ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠬᠦᠷᠢᠶᠡᠯᠡᠩ ᠲᠣᠭᠣᠷᠢᠭ᠎ᠤ᠋ᠨ ᠬᠥᠭ᠌ᠵᠢᠯᠲᠡ — ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭ᠋ᠠᠵᠤ ᠬᠥᠬᠡᠬᠣᠲᠠ᠎ᠶᠢᠨ ᠲᠣᠭ᠍ᠲᠠᠬᠤ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ《ᠮᠢᠩᠭᠠᠨ ᠳ᠋ᠦᠩᠰᠢᠭᠤᠷ ᠬᠦᠷᠢᠶᠡᠯᠡᠩ ᠲᠤᠭᠤᠷᠢᠭ》᠎ᠢ᠋ ᠰᠢᠪᠲᠤᠯᠵᠤ ᠪᠣᠢ
ᠨᠡᠶ᠋ᠢᠲᠡᠯᠡᠭᠰᠡᠨ ᠴᠠᠭ᠄ 2026-01-07

  《ᠠᠷᠪᠠᠨ ᠲᠠᠪᠤᠳᠤᠭᠠᠷ ᠲᠠᠪᠤᠨ ᠵᠢᠯ》᠎ᠳᠤ ᠣᠷᠣᠵᠤ᠂ ᠬᠥᠬᠡᠬᠤᠲᠠ᠎ᠶ᠋ᠢᠨ ᠲᠣᠭ᠍ᠲᠠᠬᠤ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠵᠤ᠂ ᠱᠢᠨ᠎ᠡ ᠡᠨᠧᠷᠭᠢ᠂ ᠣᠲᠣ ᠦᠶ᠎ᠡ᠎ᠶ᠋ᠢᠨ ᠬᠢᠮᠢ᠎ᠶ᠋ᠢᠨ ᠠᠵᠤ ᠦᠢᠯᠡᠳᠪᠦᠷᠢ ᠵᠡᠷᠭᠡ ᠭᠤᠤᠯᠯᠠᠬᠤ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠵᠤ᠂ 《ᠵᠠᠭᠤᠨ ᠡᠷᠦᠬᠡ᠎ᠶ᠋ᠢᠨ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠂ ᠮᠢᠩᠭᠠᠨ ᠳ᠋ᠦᠩᠱᠢᠭᠤᠷ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ᠎ᠶ᠋ᠢᠨ ᠬᠦᠴᠦᠷᠬᠡᠭ ᠱᠢᠶᠠᠨ》᠎ᠤ ᠬᠠᠷᠠᠯᠲᠠ ᠲᠡᠢ᠌ᠰᠢ ᠲᠦᠷᠭᠡᠪᠴᠢᠯᠡᠨ ᠱᠢᠪᠲᠤᠯᠤᠯᠲᠠ ᠬᠢᠵᠦ᠍ ᠪᠠᠢᠨ᠎ᠠ᠃

  ᠲᠣᠭ᠍ᠲᠠᠬᠤ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠣᠷᠣᠨ᠎ᠳᠤ ᠣᠷᠣᠬᠤ᠎ᠳᠤ᠂ ᠥᠪᠥᠷ ᠮᠣᠩᠭᠤᠯ᠎ᠤᠨ ᠵᠢᠦ᠍᠎ᠲᠠᠢ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠭᠤᠣᠯᠳᠠᠯᠭ᠎ᠠ᠎ᠲᠠᠢ ᠪᠣᠭᠤᠮᠲᠠ ᠱᠢᠪᠲᠤᠯᠬᠤ ᠠᠮᠢᠳᠤ ᠪᠣᠳᠠᠰ᠎ᠤᠨ ᠵᠠᠳᠠᠷᠠᠵᠤ ᠪᠣᠯᠬᠤ ᠡᠲ᠋ᠢᠯ ᠠᠯᠺᠣᠤᠯ ᠬᠦᠴᠢᠯ (PGA) ᠎ᠤᠨ ᠮᠡᠷᠭᠡᠵᠢᠯ ᠣᠳᠣᠬᠠᠨ᠎ᠳᠤ ᠨᠢᠭᠡᠨᠲᠡ ᠱᠢᠪᠲᠤᠯᠤᠯᠲᠠ᠎ᠲᠠᠢ ᠪᠣᠯᠵᠤ᠂ ᠵᠢᠵᠢᠭ ᠲᠤᠷᠱᠢᠯᠲᠠ᠎ᠶ᠋ᠢᠨ ᠦᠢᠯᠡᠳᠬᠦᠨ ᠳᠡᠯᠡᠬᠡᠢ᠎ᠶ᠋ᠢᠨ ᠲᠡᠷᠢᠭᠦᠨ᠎ᠤ ᠬᠢᠷᠢ ᠲᠦᠪᠱᠢᠨ᠎ᠳᠤ ᠬᠦᠷᠦᠭ᠌ᠰᠡᠨ ᠪᠥᠭᠡᠳ ᠲᠤᠰ ᠮᠠᠲ᠋ᠧᠷᠢᠶᠠᠯ᠎ᠤᠨ ᠤᠯᠤᠰ᠎ᠤᠨ ᠪᠠᠷᠢᠮᠵᠢᠶ᠎ᠠ᠎ᠶ᠋ᠢ ᠲᠦᠷᠦᠭᠦᠯᠡᠨ ᠲᠣᠭ᠍ᠲᠠᠭᠠᠪᠠ᠃ ᠺᠣᠮᠫᠠᠨᠢ ᠶᠠᠭ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌᠎ᠶ᠋ᠢ ᠠᠬᠢᠭᠤᠯᠵᠤ᠂ ᠳᠣᠣᠷᠠᠳᠤ ᠤᠷᠤᠰᠭᠠᠯ ᠲᠡᠢ᠌ᠰᠢ ᠥᠷᠲᠡᠭ᠎ᠤᠨ ᠬᠡᠯᠬᠢᠶ᠎ᠡ᠎ᠪᠠᠨ ᠤᠯᠠᠮ ᠨᠢᠭᠡ ᠠᠯᠬᠤᠮ ᠤᠷᠲᠤᠳᠭᠠᠵᠤ ᠪᠠᠢᠨ᠎ᠠ᠃

  ᠥᠪᠥᠷ ᠮᠣᠩᠭᠤᠯ᠎ᠤᠨ ᠵᠢᠦ᠍᠎ᠲᠠᠢ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ PGA ᠲᠥᠷᠥᠯ ᠵᠦᠢᠯ᠎ᠤᠨ ᠬᠠᠷᠢᠭᠤᠴᠠᠯᠭᠠᠲᠠᠨ ᠸᠠᠩ ᠵᠢᠶᠠᠨ ᠴᠢ ᠢᠯᠡᠷᠬᠡᠢᠯᠡᠬᠦ᠌᠎ᠳᠡᠭᠡᠨ᠄ 《ᠡᠲ᠋ᠢᠯ ᠠᠯᠺᠣᠤᠯ ᠬᠦᠴᠢᠯ᠎ᠤᠨ ᠠᠵᠤ ᠦᠢᠯᠡᠰᠵᠢᠯᠲᠡ᠎ᠶ᠋ᠢ ᠭᠤᠤᠯᠳᠠᠯᠭ᠎ᠠ᠎ᠲᠠᠢ ᠠᠬᠢᠭᠤᠯᠵᠤ᠂ 6 ᠲᠦᠮᠡᠨ ᠲᠣᠨ ᠳᠡᠭᠡᠳᠦ ᠲᠠᠰ᠎ᠤᠨ ᠪᠥᠭᠡᠭᠡᠨᠡᠷᠡᠯ ᠮᠧᠲ᠋ᠢᠯ ᠠᠯᠳᠧᠭᠢᠳ᠋᠎ᠤᠨ ᠲᠥᠷᠥᠯ ᠵᠦᠢᠯ᠎ᠢ ᠪᠠᠯᠠ ᠣᠷᠣᠭᠤᠯᠤᠨ ᠪᠦᠲᠦᠭᠡᠨ ᠪᠠᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠡᠭᠡᠭᠦᠯᠦᠨ ᠬᠤᠷᠢᠶᠠᠵᠤ ᠠᠱᠢᠭ᠍ᠯᠠᠨ ᠱᠢᠩᠭᠡᠨ ᠪᠡᠶᠡᠲᠦ ᠪᠣᠷᠲᠣᠭᠤᠷ᠎ᠢ ᠦᠶ᠋ᠯᠡᠳᠪᠦᠷᠢᠯᠡᠬᠦ᠌ ᠵᠢᠴᠢ ᠠᠵᠤ ᠦᠶ᠋ᠯᠡᠳᠪᠦᠷᠢ᠎ᠶ᠋ᠢᠨ ᠲᠣᠰᠣ ᠦᠯᠳᠡᠬᠦ᠎ᠳᠤ ᠬᠡᠷᠡᠭ᠌ᠯᠡᠬᠦ᠌᠎ᠶ᠋ᠢ ᠲᠥᠯᠥᠪᠵᠢᠭᠦᠯᠵᠦ᠍᠂ ᠣᠯᠠᠨ ᠨᠡᠭᠦᠷᠡᠰᠦᠲᠥ᠋ᠷᠥᠭ᠌ᠴᠢᠲᠦ ᠠᠯᠺᠤᠤᠯ ᠲᠥᠬᠦᠭᠡᠷᠦᠮᠵᠢ᠎ᠶ᠋ᠢ ᠪᠥᠲᠥᠭᠡᠨ ᠪᠠᠢᠭᠤᠯᠵᠤ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠪᠠ ᠦᠢᠯᠡᠳᠬᠦᠨ᠎ᠤ ᠨᠡᠮᠡᠯᠲᠡ ᠥᠷᠲᠡᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ》 ᠭᠡᠪᠡ᠃

  2025 ᠣᠨ᠎ᠤ 10 ᠳ᠋ᠤᠭ᠋ᠠᠷ ᠰᠠᠷ᠎ᠠ᠎ᠳᠤ᠂ ᠲᠣᠭ᠍ᠲᠠᠬᠤ ᠮᠢᠩᠭᠠᠨ ᠲᠦᠮᠡᠨ ᠺᠢᠯᠣᠸᠠᠲ᠎ᠤᠨ ᠲᠡᠰ᠎ᠤᠨ ᠣᠨᠴᠠ ᠶᠡᠭᠡ ᠰᠠᠯᠬᠢ ᠭᠡᠷᠡᠯ ᠢᠯᠴᠢ ᠨᠥᠭᠡᠴᠡᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠡᠨᠧᠷᠭᠢ᠎ᠶ᠋ᠢᠨ ᠰᠠᠭᠤᠷᠢᠨ ᠭᠠᠵᠠᠷ᠎ᠢ ᠥᠪᠥᠷ ᠮᠣᠩᠭᠤᠯ᠎ᠤᠨ ᠳ᠋ᠠ ᠲᠠᠩ ᠤᠯᠠᠨ ᠤᠯᠤᠰ᠎ᠤᠨ ᠲᠣᠭ᠍ᠲᠠᠬᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠎ᠳᠤ ᠨᠠᠢᠳᠠᠪᠤᠷᠢᠵᠢᠭᠤᠯᠵᠤ᠂ ᠢᠯᠴᠢ᠎ᠶ᠋ᠢᠨ ᠴᠠᠬᠢᠯᠭᠠᠨ᠎ᠤ ᠲᠤᠯᠭᠠᠭᠤᠷᠢᠯᠠᠯ ᠪᠠ ᠲᠣᠬᠢᠷᠠᠭᠤᠯᠬᠤ ᠴᠢᠳᠠᠪᠤᠷᠢ᠎ᠶ᠋ᠢ ᠪᠠᠳᠠᠷᠠᠭᠤᠯᠬᠤ᠎ᠪᠠᠷ ᠳᠠᠮᠵᠢᠭᠤᠯᠵᠤ᠂ ᠬᠤᠯᠪᠣᠯᠳᠤᠭ᠍ᠰᠠᠨ ᠱᠢᠨ᠎ᠡ ᠡᠨᠧᠷᠭᠢ ᠪᠣᠯᠤᠨ ᠡᠨᠧᠷᠭᠢ ᠬᠠᠳᠠᠭᠠᠯᠠᠵᠤ᠂ ᠶᠡᠭᠡ ᠬᠡᠪᠴᠢᠶᠡᠨ᠎ᠤ ᠱᠢᠨ᠎ᠡ ᠡᠨᠧᠷᠭᠢ᠎ᠶ᠋ᠢᠨ ᠠᠮᠤᠷ ᠲᠦᠪᠱᠢᠨ ᠲᠣᠭ᠍ᠲᠠᠭᠤᠨ᠎ᠢᠶᠠᠷ ᠭᠠᠳᠠᠭ᠍ᠰᠢ ᠬᠦᠷᠭᠡᠬᠦ᠌ ᠵᠢᠴᠢ ᠠᠵᠤ ᠠᠬᠤᠢ᠎ᠶ᠋ᠢᠨ ᠠᠵᠢᠯᠯᠠᠭᠠᠨ᠎ᠤ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠪᠡ᠃ ᠺᠣᠮᠫᠠᠨᠢ ᠨᠢ 12 ᠰᠠᠭᠤᠷᠢ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ ᠪᠣᠯᠤᠨ 200 ᠲᠦᠮᠡᠨ ᠺᠢᠯᠣᠸᠠᠲ᠎ᠤᠨ ᠰᠠᠯᠬᠢ ᠭᠡᠷᠡᠯ᠎ᠤᠨ ᠱᠢᠨ᠎ᠡ ᠡᠨᠧᠷᠭᠢ᠎ᠶ᠋ᠢᠨ ᠲᠦᠷᠦᠯ ᠵᠦᠢᠯ᠎ᠢ ᠬᠠᠮᠢᠶᠠᠷᠴᠤ᠌᠂ ᠤᠢ᠍ᠢᠷ᠎ᠠ᠎ᠶ᠋ᠢᠨ ᠵᠢᠯ᠎ᠳᠤ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠡᠷᠡᠭ᠌ᠯᠡᠯᠲᠡ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ᠌ ᠡᠷᠴᠢᠮ᠎ᠢᠶᠠᠨ ᠴᠢᠩᠭᠠᠷᠠᠭᠤᠯᠵᠤ᠂ ᠤᠯᠠᠨ ᠵᠦᠢᠯ᠎ᠤᠨ ᠤᠶᠤᠨᠴᠢᠯᠠᠬ᠍ᠰᠠᠨ ᠱᠢᠰᠲ᠋ᠧᠮ᠎ᠢ ᠵᠠᠯᠭᠠᠭ᠎ᠠ᠎ᠪᠠᠷ ᠠᠱᠢᠭ᠍ᠯᠠᠯᠲᠠ᠎ᠳᠤ ᠣᠷᠣᠭᠤᠯᠬᠤ᠎ᠶ᠋ᠢᠨ ᠬᠠᠮᠲᠤ ᠤᠶᠤᠨᠲᠤ ᠡᠨᠧᠷᠭᠢ᠎ᠶ᠋ᠢ ᠨᠢᠭᠡ ᠴᠤᠬ᠍ᠴᠠᠵᠢᠭᠤᠯᠤᠨ ᠲᠤᠬᠢᠷᠠᠭᠤᠯᠬᠤ ᠲᠠᠪᠴᠠᠩ᠎ᠢ ᠰᠤᠳᠤᠯᠤᠨ ᠨᠡᠭᠡᠭᠡᠪᠡ᠃

  ᠥᠪᠥᠷ ᠮᠣᠩᠭᠤᠯ᠎ᠤᠨ ᠳ᠋ᠠ ᠲᠠᠩ ᠤᠯᠠᠨ ᠤᠯᠤᠰ᠎ᠤᠨ ᠲᠣᠭ᠍ᠲᠠᠬᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠎ᠶ᠋ᠢᠨ ᠲᠥᠯᠥᠪᠯᠡᠭᠡ᠎ᠶ᠋ᠢᠨ ᠡᠵᠡᠩᠨᠡᠨ ᠪᠣᠷᠣᠯᠠᠭᠤᠯᠬᠤ ᠬᠡᠯᠲᠡᠰ᠎ᠤᠨ ᠳᠡᠳ᠋ ᠡᠷᠬᠢᠯᠡᠭ᠌ᠴᠢ ᠱᠢᠶᠠ ᠬᠠᠢ ᠪᠥᠸᠧ ᠲᠠᠨᠢᠯᠴᠠᠭᠤᠯᠬᠤ᠎ᠳᠤ᠎ᠪᠠᠨ᠄ 《ᠱᠢᠨ᠎ᠡ ᠨᠢᠭᠡ ᠦᠶ᠎ᠡ᠎ᠶ᠋ᠢᠨ ᠨᠡᠭᠦᠷᠡᠰᠦ ᠴᠠᠬᠢᠯᠭᠠᠨ᠎ᠤ ᠶᠡᠷᠦᠩᠬᠡᠢᠯᠡᠭ᠌ᠰᠡᠨ ᠡᠨᠧᠷᠭᠢ᠎ᠶ᠋ᠢᠨ ᠰᠠᠭᠤᠷᠢᠨ ᠭᠠᠵᠠᠷ ᠵᠢᠴᠢ ᠬᠦᠷᠢᠶᠡᠯᠡᠩ ᠲᠣᠭᠤᠷᠢᠭ᠎ᠤᠨ 〈ᠡᠨᠧᠷᠭᠢ᠎ᠶ᠋ᠢᠨ ᠠᠷᠠᠯ〉 ᠎ᠤᠨ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠣᠷᠣᠨ ᠪᠦᠰᠡ᠎ᠶ᠋ᠢᠨ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ ᠪᠣᠯᠤᠨ ᠠᠵᠤ ᠠᠬᠤᠢ ᠨᠡᠢᠭᠡᠮ᠎ᠤᠨ ᠦᠷᠭᠦᠯᠵᠢᠯᠡᠬᠦ᠌ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ》  ᠭᠡᠪᠡ᠃

  《ᠠᠷᠪᠠᠨ ᠲᠠᠪᠤᠳᠤᠭᠠᠷ ᠲᠠᠪᠤᠨ ᠵᠢᠯ》 ᠎ᠳᠤ ᠣᠷᠣᠵᠤ᠂ ᠲᠣᠭ᠍ᠲᠠᠬᠤ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠨᠢ 《ᠣᠢᠷ᠎ᠠ᠎ᠶᠢ ᠪᠠᠶᠠᠰᠬᠠᠵᠤ ᠬᠤᠯᠠ᠎ᠶᠢ ᠵᠣᠷᠢᠬᠤ》 ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠪᠥᠬᠦ᠌ ᠬᠦᠴᠦᠨ᠎ᠢᠶᠠᠷ᠎ᠢᠶᠠᠨ ᠪᠣᠶ ᠪᠣᠯᠭᠠᠵᠤ᠂ ᠱᠢᠨ᠎ᠡ ᠡᠨᠧᠷᠭᠢ᠂ ᠣᠲᠣ ᠦᠶ᠎ᠡ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠯᠠᠬᠤ ᠠᠵᠤ ᠦᠢᠯᠡᠰ᠎ᠤᠨ ᠬᠡᠯᠬᠢᠶ᠎ᠡ᠎ᠶ᠋ᠢᠨ ᠮᠠᠶᠢᠭ᠎ᠤᠨ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠣᠷᠣᠨ᠎ᠤ ᠲᠥᠪ ᠬᠤᠲᠠ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃

 

 

   ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            