ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠵᠤ ᠦᠢᠯᠡᠰ᠎ᠤᠨ ᠬᠥᠭ᠌ᠵᠢᠯᠲᠡ — ᠥᠪᠥᠷ ᠮᠣᠩᠭᠤᠯ ᠠᠯᠠᠱᠢᠨ ᠦᠬᠡᠷ᠎ᠤᠨ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭᠳᠡᠭᠦᠯᠵᠦ ᠲᠠᠯ᠎ᠠ ᠨᠤᠲᠤᠭ᠎ᠤᠨ 《 ᠮᠢᠬᠠᠨ᠎ᠤ ᠬᠥᠮᠥᠷᠭᠡ 》 ᠨᠢ ᠵᠠᠬ᠎ᠠ ᠳᠡᠯᠭᠡᠭᠦᠷ᠎ᠲᠦ ᠠᠰᠢᠭ᠋ ᠬᠦᠷᠲᠡᠭᠡᠨ᠎ᠡ
ᠨᠡᠶ᠋ᠢᠲᠡᠯᠡᠭᠰᠡᠨ ᠴᠠᠭ᠄ 2026-01-07

  ᠥᠪᠥᠷ ᠮᠣᠩᠭᠣᠯ ᠨᠢ ᠳᠤᠮᠳᠠᠳᠤ ᠤᠯᠤᠰ᠎ᠤᠨ 《ᠠᠮᠤ ᠪᠤᠳᠠᠭᠠᠨ᠎ᠤ ᠬᠥᠮᠥᠷᠭᠡ》᠂ 《ᠮᠢᠬᠠᠨ᠎ᠤ ᠬᠥᠮᠥᠷᠭᠡ》᠂ 《ᠰᠠᠭ᠋ᠠᠯᠢ᠎ᠶᠢᠨ ᠰᠠᠩ》  ᠬᠡᠮᠡᠭᠳᠡᠭᠰᠡᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠦᠭᠦᠳᠡ ᠬᠤᠷᠠᠯ᠎ᠠᠴᠠ ᠳᠤᠷᠠᠳᠤᠭ᠍ᠰᠠᠨ ᠨᠢ᠂ ᠥᠪᠥᠷ ᠮᠣᠩᠭᠣᠯ ᠨᠢ ᠲᠠᠷᠢᠶᠠᠯᠠᠩ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠦᠨ ᠴᠢᠬᠤᠯᠠ ᠰᠠᠭᠤᠷᠢᠨ ᠭᠠᠵᠠᠷ᠎ᠢ ᠪᠦᠲᠦᠭᠡᠨ ᠪᠠᠢᠭᠤᠯᠬᠤ ᠬᠡᠷᠡᠭ᠌ᠲᠡᠶ᠃ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠥᠪᠥᠷ ᠮᠣᠩᠭᠤᠯ ᠠᠯᠠᠱᠢᠨ ᠦᠬᠡᠷ᠎ᠤᠨ ᠠᠵᠤ ᠦᠢᠯᠡᠰ᠎ᠤᠨ ᠲᠡᠵᠢᠭᠡᠯ ᠡᠪᠡᠰᠦ ᠳᠠᠷᠢᠬᠤ᠎ᠠᠴᠠ ᠨᠠᠷᠢᠯᠢᠭ ᠡᠳ᠋ᠱᠢᠭᠦᠯᠬᠦ᠌ ᠬᠦᠷᠲᠡᠯ᠎ᠡ᠂ ᠣᠷᠣᠨ ᠪᠦᠰᠡ᠎ᠶ᠋ᠢᠨ ᠬᠠᠩᠭᠠᠯᠭ᠎ᠠ᠎ᠠᠴᠠ ᠪᠥᠬᠦ᠌ ᠤᠯᠤᠰ᠎ᠤᠨ ᠪᠠᠢᠷᠢᠱᠢᠭᠤᠯᠤᠯᠲᠠ ᠪᠥᠬᠦ᠌ ᠬᠡᠯᠬᠢᠶ᠎ᠡ᠎ᠶ᠋ᠢᠨ ᠲᠠᠰ ᠳᠡᠪᠱᠢᠬᠦ᠌᠎ᠶ᠋ᠢ ᠠᠬᠢᠭᠤᠯᠪᠠ᠃

  ᠬᠠᠬᠢᠷ ᠡᠪᠦᠯ᠎ᠦᠨ ᠤᠯᠠᠷᠢᠯ ᠪᠣᠯ ᠠᠯᠠᠰᠢᠨ ᠦᠬᠡᠷ᠎ᠦᠨ ᠪᠣᠷᠳᠣᠵᠤ ᠲᠠᠷᠭᠤᠯᠠᠭᠤᠯᠬᠤ ᠰᠢᠵᠢᠷ ᠠᠯᠲᠠᠨ ᠬᠤᠭᠤᠴᠠᠭ᠎ᠠ ᠪᠣᠯᠣᠨ᠎ᠠ᠃ ᠰᠤᠷᠪᠤᠯᠵᠢᠯᠠᠭ᠍ᠴᠢ ᠲᠦᠩᠯᠢᠶᠣᠤ ᠬᠤᠲᠠ᠎ᠶ᠋ᠢᠨ ᠵᠠᠷᠤᠳ ᠬᠤᠱᠢᠭᠤᠨ᠎ᠤ ᠳ᠋ᠧ ᠶᠢᠩ ᠮᠠᠯ ᠠᠵᠤ ᠠᠬᠤᠶ᠎ᠶ᠋ᠢᠨ ᠲᠡᠵᠢᠭᠡᠨ ᠦᠷᠡᠵᠢᠭᠦᠯᠬᠦ᠌ ᠲᠠᠯᠠᠪᠠᠶ᠎ᠳᠤ ᠬᠦᠷᠬᠦ᠌᠎ᠳᠤ᠂ ᠪᠠᠷᠢᠮᠵᠢᠶᠠᠵᠢᠭ᠍ᠰᠠᠨ ᠦᠬᠡᠷ᠎ᠤᠨ ᠬᠠᠱᠢᠶ᠎ᠠ ᠰᠠᠷᠠᠪᠴᠢ ᠨᠢ ᠴᠡᠪᠡᠷ ᠴᠡᠮᠴᠡᠭᠡᠷ᠂ ᠭᠠᠵᠠᠷ᠎ᠤᠨ ᠭᠠᠳᠠᠷᠭᠤ ᠨᠢ ᠴᠡᠪᠡᠷ ᠲᠡᠭ᠌ᠰᠢ ᠪᠠᠢᠵᠤ᠂ ᠡᠪᠡᠰᠦ ᠪᠣᠷᠳᠤᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ ᠠᠳᠠᠯᠢᠳᠭᠠᠵᠤ᠂ ᠲᠣᠭ᠍ᠲᠠᠮᠠᠯ ᠪᠦᠯᠢᠶᠡᠨ ᠬᠠᠯᠠᠭᠤᠨ ᠤᠰᠤ᠎ᠶ᠋ᠢ ᠲᠠᠰᠤᠯᠳᠠᠭᠤᠯᠬᠤ ᠥᠬᠡᠶ ᠪᠠᠢᠵᠤ᠂ ᠠᠯᠠᠰᠢᠨ ᠦᠬᠡᠷ᠎ᠦᠨ ᠦᠰᠦ ᠨᠢ ᠭᠢᠯᠲᠦᠭᠡᠨᠡᠵᠦ᠂ ᠲᠠᠷᠭᠤ ᠬᠦᠴᠦ ᠰᠠᠢᠲᠠᠢ ᠪᠠᠢ᠌ᠵᠠᠢ᠃ 

  ᠳ᠋ᠧ ᠶᠢᠩ ᠮᠠᠯ ᠠᠵᠤ ᠠᠬᠤᠶ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢᠨ ᠬᠠᠷᠢᠭᠤᠴᠠᠯᠭᠠᠲᠠᠨ ᠴᠧᠨ ᠢᠦᠶ ᠵᠥᠩ᠄ 《ᠦᠬᠡᠷ᠎ᠤᠨ ᠢᠳᠡᠬᠦ᠌ ᠬᠡᠮᠵᠢᠶ᠎ᠡ᠂ ᠦᠬᠡᠷ᠎ᠤᠨ ᠪᠠᠭᠠᠰᠤ ᠱᠢᠭᠡᠰᠦ᠂ ᠲᠡᠭᠦᠨ᠎ᠤ ᠱᠢᠩᠭᠡᠭᠡᠨ ᠠᠪᠤᠭ᠍ᠰᠠᠨ ᠴᠠᠭ᠎ᠨᠢ ᠰᠠᠢᠨ ᠡᠰᠡᠬᠦ᠌᠂ ᠢᠳᠡᠰᠢᠯᠡᠬᠦ ᠴᠠᠭ᠎ᠢ ᠦᠨᠳᠦᠰᠦᠯᠡᠨ᠂ ᠣᠯᠠᠨ ᠲᠠᠯ᠎ᠠ᠎ᠪᠠᠷ (ᠪᠣᠳᠣᠯᠬᠢᠯᠠᠬᠤ) ᠬᠡᠷᠡᠭ᠌ᠲᠡᠢ᠂ ᠡᠢᠮᠦ᠍᠎ᠠᠴᠠ ᠬᠦᠷᠢᠶ᠎ᠡ ᠬᠤᠪᠢᠶᠠᠨ ᠲᠡᠵᠢᠭᠡᠵᠦ᠍᠂ ᠲᠡᠳᠡᠨ᠎ᠤ ᠪᠡᠶ᠎ᠡ᠎ᠶ᠋ᠢᠨ ᠬᠦᠨᠳᠦ᠍᠎ᠨᠢ ᠳᠤᠮᠳᠠᠴᠢ᠎ᠪᠠᠷ 10kg ᠣᠷᠴᠢᠮ ᠥᠰᠴᠡᠶ》 ᠭᠡᠵᠦ᠍ ᠢᠯᠡᠳᠭᠡᠪᠡ᠃

  ᠥᠪᠥᠷ ᠮᠣᠩᠭᠤᠯ᠎ᠤᠨ ᠮᠧᠩ ᡁᠢ ᠨᠢᠦ ᠢᠳᠡᠭᠡᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ᠂ ᠤᠶᠤᠨᠴᠢᠯᠠᠭ᠍ᠰᠠᠨ ᠦᠢᠯᠡᠳᠪᠦᠷᠢᠯᠡᠯ᠎ᠤᠨ ᠱᠤᠭᠤᠮ᠎ᠢ ᠲᠦᠷᠭᠡᠨ ᠠᠵᠢᠯᠯᠠᠭᠤᠯᠵᠤ᠂ ᠱᠢᠨ᠎ᠡ ᠰᠣᠷᠭᠤᠭ ᠦᠬᠡᠷ᠎ᠤᠨ ᠮᠢᠬ᠎ᠠ᠎ᠶ᠋ᠢ ᠨᠠᠷᠢᠯᠢᠭ ᠡᠳ᠋ᠱᠢᠭᠦᠯᠬᠦ᠌᠎ᠪᠠᠷ ᠳᠠᠮᠵᠢᠨ᠂ ᠦᠬᠡᠷ᠎ᠤᠨ ᠪᠣᠷᠴᠠ᠂ ᠱᠢᠭᠦᠰᠦ᠎ᠶ᠋ᠢᠨ ᠪᠦᠲᠦᠭᠡᠭ᠌ᠳᠡᠬᠦᠨ ᠵᠡᠷᠭᠡ ᠪᠣᠷᠣᠯᠠᠭᠤᠯᠭ᠎ᠠ ᠰᠠᠢᠲᠠᠢ ᠲᠠᠸᠠᠷ ᠪᠣᠯᠵᠠᠢ᠃ ᠴᠠᠭᠠᠨ ᠰᠠᠷ᠎ᠠ ᠣᠢᠷᠠᠳᠭᠤ᠎ᠶ᠋ᠢ ᠳᠠᠭᠠᠯᠳᠤᠨ᠂ ᠠᠵᠤ ᠠᠬᠤᠢᠯᠠᠯ᠎ᠤᠨ ᠡᠳᠦᠷ ᠪᠦᠷᠢ᠎ᠶ᠋ᠢᠨ ᠱᠢᠨ᠎ᠡ ᠰᠣᠷᠭᠤᠭ ᠦᠬᠡᠷ᠎ᠤᠨ ᠮᠢᠬ᠎ᠠ 15 ᠲᠣᠨ ᠪᠣᠯᠪᠠᠰᠤᠷᠠᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠪᠴᠢᠶ᠎ᠡ ᠦᠷᠭᠦᠯᠵᠢᠯᠡᠨ ᠳᠡᠭᠡᠭ᠌ᠰᠢᠯᠡᠪᠡ᠃

  ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠰᠡᠴᠡᠨᠪᠠᠲᠦ᠄ 《ᠠᠵᠢᠯᠴᠢᠳ ᠡᠳᠦᠷ ᠪᠦᠷᠢ ᠴᠠᠭ ᠨᠡᠮᠡᠵᠦ᠍ ᠠᠵᠢᠯᠯᠠᠨ ᠦᠢᠯᠡᠳᠪᠤᠷᠢᠯᠡᠵᠦ᠍ ᠪᠠᠢᠨ᠎ᠠ᠂ ᠪᠢᠳᠡ ᠣᠳᠣ ᠰᠠᠷ᠎ᠠ ᠪᠦᠷᠢ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠪᠴᠢᠶ᠎ᠡ ᠦᠨᠳᠦᠰᠦᠨ᠎ᠳᠡᠭᠡᠨ 3000 ᠲᠦᠮᠡᠨ ᠲᠥᠭᠦᠷᠢᠭ᠎ᠠᠴᠠ ᠳᠡᠭᠡᠭ᠌ᠰᠢ ᠬᠦᠷᠴᠦ ᠪᠠᠢ᠌ᠨ᠎ᠠ》 ᠭᠡᠵᠦ᠍ ᠬᠡᠯᠡᠪᠡ᠃

  ᠲᠡᠵᠢᠭᠡᠯ ᠡᠪᠡᠰᠦ ᠳᠠᠷᠢᠬᠤ᠎ᠠᠴᠠ ᠠᠪᠤᠭᠠᠳ ᠠᠯᠠᠱᠢᠨ ᠦᠬᠡᠷ ᠲᠡᠵᠢᠭᠡᠨ ᠦᠷᠡᠵᠢᠭᠦᠯᠬᠦ᠂ ᠨᠠᠷᠢᠯᠢᠭ ᠡᠳ᠋ᠱᠢᠭᠦᠯᠦᠨ ᠪᠣᠷᠣᠯᠠᠭᠤᠯᠬᠤ ᠬᠦᠷᠲᠡᠯ᠎ᠡ᠂ ᠲᠦᠩᠯᠢᠶᠣᠤ ᠬᠤᠲᠠ ᠠᠯᠠᠱᠢᠨ ᠦᠬᠡᠷ᠎ᠤᠨ ᠠᠵᠤ ᠦᠢᠯᠡᠰ᠎ᠤᠨ ᠳᠡᠭᠡᠳᠦ ᠳᠣᠤᠷᠠᠳᠤ ᠤᠷᠤᠰᠭᠠᠯ᠎ᠤᠨ ᠭᠤᠭ᠍ᠴᠤᠭ᠎ᠠ᠎ᠶ᠋ᠢ ᠨᠡᠪᠲᠡᠷᠡᠭᠦᠯᠵᠦ᠍᠂ ᠴᠢᠨᠠᠷ ᠰᠠᠢᠲᠠᠶ ᠠᠯᠠᠱᠢᠨ ᠦᠬᠡᠷ᠎ᠢ ᠨᠠᠷᠢᠯᠢᠭ ᠡᠳ᠋ᠱᠢᠭᠦᠯᠦᠭ᠌ᠰᠡᠨ ᠪᠦᠲᠦᠭᠡᠭ᠌ᠳᠡᠬᠦᠨ᠎ᠢ ᠠᠮᠵᠢᠯᠲᠠ᠎ᠲᠠᠢ ᠪᠣᠯᠭᠠᠵᠤ᠂ ᠦᠬᠡᠷ᠎ᠤᠨ ᠮᠢᠬ᠎ᠠ᠎ᠶ᠋ᠢ ᠣᠷᠳᠣ ᠬᠤᠭᠤᠴᠠᠭ᠎ᠠ᠎ᠪᠠᠷ ᠵᠠᠷᠢᠮ ᠨᠠᠷᠠᠲᠤ ᠢᠳᠡᠭᠡᠨ ᠤᠮᠳᠠᠭᠠᠨ᠎ᠤ ᠠᠵᠤ ᠠᠬᠤᠢᠯᠠᠯ᠎ᠢ ᠲᠣᠭ᠍ᠲᠠᠭᠤᠨ᠎ᠢᠶᠠᠷ ᠬᠠᠩᠭᠠᠬᠤ᠎ᠶ᠋ᠢᠨ ᠬᠠᠮᠲᠤ ᠱᠢᠶᠠᠩᠭᠠᠩ᠎ᠤᠨ ᠵᠠᠬ᠎ᠠ ᠳᠡᠯᠭᠡᠭᠦᠷ᠎ᠲᠤ ᠠᠮᠵᠢᠯᠲᠠᠲᠠᠶ ᠣᠷᠣᠭᠤᠯᠵᠤ᠂ ᠬᠡᠰᠡᠭ ᠪᠦᠲᠦᠭᠡᠭ᠌ᠳᠡᠬᠦᠨ᠎ᠢ ᠪᠠᠰᠠ ᠱᠠᠩᠬᠠᠶ᠎ᠶ᠋ᠢᠨ ᠬᠤᠳᠠᠯᠳᠤᠭᠠᠨ᠎ᠤ ᠬᠡᠲᠦ ᠳᠡᠯᠭᠡᠭᠦᠷ᠎ᠤᠨ ᠲᠠᠪᠴᠠᠩ᠎ᠳᠤ ᠣᠷᠣᠭᠤᠯᠤᠭ᠍ᠰᠠᠨ ᠪᠠᠢᠨ᠎ᠠ᠃ ᠳ᠋ᠡᠢ᠌ᠲ᠋ᠠ᠎ᠳᠤ ᠢᠯᠡᠷᠡᠭᠦᠯᠦᠭ᠌ᠰᠡᠨ᠎ᠢᠶᠠᠷ᠂ 2025 ᠣᠨ᠎ᠤ ᠲᠦᠷᠦᠭᠦᠤ ᠭᠤᠷᠪᠠᠨ ᠤᠯᠠᠷᠢᠯ᠎ᠳᠤ᠂ ᠥᠪᠥᠷ ᠮᠣᠩᠭᠤᠯ᠎ᠤᠨ ᠠᠯᠠᠱᠢᠨ ᠦᠬᠡᠷ᠎ᠤᠨ ᠲᠤᠭ᠎ᠠ 882.1 ᠲᠦᠮᠡᠨ ᠲᠤᠯᠤᠭ᠋ᠠᠢ᠂ ᠠᠯᠠᠰᠢᠨ᠎ᠳᠤ ᠭᠠᠷᠭ᠋ᠠᠭᠰᠠᠨ ᠨᠢ 354.5 ᠲᠦᠮᠡᠨ ᠲᠤᠯᠤᠭ᠋ᠠᠢ᠂ ᠦᠬᠡᠷ᠎ᠤᠨ ᠮᠢᠬᠠᠨ᠎ᠤ ᠭᠠᠷᠤᠯᠲᠠ 57.5 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 12.4%᠂ 3.7%᠂ 11.7% ᠎ᠪᠠᠷ ᠨᠡᠮᠡᠭ᠌ᠳᠡᠪᠡ᠃ ᠳ᠋ᠡᠢ᠌ᠲ᠋ᠠ᠎ᠶᠢᠨ ᠠᠷᠤ᠎ᠳᠤ᠂ ᠥᠪᠥᠷ ᠮᠣᠩᠭᠤᠯ᠎ᠤᠨ ᠮᠠᠯ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠤᠳᠣᠯᠭ᠎ᠠ ᠪᠣᠯᠤᠨ᠎ᠠ᠃

  《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ 《ᠮᠢᠬᠠᠨ᠎ᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠦᠷᠢᠮ》 ᠎ᠢ ᠲᠣᠭ᠍ᠲᠠᠭᠠᠵᠤ᠂ ᠲᠥᠬᠦᠭᠡᠷᠦᠮᠵᠢᠲᠦ ᠮᠠᠯ ᠠᠵᠤ ᠠᠬᠤᠶ᠂ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠠᠯᠢ ᠣᠯᠠᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠢᠵᠢ ᠪᠥᠷᠢᠳᠦᠭᠦᠯᠦᠨ ᠨᠡᠢᠲᠡᠯᠡᠵᠦ᠍᠂ ᠡᠳ᠋᠎ᠤᠨ ᠵᠠᠰᠠᠭ᠎ᠤᠨ ᠪᠠᠯᠠ ᠮᠥᠩᠭᠦ᠎ᠶ᠋ᠢ 60 ᠳ᠋ᠦᠩᠱᠢᠭᠤᠷ ᠲᠥᠭᠦᠷᠢᠭ ᠣᠷᠣᠭᠤᠯᠪᠠ᠃

  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠲᠢᠩᠬᠢᠮ᠎ᠤᠨ ᠳᠡᠳ᠋ ᠳᠠᠷᠤᠭ᠎ᠠ ᠬᠠᠶ ᠱᠠᠨ ᠢᠯᠡᠷᠬᠡᠢᠯᠡᠬᠦ᠌᠎ᠳᠡᠭᠡᠨ᠄ 《ᠠᠯᠠᠱᠢᠨ ᠦᠬᠡᠷ᠂ ᠠᠯᠠᠱᠢᠨ ᠬᠤᠨᠢ᠎ᠶ᠋ᠢ 〈ᠬᠤᠶᠠᠷ ᠵᠠᠭᠤᠨ ᠲᠦᠮᠡ〉 ᠪᠣᠷᠳᠣᠵᠤ ᠲᠠᠷᠭᠤᠯᠠᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠪᠥᠬᠦ᠌ ᠣᠷᠣᠨ᠎ᠤ ᠭᠤᠤᠯ ᠪᠣᠯᠬᠤ ᠮᠢᠬᠠᠨ᠎ᠤ ᠲᠥᠷᠥᠯ᠎ᠤᠨ ᠭᠠᠷᠤᠯᠲᠠ 300.8 ᠲᠦᠮᠡᠨ ᠲᠣᠨ᠎ᠳᠤ ᠬᠥᠷᠪᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠠᠭᠤᠰᠤᠯᠴᠠᠨ ᠬᠥᠭ᠌ᠵᠢᠬᠦ᠌᠎ᠶ᠋ᠢ ᠬᠦᠴᠦᠲᠡᠶ ᠠᠬᠢᠭᠤᠯᠵᠤ᠂ ᠥᠪᠥᠷ ᠮᠣᠩᠭᠤᠯ᠎ᠤᠨ ᠦᠬᠡᠷ ᠬᠤᠨᠢᠨ ᠮᠢᠬᠠᠨ᠎ᠤ ᠠᠷᠠᠯᠵᠢᠶᠠᠨ᠎ᠤ ᠲᠥᠪ᠎ᠢ ᠪᠥᠲᠥᠭᠡᠨ ᠪᠠᠢᠭᠤᠯᠬᠤ᠎ᠶ᠋ᠢ ᠠᠬᠢᠭᠤᠯᠵᠤ᠂ ᠪᠥᠬᠦ᠌ ᠤᠯᠤᠰ᠎ᠲᠤ ᠨᠠᠷᠠᠲᠤ ᠲᠡᠮᠳᠡᠭ᠎ᠦᠨ ᠡᠵᠡᠩᠨᠡᠨ ᠪᠣᠷᠣᠯᠠᠭᠤᠯᠬᠤ ᠲᠥᠪ᠎ᠢ 23 ᠪᠠᠢᠭᠤᠯᠵᠤ᠂ 3 ᠤᠷᠢᠳᠠᠴᠢ ᠬᠥᠮᠥᠷᠭᠡ᠎ᠶ᠋ᠢ ᠪᠠᠢᠭᠤᠯᠵᠤ᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠯᠠᠪᠳᠠᠭᠤᠨ᠎ᠢᠶᠠᠷ ᠥᠷᠭᠡᠳᠭᠡᠨ᠎ᠡ》 ᠭᠡᠵᠡᠶ᠃

  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭᠠᠨ᠎ᠤ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠠᠴᠠ᠂ ᠲᠠᠷᠢᠶᠠᠯᠠᠩ ᠮᠠᠯ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ᠎ᠢ ᠪᠦᠳᠦᠭᠡᠨ ᠪᠠᠢᠭᠤᠯᠵᠤ᠂ ᠲᠠᠯᠠᠪᠠᠢ ᠨᠢᠭᠡᠴᠢ᠎ᠶ᠋ᠢᠨ ᠭᠠᠷᠤᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠨᠠᠷᠢᠯᠢᠭ ᠭᠦᠨᠵᠡᠭᠡᠢ ᠡᠳ᠋ᠱᠢᠭᠦᠯᠬᠦ᠌᠎ᠶ᠋ᠢ ᠶᠡᠬᠡᠪᠡᠷ ᠠᠬᠢᠭᠤᠯᠵᠤ᠂ ᠲᠦᠷᠦᠯ ᠲᠡᠮᠳᠡᠭ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ᠎ᠶ᠋ᠢᠨ ᠲᠤᠮᠤ ᠣᠷᠣᠨ᠎ᠠᠴᠠ ᠲᠠᠷᠢᠶᠠᠯᠠᠩ ᠮᠠᠯ ᠠᠵᠤ ᠠᠬᠤᠢ᠎ᠶ᠋ᠢᠨ ᠬᠦᠴᠦᠷᠬᠡᠭ ᠣᠷᠣᠨ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ 2026 ᠣᠨ᠎ᠳᠤ᠂ ᠥᠪᠥᠷ ᠮᠣᠩᠭᠤᠯ ᠲᠠᠷᠢᠶᠠᠯᠠᠩ ᠲᠤᠰᠠᠯᠠᠬᠤ ᠢᠳᠡᠭᠡᠨ ᠡᠳ᠋ᠱᠢᠭᠦᠯᠬᠦ᠌ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠥᠷᠨᠢᠭᠦᠯᠵᠦ᠍᠂ ᠵᠢᠭᠡᠯᠡᠯᠭᠡ᠎ᠶ᠋ᠢᠨ ᠳᠠᠮ ᠬᠦᠦ᠂ ᠱᠠᠩᠨᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠠᠯᠠᠱᠢᠨ ᠦᠬᠡᠷ ᠡᠳ᠋ᠱᠢᠭᠦᠯᠬᠦ᠌ ᠠᠵᠤ ᠠᠬᠤᠢᠯᠠᠯ᠎ᠤᠨ ᠬᠥᠭ᠌ᠵᠢᠨ ᠪᠤᠵᠠᠭᠠᠢᠷᠠᠬᠤ᠎ᠶ᠋ᠢ ᠳᠡᠮᠵᠢᠨ᠎ᠡ᠃ 

  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠤᠨ ᠠᠵᠤ ᠦᠶ᠋ᠯᠡᠰ᠎ᠤᠨ ᠭᠠᠵᠠᠷ᠎ᠤᠨ ᠭᠤᠷᠪᠠᠳᠤᠭᠠᠷ ᠳᠡᠰ᠎ᠤᠨ ᠡᠷᠬᠢᠯᠡᠭ᠌ᠴᠢ ᠭᠡᠱᠢᠭᠦᠴᠢ ᠯᠢ ᠹᠦ᠋ ᠵᠢᠤᠸᠠᠨ ᠬᠡᠯᠡᠭ᠌ᠰᠡᠨ᠎ᠨᠢ᠄ 《 ᠳᠤᠲᠤᠭ᠋ᠠᠳᠦ᠎ᠳᠤ᠎ᠪᠠᠨ᠂ ᠥᠪᠥᠷ ᠮᠣᠩᠭᠤᠯ᠎ᠤᠨ ᠦᠬᠡᠷ ᠪᠠ ᠬᠤᠨᠢᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠢ ᠰᠠᠢᠲᠤᠷ ᠡᠵᠡᠩᠨᠡᠵᠦ᠍᠂ ᠪᠥᠬᠦ᠌ ᠤᠯᠤᠰ᠎ᠤᠨ ᠠᠯᠠᠱᠢᠨ ᠦᠬᠡᠷ᠎ᠤᠨ ᠦᠨ᠎ᠡ ᠲᠣᠭ᠍ᠲᠠᠭᠠᠬᠤ ᠲᠥᠪ᠎ᠢ ᠪᠦᠷᠢᠯᠳᠦᠭᠦᠯᠦᠨ᠎ᠡ᠃ ᠭᠠᠳᠠᠭᠠᠳᠤ᠎ᠳᠤ᠂ ᠤᠯᠠᠨ ᠲᠦᠮᠡᠨᠴᠢᠯᠡᠭ᠌ᠰᠡᠨ ᠪᠠᠢᠷᠢᠱᠢᠭᠤᠯᠤᠯᠲᠠ᠎ᠶ᠋ᠢᠨ ᠠᠯᠠᠱᠢᠨ ᠦᠬᠡᠷ᠎ᠤᠨ ᠪᠣᠷᠣᠯᠠᠭᠤᠯᠭ᠎ᠠ᠎ᠶ᠋ᠢᠨ ᠲᠣᠣᠷ᠎ᠢ ᠪᠠᠢᠭᠤᠯᠤᠨ᠎ᠠ᠃ ᠥᠪᠥᠷ ᠮᠣᠩᠭᠤᠯ ᠭᠤᠸᠠᠩᠳᠦ᠋ᠩ᠎ᠢ 〈ᠤᠮᠠᠷᠠᠲᠤ ᠎ᠶᠢᠨ ᠦᠬᠡᠷ᠎ᠢ ᠡᠮᠦᠨᠡᠰᠢ᠎ᠪᠠᠨ ᠲᠡᠭᠡᠭᠡᠪᠦᠷᠢᠯᠡᠬᠦ᠂ ᠤᠮᠠᠷᠠᠲᠤ᠎ᠶ᠋ᠢᠨ ᠮᠢᠬ᠎ᠠ᠎ᠶ᠋ᠢ ᠡᠮᠦᠨᠡᠲᠦ᠎ᠳᠦ ᠬᠡᠷᠡᠭ᠌ᠯᠡᠬᠦ᠌〉 ᠭᠦᠨᠵᠡᠭᠡᠶ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠠᠮᠢᠳᠤ ᠦᠬᠡᠷ᠎ᠢ ᠭᠤᠸᠠᠩᠳᠦ᠋ᠩ᠎ᠳᠤ ᠬᠠᠨᠳᠤᠯᠭ᠎ᠠ᠎ᠲᠠᠢ᠎ᠪᠠᠷ ᠬᠠᠩᠭᠠᠬᠤ ᠲᠣᠭ᠍ᠲᠠᠴᠠ ᠪᠠ ᠵᠠᠭ᠍ᠪᠤᠷ᠎ᠢ ᠲᠡᠭᠦᠯᠳᠡᠷᠵᠢᠭᠦᠯᠵᠦ᠍᠂ ᠱᠢᠯᠢᠳᠡᠭ ᠰᠠᠢᠨ ᠦᠨ᠎ᠡ᠎ᠶ᠋ᠢ ᠪᠡᠶᠡᠯᠡᠭᠦᠯᠦᠨ᠎ᠡ》  ᠭᠡᠪᠡ᠃

 

 

   ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            