11 ᠳ᠋ᠦ᠍ᠭᠡᠷ ᠰᠠᠷ᠎ᠠ᠎ᠶ᠋ᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠸᠠᠩ ᠸᠧᠢ ᠵᠦᠩ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠤᠲᠠ᠎ᠳᠤ ᠬᠤᠸᠠ ᠷᠦᠨ ᠪᠦᠯᠦᠭ᠌ᠯᠡᠯ᠎ᠤᠨ ᠬᠡᠷᠡᠭ ᠮᠡᠳᠡᠭ᠌ᠴᠢᠳ᠎ᠤᠨ ᠳᠠᠷᠤᠭ᠎ᠠ ᠸᠠᠩ ᠱᠢᠶᠠᠩ ᠮᠢᠩ᠂ ᠶᠡᠷᠦᠩᠬᠡᠢ ᠳᠠᠭᠠᠭᠠᠮᠠᠯ ᠸᠠᠩ ᠼᠦᠢ ᠵᠢᠶᠦ᠋ᠨ ᠨᠡᠷ᠎ᠲᠠᠢ ᠠᠭᠤᠯᠵᠠᠪᠠ᠃
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠸᠠᠩ ᠱᠢᠶᠠᠩ ᠮᠢᠩ᠂ ᠸᠠᠩ ᠼᠦᠢ ᠵᠢᠶᠦ᠋ᠨ ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠤᠷᠳᠤ ᠬᠤᠭᠤᠴᠠᠭᠠᠨ᠎ᠤ ᠲᠤᠷᠰᠢ ᠬᠤᠸᠠ ᠷᠦᠨ ᠪᠦᠯᠦᠭ᠌ᠯᠡᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠦᠵᠡᠭᠦᠯᠦᠭ᠌ᠰᠡᠨ ᠢᠳᠡᠪᠬᠢᠲᠡᠢ ᠬᠤᠪᠢ ᠨᠡᠮᠡᠷᠢ᠎ᠳᠤ ᠲᠠᠯᠠᠷᠬᠠᠵᠤ ᠪᠠᠢᠬᠤ᠎ᠪᠠᠨ ᠢᠯᠡᠳᠭᠡᠬᠦ᠌᠎ᠶ᠋ᠢᠨ ᠬᠠᠮᠲᠤ ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠪᠢᠳᠡ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠦᠳᠡ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠠᠷᠢᠨ ᠬᠢᠨᠠᠮᠠᠭᠠᠶ ᠲᠥᠯᠥᠪᠯᠡᠵᠦ᠍ ᠪᠠᠢᠨ᠎ᠠ᠃ ᠬᠤᠸᠠ ᠷᠦᠨ ᠪᠦᠯᠦᠭ᠌ᠯᠡᠯ᠎ᠤᠨ ᠲᠤᠬᠠᠢᠯᠠᠭ᠍ᠰᠠᠨ ᠠᠵᠢᠯ᠎ᠤᠨ ᠪᠠᠢᠷᠢᠱᠢᠭᠤᠯᠤᠯᠲᠠ ᠥᠷᠭᠡᠨ᠂ ᠶᠡᠷᠦᠩᠬᠡᠢᠯᠡᠭ᠌ᠰᠡᠨ ᠪᠣᠳᠠᠲᠤ ᠬᠦᠴᠦᠨ ᠴᠢᠩᠭ᠎ᠠ᠂ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠭᠤᠣᠯᠳᠠᠯᠭ᠎ᠠ᠎ᠨᠢ ᠥᠪᠥᠷ ᠮᠣᠩᠭᠤᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠴᠢᠭ᠌ᠯᠡᠯ᠎ᠲᠠᠢ ᠳᠡᠭᠡᠳᠦ ᠬᠡᠮᠵᠢᠶ᠎ᠡ᠎ᠪᠠᠷ ᠲᠣᠬᠢᠷᠠᠯᠴᠠᠪᠠ᠃ ᠬᠤᠸᠠ ᠷᠦᠨ ᠪᠦᠯᠦᠭ᠌ᠯᠡᠯ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ᠌᠂ ᠠᠵᠤ ᠦᠢᠯᠡᠰ᠎ᠤᠨ ᠢᠵᠢ ᠪᠦᠷᠢᠳᠦᠭᠦᠯᠬᠦ᠌ ᠵᠢᠴᠢ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠵᠡᠷᠭᠡ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠭᠡᠷᠡᠯᠴᠢ ᠴᠡᠨᠡᠭ᠎ᠢᠶᠠᠷ ᠡᠯᠡᠰᠦ᠎ᠶ᠋ᠢ ᠵᠠᠰᠠᠬᠤ᠂ ᠰᠠᠯᠬᠢ ᠭᠡᠷᠡᠯ ᠤᠰᠤᠲᠥ᠋ᠷᠥᠭ᠌ᠴᠢ᠎ᠶ᠋ᠢ ᠨᠥᠭᠡᠴᠡᠯᠡᠬᠦ᠂ ᠶᠡᠭᠡ ᠬᠡᠷᠡᠭ᠌ᠯᠡᠭᠡ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠤ ᠮᠠᠨ᠎ᠤ ᠣᠷᠣᠨ᠎ᠳᠠᠬᠢ ᠲᠦᠷᠦᠯ ᠵᠦᠢᠯ᠎ᠤᠨ ᠪᠠᠢᠷᠢᠱᠢᠭᠤᠯᠤᠯᠲᠠ ᠪᠠ ᠪᠡᠯᠡ ᠮᠥᠩᠭᠦ᠎ᠶ᠋ᠢᠨ ᠣᠷᠣᠭᠤᠯᠤᠯᠲᠠ᠎ᠶ᠋ᠢᠨ ᠡᠷᠴᠢᠮ᠎ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠥᠷ ᠮᠣᠩᠭᠤᠯ᠎ᠤᠨ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠬᠦᠰᠡᠵᠦ᠍ ᠪᠠᠢᠨ᠎ᠠ᠃ ᠪᠢᠳᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠪᠥᠬᠦ᠌ ᠬᠦᠴᠦᠨ᠎ᠢᠶᠠᠷ᠎ᠢᠶᠠᠨ ᠱᠢᠯᠢᠳᠡᠭ᠌ᠵᠢᠭᠦᠯᠵᠦ᠍᠂ ᠬᠤᠸᠠ ᠷᠦᠨ ᠪᠦᠯᠦᠭ᠌ᠯᠡᠯ᠎ᠢ ᠪᠠᠭ᠍ᠲᠠᠭᠠᠭ᠍ᠰᠠᠨ ᠥᠷᠭᠡᠨ ᠣᠯᠠᠨ ᠠᠵᠤ ᠠᠬᠤᠢᠯᠠᠯ᠎ᠤᠨ ᠥᠪᠥᠷ ᠮᠣᠩᠭᠤᠯ᠎ᠳᠤ ᠬᠥᠭ᠌ᠵᠢᠬᠦ᠌᠎ᠳᠤ ᠦᠢᠯᠡᠴᠢᠯᠡᠭᠡᠨ᠎ᠤ ᠪᠠᠲᠤᠯᠠᠭ᠎ᠠ ᠬᠠᠩᠭᠠᠨ᠎ᠠ ᠬᠡᠪᠡ᠃
ᠸᠠᠩ ᠱᠢᠶᠠᠩ ᠮᠢᠩ᠂ ᠸᠠᠩ ᠼᠦᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠬᠤᠸᠠ ᠷᠦᠨ ᠪᠦᠯᠦᠭ᠌ᠯᠡᠯ᠎ᠳᠤ ᠦᠵᠡᠭᠦᠯᠦᠭ᠌ᠰᠡᠨ ᠬᠦᠴᠦᠲᠡᠢ ᠳᠡᠮᠵᠢᠯᠭᠡ᠎ᠳᠤ ᠲᠠᠯᠠᠷᠬᠠᠬᠤ᠎ᠶ᠋ᠢᠨ ᠬᠠᠮᠲᠤ ᠠᠵᠤ ᠠᠬᠤᠢᠯᠠᠯ᠎ᠤᠨ ᠥᠪᠥᠷ ᠮᠣᠩᠭᠤᠯ᠎ᠳᠠᠬᠢ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠠᠬᠢᠴᠠ ᠪᠣᠯᠤᠨ ᠳᠠᠷᠠᠭᠠᠴᠢ᠎ᠶ᠋ᠢᠨ ᠠᠯᠬᠤᠮ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠲᠠᠨᠢᠯᠴᠠᠭᠤᠯᠪᠠ᠃ ᠸᠠᠩ ᠱᠢᠶᠠᠩ ᠮᠢᠩ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠬᠤᠸᠠ ᠷᠦᠨ ᠪᠦᠯᠦᠭ᠌ᠯᠡᠯ ᠥᠪᠥᠷ ᠮᠣᠩᠭᠤᠯ᠎ᠯᠤᠭ᠎ᠠ ᠡᠯᠪᠡᠭ ᠪᠠᠶᠠᠯᠢᠭ ᠬᠠᠮᠲᠤᠷᠠᠯᠴᠠᠭᠠᠨ᠎ᠤ ᠦᠷ᠎ᠡ ᠪᠦᠲᠦᠭᠡᠯ ᠤᠯᠪᠠ᠃ 《ᠠᠷᠪᠠᠨ ᠲᠠᠪᠤᠳᠤᠭᠠᠷ ᠲᠠᠪᠤᠨ ᠵᠢᠯ》 ᠳᠤ ᠬᠠᠨᠳᠤᠵᠤ᠂ ᠬᠤᠸᠠ ᠷᠦᠨ ᠪᠦᠯᠦᠭ᠌ᠯᠡᠯ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠬᠤᠲᠠ᠎ᠶ᠋ᠢᠨ ᠪᠥᠲᠥᠭᠡᠨ ᠪᠠᠢᠭᠤᠯᠤᠯᠲᠠ ᠡᠵᠡᠩᠨᠡᠯᠲᠡ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠤ ᠪᠠᠯᠠ ᠣᠷᠣᠭᠤᠯᠤᠯᠲᠠ᠎ᠶ᠋ᠢᠨ ᠡᠷᠴᠢᠮ᠎ᠢᠶᠠᠨ ᠤᠯᠠᠮ ᠴᠢᠨᠠᠭ᠍ᠰᠢᠳᠠ ᠴᠢᠩᠭᠠᠷᠠᠭᠤᠯᠵᠤ᠂ ᠨᠠᠩ ᠣᠯᠠᠨ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ ᠬᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠵᠠᠢ᠃