠠᠢᠨ ᠰᠠᠢᠬᠠᠨ ᠨᠥᠬᠦᠴᠡᠯ ᠪᠦᠷᠢᠯᠳᠦᠭᠦᠯᠵᠦ᠍ ᠥᠭ᠌ᠭᠦᠨ᠎ᠡ᠃

  ᠶᠠᠩ ᠰᠢ ᠭᠠᠩ ᠠᠵᠤ ᠠᠬᠤᠢᠯᠠᠯ᠎ᠤᠨ ᠠᠵᠤ ᠦᠢᠯᠡᠰ᠎ᠤᠨ ᠪᠠᠢᠷᠢᠱᠢᠭᠤᠯᠤᠯᠲᠠ᠂ ᠬᠥᠭ᠌ᠵᠢᠯᠲᠡ᠎ᠶ᠋ᠢᠨ ᠲᠥᠯᠥᠪᠵᠢᠭᠦᠯᠭᠡ ᠪᠣᠯᠤᠨ ᠳᠠᠷᠠᠭᠠᠴᠢ᠎ᠶ᠋ᠢᠨ ᠠᠯᠬᠤᠮ᠎ᠤᠨ ᠬᠠᠮᠲᠤᠷᠠᠯᠴᠠᠭᠠᠨ᠎ᠤ ᠰᠠᠨᠠᠮᠵᠢ ᠵᠡᠷᠭᠡ ᠪᠠᠢᠳᠠᠯ᠎ᠢ ᠲᠠᠨᠢᠯᠴᠠᠭᠤᠯᠪᠠ᠃ ᠲᠡᠷᠡ᠂ ᠠᠵᠤ ᠠᠬᠤᠢᠯᠠᠯ᠎ᠤᠨ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠭᠡᠵᠦ᠍᠂ ᠣᠷᠣᠨ ᠨᠤᠲᠤᠭ᠎ᠤᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠢᠷᠡᠯᠲᠡ᠄ ᠪᠠᠶᠠᠨᠨᠠᠭᠤᠷ ᠰᠣᠨᠢᠨ᠎ᠤ ᠠᠯᠪᠠᠨ᠎ᠤ ᠸᠢᠴᠠᠲ
          
ᠬᠠᠮᠢᠶ᠎ᠡ ᠪᠦᠬᠦᠢ ᠰᠣᠨᠢᠨ
 
            