ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
《ᠬᠤᠳᠠᠯᠳᠤᠭ᠋ᠠᠨ᠎ᠤ ᠶᠠᠪᠤᠳᠠᠯ᠎ᠤᠨ ᠺᠠᠳ᠋ᠷ᠎ᠤᠨ ᠬᠢᠴᠢᠶᠡᠯ᠎ᠤᠨ ᠲᠠᠩᠬᠢᠮ》 — 《ᠪᠡᠯᠡ ᠣᠷᠣᠭᠤᠯᠤᠯᠲᠠ ᠬᠠᠮᠲᠤᠷᠠᠯᠴᠠᠭ᠎ᠠ ᠵᠢ ᠠᠬᠢᠭᠤᠯᠬᠤ ᠶᠠᠷᠢᠶᠠᠨ᠎ᠤ ᠲᠠᠩᠬᠢᠮ》 ᠬᠢᠴᠢᠶᠡᠯ ᠡᠬᠢᠯᠡᠪᠡ
ᠨᠡᠶ᠋ᠢᠲᠡᠯᠡᠭᠰᠡᠨ ᠴᠠᠭ᠄ 2024-03-21

   ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠯᠤᠭ᠎ᠠ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠬᠤ ᠵᠢᠨ ᠲᠥᠯᠥᠭᠡ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡ ᠵᠢ ᠪᠠᠶ᠋ᠢᠭᠤᠯᠵᠤ᠂ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠲᠥᠪ ᠪᠠ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠭᠠᠵᠠᠷ᠎ᠤᠨ ᠨᠠᠮ᠎ᠤᠨ ᠡᠭᠦᠷ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠭᠤᠣᠯ ᠠᠵᠢᠯ᠎ᠲᠠᠢ ᠨᠢᠭᠲᠠ ᠤᠶᠠᠯᠳᠤᠭᠤᠯᠤᠨ᠂ ᠪᠦᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠭᠤᠣᠯᠳᠠᠯᠭ᠎ᠠ᠎ᠲᠠᠢ ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠪᠰᠢᠭᠰᠡᠨ ᠰᠤᠷᠤᠯᠴᠠᠨ ᠬᠢᠴᠢᠶᠡᠯᠯᠡᠬᠦ ᠲᠣᠭᠲᠠᠴᠠ ᠵᠢ ᠪᠠᠶ᠋ᠢᠭᠤᠯᠵᠤ᠂ 《ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠬᠢᠴᠢᠶᠡᠯ᠎ᠤᠨ ᠲᠠᠩᠬᠢᠮ》᠎ᠢ ᠡᠷᠬᠢᠯᠡᠪᠡ᠃ 3 ᠳ᠋ᠤᠭ᠋ᠠᠷ ᠰᠠᠷ᠎ᠠ ᠵᠢᠨ 19᠎ᠤ ᠡᠳᠦᠷ᠂ ᠨᠠᠮ᠎ᠤᠨ ᠡᠭᠦᠷ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠪᠠᠯᠠ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠶᠠᠷᠢᠶᠠᠨ᠎ᠤ ᠲᠠᠩᠬᠢᠮ》᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠶᠦ᠋ᠩ ᠠᠨ ᠠᠵᠢᠯ᠎ᠤᠨ ᠳᠤᠭᠤᠶ᠋ᠢᠯᠠᠩ᠎ᠤᠨ ᠪᠦᠷᠢᠯᠳᠦᠬᠦᠨ᠂ ᠪᠠᠶᠠᠨᠨᠠᠭᠤᠷ ᠬᠤᠲᠠ ᠵᠢᠨ ᠤᠷᠠᠳ᠎ᠤᠨ ᠬᠤᠶ᠋ᠢᠲᠤ ᠬᠤᠰᠢᠭᠤᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠶᠠᠨ ᠰᠢᠶᠤᠤ ᠶᠦᠨ᠎ᠢ ᠤᠷᠢᠵᠤ 《ᠪᠥᠬᠦ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠬᠡᠷᠬᠢᠨ ᠨᠠᠩ ᠰᠠᠶ᠋ᠢᠲᠤᠷ ᠥᠷᠨᠢᠭᠦᠯᠬᠦ》 ᠲᠤᠬᠠᠶ ᠬᠢᠴᠢᠶᠡᠯ ᠣᠷᠣᠭᠤᠯᠪᠠ᠃ ᠶᠠᠨ ᠰᠢᠶᠤᠤ ᠶᠦᠨ ᠨᠥᠬᠦᠷ ᠬᠤᠳᠠᠯᠳᠤᠭ᠋ᠠᠴᠢᠨ ᠤᠷᠢᠬᠤ ᠠᠵᠢᠯ᠎ᠢ 20 ᠰᠢᠬᠠᠮ ᠵᠢᠯ ᠬᠢᠵᠦ᠂ ᠦᠨᠳᠦᠰᠦᠨ ᠱᠠᠲᠤᠨ᠎ᠤ ᠬᠤᠳᠠᠯᠳᠤᠭ᠋ᠠᠴᠢᠨ ᠤᠷᠢᠬᠤ ᠠᠵᠢᠯ᠎ᠤᠨ ᠪᠠᠶᠠᠯᠢᠭ ᠲᠤᠷᠰᠢᠯᠭ᠎ᠠ᠎ᠲᠠᠢ ᠶᠤᠮ᠃


3.21-1-1.jpg


   ᠶᠠᠨ ᠰᠢᠶᠤᠤ ᠶᠦᠨ ᠨᠥᠬᠦᠷ ᠨᠠᠷᠢᠨ ᠪᠣᠳᠠᠲᠠᠶ ᠲᠤᠭ᠎ᠠ ᠪᠠᠷᠢᠮᠲᠠ᠎ᠪᠠᠷ ᠪᠥᠬᠦ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠪᠠᠶ᠋ᠢᠳᠠᠯ᠎ᠢ ᠭᠦᠨᠵᠡᠭᠡᠶ ᠵᠠᠳᠠᠯᠵᠤ᠂ ᠣᠳᠣᠬᠠᠨ᠎ᠤ ᠬᠤᠳᠠᠯᠳᠤᠭ᠋ᠠᠴᠢᠨ ᠤᠷᠢᠬᠤ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠢᠯᠡᠷᠡᠭᠦᠯᠦᠭᠰᠡᠨ ᠪᠥᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠪᠥᠬᠦ ᠣᠷᠣᠨ᠎ᠤ ᠬᠤᠳᠠᠯᠳᠤᠭ᠋ᠠᠴᠢᠨ ᠤᠷᠢᠬᠤ ᠠᠵᠢᠯ᠎ᠤᠨ ᠵᠢᠷᠤᠮᠯᠠᠬᠤ ᠶᠣᠰᠣᠲᠠᠶ ᠦᠨᠳᠦᠰᠦᠨ ᠵᠢᠮ᠎ᠡ ᠶᠣᠰᠣ ᠵᠢ ᠳᠤᠷᠠᠳᠴᠤ᠂ ᠪᠥᠬᠦ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠥᠷᠨᠢᠭᠦᠯᠬᠦ ᠠᠵᠢᠯᠯᠠᠭ᠋ᠠᠨ᠎ᠤ ᠠᠷᠭ᠎ᠠ ᠵᠠᠮ᠎ᠢ ᠵᠢᠭ᠋ᠠᠵᠤ ᠭᠠᠷᠭ᠋ᠠᠪᠠ᠃  ᠶᠠᠨ ᠰᠢᠶᠤᠤ ᠶᠦᠨ ᠨᠥᠬᠦᠷ᠎ᠤᠨ ᠬᠢᠴᠢᠶᠡᠯᠯᠡᠬᠦ ᠵᠣᠭᠰᠣᠴᠠ ᠥᠨᠳᠥᠷ᠂ ᠬᠠᠷᠠᠭ᠋ᠠᠰᠤ ᠥᠷᠭᠡᠨ᠂ ᠣᠨᠣᠯ ᠰᠢᠨ᠎ᠡ᠂ ᠵᠢᠯᠣᠭᠤᠳᠬᠤ ᠴᠢᠨᠠᠷ ᠪᠠ ᠰᠡᠬᠡᠭᠡᠷᠡᠭᠦᠯᠬᠦ ᠴᠢᠨᠠᠷ ᠵᠶ᠋ᠠᠷ ᠴᠢᠩᠭ᠎ᠠ᠂ ᠨᠡᠯᠢᠶᠡᠳ ᠴᠢᠩᠭ᠎ᠠ ᠦᠢ᠍ᠯᠡᠳᠦᠯᠭᠡ ᠪᠠ ᠠᠵᠢᠯᠯᠠᠭ᠋ᠠᠨ᠎ᠤ ᠴᠢᠨᠠᠷ᠎ᠲᠠᠢ ᠪᠠᠶ᠋ᠢᠵᠤ᠂ ᠬᠢᠴᠢᠶᠡᠯ ᠣᠷᠣᠬᠤ᠎ᠳᠤ ᠨᠡᠶ᠋ᠢᠲᠡᠯᠢᠭ ᠬᠤᠳᠠᠯᠳᠤᠭ᠋ᠠᠴᠢᠨ ᠤᠷᠢᠬᠤ ᠬᠡᠷᠡᠭ᠎ᠤᠨ ᠵᠢᠱ᠌ᠢᠶ᠎ᠡ ᠵᠢ ᠡᠰᠢᠯᠡᠨ ᠬᠡᠷᠡᠭᠯᠡᠵᠦ᠂ ᠠᠭᠤᠯᠭ᠎ᠠ᠎ᠨᠢ ᠬᠢᠯᠪᠠᠷ ᠣᠶ᠋ᠢᠯᠠᠭ᠋ᠠᠮᠵᠢᠲᠠᠶ ᠪᠠᠶ᠋ᠢᠵᠤ᠂ ᠪᠥᠬᠦ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠴᠢᠨᠠᠷ ᠰᠠᠶ᠋ᠢᠲᠠᠶ ᠵᠢᠯᠣᠭᠤᠳᠣᠯᠭ᠎ᠠ ᠬᠢᠵᠡᠶ᠃


3.21-1-2.jpg


   ᠲᠣᠰ ᠤᠳᠠᠭ᠋ᠠᠨ᠎ᠤ ᠶᠠᠷᠢᠶᠠᠨ᠎ᠤ ᠲᠠᠩᠬᠢᠮ᠎ᠤᠨ ᠰᠤᠷᠤᠯᠴᠠᠯᠭ᠎ᠠ᠎ᠪᠠᠷ ᠳᠠᠮᠵᠢᠭᠤᠯᠤᠨ᠂ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠬᠠᠷᠠᠭ᠎ᠠ ᠵᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ᠎ᠤ ᠬᠤᠳᠠᠯᠳᠤᠭ᠋ᠠᠴᠢᠨ ᠤᠷᠢᠬᠤ ᠠᠵᠢᠯ᠎ᠤᠨ ᠲᠤᠬᠠᠶ ᠲᠠᠨᠢᠨ ᠮᠡᠳᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠥᠬᠦ ᠲᠤᠭᠤᠷᠢᠭ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠲᠤᠬᠠᠶ ᠨᠠᠩ ᠭᠦᠨᠵᠡᠭᠡᠶ ᠣᠶ᠋ᠢᠯᠠᠭ᠋ᠠᠯᠲᠠ᠎ᠲᠠᠢ ᠪᠣᠯᠤᠭᠰᠠᠨ ᠪᠠᠶ᠋ᠢᠨ᠎ᠠ᠃ ᠤᠯᠠᠨ ᠵᠶ᠋ᠠᠷ ᠵᠶ᠋ᠠᠨ᠂ ᠲᠤᠰ ᠤᠳᠠᠭ᠎ᠠ ᠵᠢᠨ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭ᠋ᠠᠵᠤ᠂ ᠦᠷᠭᠦᠯᠵᠢᠯᠡᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠲᠤᠰ ᠪᠡᠶ᠎ᠡ ᠵᠢᠨ ᠶᠡᠷᠦᠩᠬᠡᠶ᠋ᠢᠯᠡᠭᠰᠡᠨ ᠬᠡᠪ ᠴᠢᠨᠠᠷ ᠵᠶ᠋ᠠᠨ ᠴᠢᠷᠮᠠᠶ᠋ᠢᠨ ᠳᠡᠭᠡᠭᠰᠢᠯᠡᠭᠦᠯᠵᠦ᠂ ᠰᠣᠷᠣᠭᠰᠠᠨ ᠵᠶ᠋ᠠᠨ ᠬᠡᠷᠡᠭᠯᠡᠬᠦ᠂ ᠤᠨᠤᠯ᠎ᠢ ᠪᠣᠳᠠᠲᠠᠢ᠎ᠲᠠᠢ ᠤᠶᠠᠯᠳᠤᠭᠤᠯᠬᠤ ᠵᠢ ᠪᠡᠶᠡᠯᠡᠭᠦᠯᠵᠦ᠂ ᠪᠦᠬᠦ ᠵᠢᠯ᠎ᠤᠨ ᠠᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠪᠠᠲᠤᠯᠠᠨ᠎ᠠ ᠭᠡᠵᠦ ᠢᠯᠡᠳᠬᠡᠵᠡᠭᠡᠪᠡ᠃

 

ᠢᠷᠡᠯᠲᠡ᠄ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠠᠬᠢᠭᠤᠯᠬᠤ ᠲᠥᠪ
          
ᠬᠠᠮᠢᠶ᠎ᠡ ᠪᠦᠬᠦᠢ ᠰᠣᠨᠢᠨ
 
            