ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠬᠠᠮᠲᠤᠷᠠᠨ ᠠᠵᠢᠯᠯᠠᠬᠤ ᠭᠡᠷ᠎ᠡ ᠲᠣᠭ᠍ᠲᠠᠬᠤ — ᠣᠷᠳᠣᠰ ᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠢᠦᠶ ᠬᠠᠶ ᠢᠦᠶ 360 ᠪᠦᠯᠦᠭ᠌ᠯᠡᠯ᠎ᠤᠨ ᠡᠭᠦᠳᠦᠭ᠌ᠴᠢ᠂ ᠬᠡᠷᠡᠭ ᠮᠡᠳᠡᠭ᠌ᠴᠢᠳ᠎ᠤᠨ ᠳᠠᠷᠤᠭ᠎ᠠ ᠵᠧᠤ ᠬᠤᠩ ᠢ᠎ᠲᠠᠢ ᠠᠭᠤᠯᠵᠠᠭ᠍ᠰᠠᠨ ᠪᠥᠭᠡᠳ ᠭᠡᠷ᠎ᠡ ᠲᠤᠭᠲᠠᠬᠤ᠎ᠶᠢ ᠭᠡᠷᠡᠴᠢᠯᠡᠪᠡ
ᠨᠡᠶ᠋ᠢᠲᠡᠯᠡᠭᠰᠡᠨ ᠴᠠᠭ᠄ 2025-12-08

  12 ᠳ᠋ᠤᠭ᠋ᠠᠷ ᠰᠠᠷ᠎ᠠ᠎ᠶ᠋ᠢᠨ 5 ᠎ᠤ ᠡᠳᠤᠷ᠂ ᠤᠷᠳᠤᠰ ᠬᠤᠳᠠ᠎ᠶ᠋ᠢᠨ ᠨᠠᠮ᠎ᠤᠨ ᠬᠤᠷᠢᠶ᠎ᠠ᠎ᠶ᠋ᠢᠨ ᠲᠡᠳ᠋ ᠱᠦᠵᠢ᠂ ᠬᠤᠳᠠ᠎ᠶ᠋ᠢᠨ ᠲᠠᠷᠤᠭ᠎ᠠ ᠢᠤᠢ ᠬᠠᠢ ᠢᠤᠢ 360 ᠪᠦᠯᠥᠭ᠌ᠯᠡᠯ᠎ᠤᠨ ᠡᠭᠦᠳᠦᠭ᠌ᠴᠢ᠂ ᠭᠡᠷᠡᠭ ᠮᠡᠳᠡᠭ᠌ᠴᠢᠳ᠎ᠤᠨ ᠲᠠᠷᠤᠭ᠎ᠠ ᠵᠸᠤ ᠬᠤᠩ ᠢ᠎ᠲᠠᠢ ᠠᠭᠤᠯᠵᠠᠵᠤ᠂ ᠬᠤᠶᠠᠷ ᠲᠠᠯ᠎ᠠ᠎ᠪᠠᠷ᠎ᠢᠶᠠᠨ ᠵᠤᠬᠢᠶᠠᠮᠠᠯ ᠤᠶᠤᠨ ᠎ᠤ ᠬᠠᠮᠳᠤᠷᠠᠯᠴᠠᠭ᠎ᠠ ᠪᠠ ᠳ᠋ᠢᠬᠢᠲ ᠠᠮᠤᠷ ᠲᠦᠪᠱᠢᠨ᠎ᠤ ᠪᠠᠢᠭᠤᠯᠤᠯᠳᠠ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠰᠠᠨᠠᠯ᠎ᠢᠶᠠᠨ ᠭᠦᠨᠵᠡᠭᠡᠢ ᠰᠤᠯᠢᠯᠴᠠᠵᠤ᠂ 360 ᠪᠦᠯᠥᠭ᠌ᠯᠡᠯ ᠪᠠ ᠤᠷᠳᠤᠰ᠎ᠤᠨ ᠲᠡᠭᠡᠳᠤ ᠱᠢᠨ᠎ᠠ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠳᠡ᠎ᠶ᠋ᠢᠨ ᠤᠷᠤᠨ᠎ᠲᠠᠢ ᠬᠠᠮᠳᠤᠷᠠᠯᠴᠠᠭᠠᠨ᠎ᠤ ᠵᠦᠪᠯᠡᠯᠴᠡᠭᠡᠷ᠎ᠲᠤ ᠭᠠᠷ᠎ᠤᠨ ᠦᠰᠦᠭ ᠵᠢᠷᠤᠬᠤ᠎ᠶ᠋ᠢ ᠬᠠᠮᠳᠤ᠎ᠪᠠᠷ ᠭᠡᠷᠡᠴᠢᠯᠡᠪᠡ᠃

  ᠢᠦᠢ ᠬᠠᠢ ᠢᠦᠢ ᠵᠧᠦ ᠬᠤᠩ ᠢ ᠨᠠᠷ᠎ᠤᠨ ᠬᠦᠷᠦᠯᠴᠡᠨ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠬᠦ᠌᠎ᠶ᠋ᠢᠨ ᠬᠠᠮᠲᠤ ᠤᠷᠳᠤᠰ ᠬᠤᠳᠠ᠎ᠶ᠋ᠢᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠢ ᠲᠣᠪᠴᠢ ᠲᠠᠨᠢᠯᠴᠠᠭᠤᠯᠪᠠ᠃ ᠲᠡᠷᠡ᠂ ᠤᠷᠳᠤᠰ ᠬᠤᠳᠠ ᠶᠠᠭ ᠰᠠᠢᠬᠠᠨ 《ᠲᠦᠷᠪᠡᠨ ᠲᠡᠯᠡᠭᠡᠢ᠎ᠶ᠋ᠢᠨ ᠲᠡᠰ》 ᠎ᠤᠨ ᠠᠵᠤ ᠦᠢᠯᠡᠰ᠎ᠢ ᠲᠦᠷᠭᠡᠳᠭᠡᠨ ᠪᠠᠢᠭᠤᠯᠵᠤ᠂ ᠤᠶᠤᠨᠴᠢ ᠪᠤᠳᠤᠬᠤ ᠭᠡᠳᠤ ᠪᠤᠳᠤᠬᠤ᠂ ᠵᠤᠬᠢᠶᠠᠮᠠᠯ ᠤᠶᠤᠨ ᠵᠡᠷᠭᠡ ᠱᠢᠨ᠎ᠠ᠎ᠪᠠᠷ ᠮᠠᠨᠳᠤᠬ᠍ᠰᠠᠨ ᠠᠵᠤ ᠦᠢᠯᠡᠰ᠎ᠢ ᠢᠳᠡᠪᠬᠢᠳᠠᠢ ᠪᠤᠢᠵᠢᠭᠤᠯᠵᠤ᠂ ᠤᠳᠤᠬᠢᠴᠢᠯᠠᠬ᠍ᠰᠡᠨ ᠠᠵᠤ ᠦᠢᠯᠡᠰ᠎ᠤᠨ ᠲᠤᠭᠲᠠᠯᠴᠠᠭ᠎ᠠ᠎ᠶᠢ ᠪᠦᠬᠦ᠌ ᠲᠠᠯ᠎ᠡ᠎ᠪᠠᠷ ᠪᠠᠢᠭᠤᠯᠵᠤ ᠪᠠᠢᠨ᠎ᠡ᠃ 360 ᠪᠦᠯᠦᠭ᠌ᠯᠡᠯ ᠪᠣᠯ ᠳ᠋ᠢᠬᠢᠲ ᠠᠮᠤᠷ ᠲᠦᠪᠱᠢᠨ᠎ᠤ ᠠᠵᠢᠯ ᠲᠦᠷᠦᠯ᠎ᠤᠨ ᠲᠠᠭᠠᠭᠤᠯᠤᠬ᠍ᠴᠢ ᠠᠵᠤ ᠠᠬᠤᠢᠯᠠᠯ ᠪᠣᠯᠤᠨ᠎ᠠ᠂ ᠤᠷᠳᠤᠰ ᠬᠤᠳᠠ᠎ᠶ᠋ᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ᠂ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠪᠠᠢᠭᠤᠯᠤᠯᠲᠠ᠂ ᠤᠶᠤᠨᠴᠢ ᠪᠤᠳᠤᠬᠤ ᠭᠡᠳᠤ ᠪᠤᠳᠤᠬᠤ ᠪᠠ ᠵᠣᠬᠢᠶᠠᠮᠠᠯ ᠤᠶᠤᠨ ᠬᠥᠭ᠌ᠵᠢᠯᠲᠡ ᠵᠡᠷᠭᠡ ᠬᠡᠷᠡᠭ᠌ᠴᠡᠭᠡ᠎ᠲᠠᠢ ᠨᠢᠭ᠍ᠲᠠ ᠤᠶᠠᠯᠳᠤᠭᠤᠯᠵᠤ᠂ ᠮᠠᠨ᠎ᠤ ᠬᠤᠳᠠ᠎ᠲᠠᠢ ᠭᠦᠨᠵᠡᠭᠡᠢ ᠰᠣᠯᠢᠯᠴᠠᠭ᠎ᠠ ᠬᠢᠵᠦ᠍ ᠬᠠᠮᠲᠤᠷᠠᠯᠴᠠᠬᠤ᠎ᠶ᠋ᠢ ᠬᠦᠰᠡᠵᠦ᠍ ᠪᠠᠢᠨ᠎ᠠ᠃ ᠣᠷᠳᠣᠰ ᠬᠤᠳᠠ᠎ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢᠯᠠᠯ᠎ᠤᠨ ᠬᠥᠭᠵᠢᠯᠲᠡ᠎ᠳᠦ ᠰᠢᠯᠢᠳᠡᠭ ᠦᠢᠯᠡᠴᠢᠯᠡᠭᠡ ᠬᠠᠩᠭᠠᠬᠤ᠎ᠪᠠᠷ ᠪᠠᠢᠨ᠎ᠠ ᠭᠡᠪᠡ᠃ 

  ᠵᠧᠦ ᠬᠤᠩ ᠢ᠂ ᠤᠷᠳᠤᠰ ᠬᠤᠳᠠ᠎ᠶ᠋ᠢᠨ ᠠᠵᠤ ᠦᠢᠯᠡᠰ᠎ᠤᠨ ᠪᠣᠳᠠᠲᠤ ᠬᠦᠴᠦᠨ ᠴᠢᠩᠭ᠎ᠠ᠂ ᠬᠥᠭ᠌ᠵᠢᠯᠲᠡ᠎ᠶ᠋ᠢᠨ ᠢᠷᠡᠭᠡᠳᠦᠢ ᠥᠷᠭᠡᠨ ᠠᠭᠤᠳᠠᠮ ᠪᠠᠢᠨ᠎ᠠ᠂ 360 ᠪᠦᠯᠦᠭ᠌ᠯᠡᠯ ᠮᠡᠷᠭᠡᠵᠢᠯ᠂ ᠵᠠᠬ᠎ᠠ ᠳᠡᠯᠭᠡᠭᠦᠷ᠂ ᠪᠡᠯᠡ ᠮᠥᠩᠭᠦ᠌ ᠵᠡᠷᠭᠡ ᠲᠠᠯ᠎ᠠ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ᠎ᠤ ᠲᠦᠷᠦᠯ ᠵᠦᠢᠯ᠎ᠤᠨ ᠲᠦᠷᠭᠡᠨ ᠪᠦᠳᠦᠭᠡᠨ ᠪᠠᠢᠭᠤᠯᠤᠯᠲᠠ ᠡᠵᠡᠩᠨᠡᠯᠲᠡ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠠᠵᠤ ᠦᠢᠯᠡᠰ᠎ᠤᠨ ᠪᠠᠢᠷᠢᠱᠢᠭᠤᠯᠤᠯᠲᠠ᠎ᠶ᠋ᠢᠨ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠳᠤᠰ ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠴᠢᠳᠠᠯ᠎ᠢᠶᠠᠨ ᠡᠷᠭᠦᠬᠦ᠌᠎ᠪᠠᠷ ᠴᠢᠷᠮᠠᠢᠨ᠎ᠠ ᠭᠡᠵᠦ᠍ ᠢᠯᠡᠳᠭᠡᠪᠡ᠃

  ᠵᠥᠪᠯᠡᠯᠴᠡᠭᠡᠷ᠎ᠢ ᠦᠨᠳᠦᠰᠦᠯᠡᠪᠡᠯ᠂ 360 ᠪᠦᠯᠦᠭ᠌ᠯᠡᠯ ᠬᠢᠭᠡᠳ ᠣᠷᠳᠣᠰ᠎ᠤᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ᠎ᠶ᠋ᠢᠨ ᠲᠣᠭᠤᠷᠢᠭ᠎ᠨᠢ ᠵᠣᠬᠢᠶᠠᠮᠠᠯ ᠣᠶᠤᠨ᠎ᠤ ᠠᠵᠤ ᠦᠢᠯᠡᠰ᠎ᠤᠨ ᠬᠠᠮᠵᠢᠯᠴᠠᠨ ᠬᠥᠭ᠌ᠵᠢᠬᠦ᠌ ᠲᠥᠷᠥᠯ ᠵᠦᠢᠯ᠎ᠢ ᠬᠠᠮᠲᠤᠷᠠᠨ ᠪᠠᠢᠭᠤᠯᠬᠤ ᠪᠣᠯᠤᠨ᠎ᠠ᠃

 

 

  ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠳᠤᠯᠠᠭ᠋ᠠᠨ ᠰᠣᠨᠢᠨ ᠮᠡᠳᠡᠭᠡᠨ᠎ᠤ ᠸᠢᠴᠠᠲ᠎ᠤᠨ ᠤᠯᠠᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            