ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠯᠧᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ ᠭᠡᠷ ᠠᠬᠤᠢ ᠵᠢᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠤᠭᠤᠯᠬᠤ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-03-07

  61 ᠳ᠋ᠤᠭᠡᠷ 《ᠯᠸᠢ ᠹᠧᠩ᠎ᠠᠴᠠ ᠰᠤᠷᠤᠯᠴᠠᠬᠤ ᠳᠤᠷᠠᠰᠬᠠᠯ᠎ᠤᠨ ᠡᠳᠦᠷ》 ᠪᠣᠯᠤᠨ 25 ᠳ᠋ᠤᠭ᠋ᠠᠷ 《ᠳᠤᠮᠳᠠᠳᠤ ᠤᠯᠤᠰ᠎ᠤᠨ ᠵᠠᠯᠠᠭᠤ ᠰᠠᠶ᠋ᠢᠨ ᠲᠤᠷᠠᠴᠤᠳ᠎ᠤᠨ ᠦᠢ᠍ᠯᠡᠴᠢᠯᠡᠭᠡᠨ᠎ᠤ ᠡᠳᠦᠷ》᠎ᠤᠨ ᠲᠠᠰᠢᠷᠠᠮ ᠵᠶ᠋ᠠᠷ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠯᠸᠢ ᠹᠧᠩ᠎ᠤᠨ ᠵᠣᠷᠢᠭ ᠰᠠᠨᠠᠭ᠎ᠠ ᠪᠣᠯᠤᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠵᠢᠯ᠎ᠢ ᠪᠠᠳᠠᠷᠠᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠭᠠᠵᠠᠷ ᠪᠣᠯᠤᠨ ᠭᠠᠳᠠᠭ᠋ᠠᠳᠤ ᠪᠡᠯᠡ ᠵᠢᠨ ᠭᠠᠵᠠᠷ᠎ᠤᠨ ᠨᠠᠮ᠎ᠤᠨ ᠡᠭᠦᠷ᠂ ᠠᠵᠢᠯᠯᠠᠭ᠋ᠠᠨ᠎ᠤ ᠭᠠᠵᠠᠷ᠎ᠤᠨ ᠨᠠᠮ᠎ᠤᠨ ᠡᠭᠦᠷ ᠤᠯᠠᠭ᠋ᠠᠨᠬᠠᠳᠠ ᠬᠤᠳᠠ ᠵᠢᠨ ᠺᠠᠩ ᠨᠠᠢ ᠰᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠎ᠳᠤ ᠬᠦᠷᠴᠦ᠂ 《ᠭᠡᠷ᠎ᠤᠨ ᠶᠠᠪᠤᠳᠠᠯ᠎ᠤᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠵᠢ ᠠᠬᠢᠭᠤᠯᠬᠤ ᠵᠢᠴᠢ ᠯᠸᠢ ᠹᠧᠩ᠎ᠠᠴᠠ ᠰᠤᠷᠤᠯᠴᠠᠬᠤ ᠠᠵᠢᠯᠯᠠᠭ᠎ᠠ》 ᠥᠷᠨᠢᠭᠦᠯᠵᠦ᠂ ᠲᠤᠬᠠᠢ ᠵᠢᠨ ᠲᠠᠯᠠᠪᠠᠢ᠎ᠳᠤ ᠠᠵᠤ ᠠᠬᠤᠶ᠋ᠢᠯᠠᠯ ᠭᠡᠷ ᠠᠬᠤᠢ ᠵᠢᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ᠂ ᠭᠡᠷ᠎ᠤᠨ ᠶᠠᠪᠤᠳᠠᠯ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ᠂ ᠨᠢᠭᠡ ᠮᠥᠴᠡ ᠵᠢᠨ ᠠᠷᠠᠳ᠎ᠲᠤ ᠲᠦᠬᠦᠮ ᠦᠵᠡᠭᠦᠯᠬᠦ ᠠᠮᠢᠳᠤᠷᠠᠯ᠎ᠤᠨ ᠲᠣᠭᠤᠷᠢᠭ ᠵᠡᠷᠭᠡ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠯᠸᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃


3.7-1-1.jpg


   ᠤᠯᠠᠭ᠋ᠠᠨᠬᠠᠳᠠ ᠬᠤᠲᠠ ᠵᠢᠨ ᠺᠠᠩ ᠨᠠᠢ ᠰᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠪᠣᠯ ᠬᠡᠷ ᠠᠬᠤᠶ ᠵᠢᠨ ᠦᠢ᠍ᠯᠡᠴᠢᠯᠡᠭᠡ᠂ ᠬᠡᠷ ᠠᠬᠤᠶ ᠵᠢᠨ ᠪᠣᠯᠪᠠᠰᠤᠷᠠᠯ᠂ ᠬᠡᠷ ᠠᠬᠤᠶ ᠵᠢᠨ ᠬᠠᠮᠢᠶᠠᠷᠤᠯᠲᠠ ᠵᠢ ᠨᠢᠭᠡ ᠴᠣᠭᠴᠠᠵᠢᠭᠤᠯᠤᠭᠰᠠᠨ ᠬᠡᠷ ᠠᠬᠤᠶ ᠵᠢᠨ ᠦᠢ᠍ᠯᠡᠴᠢᠯᠡᠭᠡᠨ᠎ᠤ ᠪᠣᠳᠠᠲᠤ ᠴᠣᠭᠴᠠ ᠵᠢᠨ ᠠᠵᠤ ᠠᠬᠤᠶ᠋ᠢᠯᠠᠯ ᠪᠣᠯᠤᠨ᠎ᠠ᠂ ᠪᠠᠰᠠ ᠴᠤ᠌ ᠤᠯᠠᠭ᠋ᠠᠨᠬᠠᠳᠠ ᠬᠤᠲᠠ ᠵᠢᠨ ᠬᠡᠷ ᠪᠦᠯᠢ ᠵᠢᠨ ᠦᠢ᠍ᠯᠡᠴᠢᠯᠡᠭᠡᠨ᠎ᠤ ᠨᠡᠶ᠋ᠢᠭᠡᠮᠯᠢᠭ᠎ᠤᠨ ᠳᠠᠷᠤᠭ᠎ᠠ ᠵᠢᠨ ᠨᠢᠭᠡᠴᠢ ᠪᠣᠯᠤᠨ᠎ᠠ᠂ ᠣᠳᠣᠬᠠᠨ᠎ᠳᠤ ᠤᠯᠠᠭ᠋ᠠᠨᠬᠠᠳᠠ ᠵᠢᠨ ᠺᠠᠩ ᠨᠠᠢ ᠰᠢᠨ ᠬᠡᠷ ᠠᠬᠤᠶ ᠵᠢᠨ ᠦᠢ᠍ᠯᠡᠴᠢᠯᠡᠭᠡᠨ᠎ᠤ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠂ ᠤᠯᠠᠭ᠋ᠠᠨᠬᠠᠳᠠ ᠬᠤᠲᠠ ᠵᠢᠨ ᠨᠡᠶ᠋ᠢᠭᠡᠮ ᠲᠣᠭᠤᠷᠢᠭ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ᠂ ᠤᠯᠠᠭ᠋ᠠᠨᠬᠠᠳᠠ ᠬᠤᠲᠠ ᠵᠢᠨ ᠬᠤᠩᠱ᠌ᠠᠨ ᠲᠣᠭᠤᠷᠢᠭ᠎ᠤᠨ ᠰᠢᠨ ᠢᠦᠶ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠰᠤᠷᠭ᠋ᠠᠭᠤᠯᠢ ᠵᠢᠨ ᠬᠢᠵᠠᠭ᠋ᠠᠷᠲᠤ ᠺᠣᠮᠫᠠᠨᠢ ᠵᠢᠴᠢ ᠤᠯᠠᠭ᠋ᠠᠨᠬᠠᠳᠠ ᠬᠤᠲᠠ ᠵᠢᠨ ᠰᠦᠩᠱ᠌ᠠᠨ ᠲᠣᠭᠤᠷᠢᠭ᠎ᠤᠨ ᠲᠦᠩ ᠪᠦᠦ ᠭᠤᠯᠢᠷ ᠪᠣᠯᠪᠠᠰᠤᠷᠠᠭᠤᠯᠬᠤ ᠦᠢ᠍ᠯᠡᠳᠪᠦᠷᠢ ᠪᠣᠯᠤᠨ᠎ᠠ᠃ 2023 ᠣᠨ᠎ᠳᠤ᠂ ᠺᠠᠩ ᠨᠠᠢ ᠰᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠨᠡᠶ᠋ᠢᠭᠡᠮ ᠲᠣᠭᠤᠷᠢᠭ᠎ᠤᠨ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠡᠭ᠎ᠢ 3 ᠰᠢᠨ᠎ᠡ᠎ᠪᠠᠷ ᠪᠠᠶ᠋ᠢᠭᠤᠯᠵᠤ᠂ ᠡᠷᠬᠢᠨ ᠲᠣᠭᠤᠷᠢᠨ᠎ᠤ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠲᠤ ᠨᠡᠩ ᠴᠢᠨᠠᠷ ᠰᠠᠶ᠋ᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠭᠡᠷ ᠠᠬᠤᠢ ᠵᠢᠨ ᠦᠢ᠍ᠯᠡᠴᠢᠯᠡᠭᠡ ᠬᠠᠩᠭ᠋ᠠᠬᠤ᠎ᠪᠠᠷ ᠴᠢᠷᠮᠠᠶ᠋ᠢᠵᠤ᠂ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠡᠴᠦᠰ᠎ᠤᠨ ᠨᠢᠭᠡ ᠺᠢᠯᠤᠮᠸᠲᠷ》᠎ᠢ ᠨᠡᠪᠲᠡᠷᠡᠭᠦᠯᠵᠦ᠂ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡ ᠵᠢ ᠤᠯᠠᠨ ᠲᠦᠮᠡᠨ᠎ᠤ ᠡᠭᠦᠳᠡᠨ᠎ᠳᠤ ᠬᠦᠷᠭᠡᠵᠦ᠂ ᠡᠷᠬᠢᠨ ᠲᠣᠭᠤᠷᠢᠨ᠎ᠤ ᠤᠯᠠᠨ ᠲᠦᠮᠡᠨ᠎ᠤ ᠵᠥᠪᠰᠢᠶᠡᠷᠡᠯ᠎ᠢ ᠤᠯᠪᠠ᠃


3.7-1-2.jpg


   ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠥᠬᠦᠶ ᠠᠵᠢᠯᠲᠠᠳ ᠤᠯᠠᠭ᠋ᠠᠨᠬᠠᠳᠠ ᠬᠤᠲᠠ ᠵᠢᠨ ᠬᠡᠷ ᠠᠬᠤᠶ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠦᠨᠳᠦᠰᠦᠨ ᠪᠠᠶ᠋ᠢᠳᠠᠯ ᠵᠢᠴᠢ ᠠᠵᠤ ᠠᠬᠤᠶ᠋ᠢᠯᠠᠯ᠎ᠤᠨ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠠᠰᠠᠭᠤᠳᠠᠯ ᠪᠠ ᠬᠦᠴᠢᠷᠳᠡᠯ᠎ᠢ ᠨᠠᠷᠢᠨ ᠣᠶ᠋ᠢᠯᠠᠭ᠋ᠠᠵᠤ᠂ 《ᠬᠡᠷ ᠠᠬᠤᠶ ᠵᠢᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ》 ᠠᠵᠢᠯᠯᠠᠭ᠋ᠠᠨ᠎ᠤ ᠵᠠᠭᠪᠤᠷ᠂ ᠦᠢ᠍ᠯᠡᠴᠢᠯᠡᠭᠡᠨ᠎ᠤ ᠠᠭᠤᠯᠭ᠎ᠠ ᠵᠢᠴᠢ ᠨᠡᠶ᠋ᠢᠭᠡᠮ ᠲᠣᠭᠤᠷᠢᠭ᠎ᠤᠨ ᠡᠬᠢ ᠪᠠᠶᠠᠯᠢᠭ᠂ ᠬᠡᠷ ᠠᠬᠤᠶ ᠵᠢᠨ ᠠᠵᠤ ᠠᠬᠤᠶ᠋ᠢᠯᠠᠯ᠎ᠤᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠭᠥᠷᠳᠡᠬᠦ ᠵᠢ ᠬᠡᠷᠬᠢᠨ ᠳᠥᠯᠭᠢᠨ ᠠᠬᠢᠭᠤᠯᠬᠤ᠂ ᠬᠡᠷ ᠠᠬᠤᠶ ᠵᠢᠨ ᠦᠢ᠍ᠯᠡᠴᠢᠯᠡᠭᠡ ᠵᠢ ᠥᠷᠭᠡᠨ ᠣᠯᠠᠨ ᠰᠠᠭᠤᠭ᠋ᠠᠯᠢ ᠠᠷᠠᠳ᠎ᠤᠨ ᠳᠡᠷᠭᠡᠳᠡ ᠬᠡᠷᠬᠢᠨ ᠬᠦᠷᠭᠡᠬᠦ ᠲᠤᠬᠠᠶ ᠶᠠᠷᠢᠯᠴᠠᠪᠠ᠃     ᠺᠠᠩ ᠨᠠᠢ ᠰᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠢᠯᠡᠷᠬᠡᠶ᠋ᠢᠯᠡᠬᠦ᠎ᠳᠡᠭᠡᠨ᠂ ᠠᠵᠤ ᠠᠬᠤᠶ᠋ᠢᠯᠠᠯ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ 《ᠯᠸᠢ ᠹᠧᠩ᠎ᠤᠨ ᠵᠣᠷᠢᠭ ᠰᠠᠨᠠᠭ᠎ᠠ ᠵᠢ ᠬᠥᠮᠦᠨ ᠪᠦᠬᠦᠨ ᠰᠤᠷᠤᠯᠴᠠᠵᠤ ; ᠬᠠᠶ᠋ᠢᠷ᠎ᠠ ᠬᠠᠯᠠᠮᠵᠢ᠎ᠪᠠᠨ ᠡᠷᠭᠦᠵᠦ᠂ ᠭᠠᠵᠠᠷ ᠪᠣᠯᠭ᠋ᠠᠨ᠎ᠳᠤ ᠬᠢᠵᠦ ᠪᠣᠯᠬᠤ》 ᠤᠷᠢᠶᠠᠯᠠᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠰᠠᠭᠤᠭ᠋ᠠᠯᠢ ᠠᠷᠠᠳ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠶᠠᠰᠤ ᠴᠢᠨᠠᠷ᠎ᠤᠨ ᠦᠢ᠍ᠯᠡᠴᠢᠯᠡᠭᠡ ᠵᠢ ᠴᠢᠩᠳᠠᠯᠠᠵᠤ᠂ ᠰᠠᠭᠤᠭ᠋ᠠᠯᠢ ᠠᠷᠠᠳ᠎ᠤᠨ ᠳᠡᠷᠭᠡᠳᠡᠬᠢ ᠴᠢᠨᠠᠷ ᠰᠠᠶ᠋ᠢᠲᠠᠶ ᠬᠡᠷ ᠠᠬᠤᠶ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠵᠦ᠂ ᠠᠵᠤ ᠠᠬᠤᠶ᠋ᠢᠯᠠᠯ᠎ᠤᠨ ᠦᠷ᠎ᠡ ᠠᠰᠢᠭ᠎ᠤᠨ ᠨᠡᠮᠡᠭᠳᠡᠯ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠎ᠤ ᠲᠠᠯ᠎ᠠ᠎ᠪᠠᠷ ᠬᠠᠨᠤᠮᠵᠢᠲᠠᠶ ᠪᠠᠶ᠋ᠢᠬᠤ ᠪᠠᠶ᠋ᠢᠳᠠᠯ᠎ᠢ ᠪᠡᠶᠡᠯᠡᠭᠦᠯᠦᠨ᠎ᠡ ᠭᠡᠵᠡᠶ᠃

   ᠲᠣᠰ ᠤᠳᠠᠭ᠋ᠠᠨ᠎ᠤ ᠠᠵᠢᠯᠯᠠᠭ᠎ᠠ᠎ᠨᠢ ᠨᠢᠭᠡ ᠤᠳᠠᠭ᠋ᠠᠨ᠎ᠤ ᠬᠠᠯᠠᠭᠤᠨ ᠳᠤᠯᠠᠭ᠋ᠠᠨ 《ᠯᠧᠢ ᠹᠧᠩ᠎ᠠᠴᠠ ᠰᠤᠷᠤᠯᠴᠠᠬᠤ》 ᠦᠢ᠍ᠯᠡᠳᠦᠯᠭᠡ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠨᠢᠭᠡ ᠤᠳᠠᠭ᠋ᠠᠨ᠎ᠤ ᠲᠤᠬᠠᠶ᠋ᠢᠯᠠᠭᠰᠠᠨ ᠠᠵᠢᠯ᠎ᠤᠨ 《ᠴᠡᠷᠢᠭ ᠪᠣᠯᠪᠠᠰᠤᠷᠠᠭᠤᠯᠬᠤ》 ᠪᠣᠯᠣᠨ᠎ᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠯᠸᠢ ᠹᠧᠩ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠠᠭᠤᠯᠤᠭᠳᠠᠬᠤᠨ᠎ᠢ ᠦᠷᠭᠦᠯᠵᠢᠯᠡᠨ ᠦᠢ᠍ᠯᠡᠳᠦᠯᠭᠡᠵᠢᠭᠦᠯᠵᠦ᠂ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ ᠪᠠ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠯᠸᠢ ᠹᠧᠩ᠎ᠤᠨ ᠵᠣᠷᠢᠭ ᠰᠠᠨᠠᠭ᠎ᠠ ᠵᠢ ᠲᠤᠬᠠᠶ᠋ᠢᠯᠠᠭᠰᠠᠨ ᠠᠵᠢᠯ᠂ ᠨᠡᠶ᠋ᠢᠭᠡᠮ ᠨᠡᠶ᠋ᠢᠲᠡ ᠵᠢᠨ ᠠᠰᠠᠷᠠᠮᠵᠢ᠎ᠲᠠᠢ ᠤᠶᠠᠯᠳᠤᠭᠤᠯᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠰᠢᠨ᠎ᠡ ᠴᠠᠭ ᠦᠶ᠎ᠡ᠎ᠳᠤ ᠨᠠᠩ ᠭᠡᠷᠡᠯ ᠰᠠᠴᠤᠷᠠᠩᠭᠤᠶ ᠬᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ ᠭᠡᠵᠦ ᠵᠢᠭ᠋ᠠᠵᠤ ᠭᠠᠷᠭ᠋ᠠᠪᠠ᠃

 

ᠢᠷᠡᠯᠲᠡ᠄ ᠦᠢ᠍ᠯᠡᠴᠢᠯᠡᠭᠡᠨ᠎ᠤ ᠠᠷᠠᠯᠵᠢᠶᠠᠨ᠎ᠤ ᠭᠠᠵᠠᠷ
          
ᠬᠠᠮᠢᠶ᠎ᠡ ᠪᠦᠬᠦᠢ ᠰᠣᠨᠢᠨ
 
            