3 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ 2025 ᠣᠨ᠎ᠤ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠱᠦᠵᠢ ᠵᠢᠨ ᠥᠪᠡᠷᠲᠡᠭᠡᠨ ᠵᠠᠰᠠᠬᠤ ᠣᠷᠣᠨ᠎ᠤ ᠪᠦᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ᠎ᠤᠨ ᠶᠡᠭᠡ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ ᠡᠨᠡ ᠵᠢᠯ᠎ᠤᠨ ᠪᠥᠬᠦ ᠤᠯᠤᠰ᠎ᠤᠨ ᠬᠤᠶᠠᠷ ᠬᠤᠷᠠᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ᠎ᠳᠤ ᠬᠤᠷᠠᠯᠳᠤᠭᠤᠯᠤᠭᠰᠠᠨ ᠨᠢᠭᠡ ᠤᠳᠠᠭ᠋ᠠᠨ᠎ᠤ ᠦᠪᠡᠳᠡᠭᠰᠢ ᠴᠤᠭᠯᠠᠭ᠋ᠠᠨ ᠮᠥᠨ᠂ ᠪᠥᠬᠦ ᠤᠯᠤᠰ᠎ᠤᠨ ᠠᠷᠠᠳ ᠲᠦᠮᠡᠨ᠎ᠤ ᠤᠯᠤᠰ ᠲᠥᠷᠥ ᠵᠢᠨ ᠠᠮᠢᠳᠤᠷᠠᠯ᠎ᠳᠠᠬᠢ ᠨᠢᠭᠡᠨ ᠲᠣᠮᠣ ᠶᠠᠪᠤᠳᠠᠯ ᠮᠥᠨ᠂ ᠡᠨᠡ᠎ᠨᠢ ᠪᠥᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠶ᠋ᠢᠴᠢᠯᠠᠨ ᠰᠢ ᠵᠢᠨ ᠫᠢᠩ ᠨᠥᠬᠦᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠬᠤᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠲᠦᠢ᠍ᠯ᠎ᠤᠨ ᠴᠢᠬᠤᠯᠠ ᠠᠴᠢ ᠬᠤᠯᠪᠣᠭᠳᠠᠯ᠎ᠲᠠᠢ ᠭᠡᠵᠡᠢ᠃
ᠬᠤᠷᠠᠯ᠎ᠠᠴᠠ ᠴᠢᠬᠤᠯᠠᠴᠢᠯᠠᠭᠰᠠᠨ᠎ᠨᠢ ᠪᠦᠬᠦ ᠲᠢᠩᠬᠢᠮ᠎ᠤᠨ᠎ᠬᠢᠨ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠡᠭᠦᠷᠭᠡ ᠵᠢᠨ ᠬᠤᠪᠢᠶᠠᠷᠢᠯᠠᠯ᠎ᠲᠠᠢ ᠬᠠᠷᠭᠤᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠪᠣᠭᠤᠮᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠵᠢ ᠰᠠᠶ᠋ᠢᠲᠤᠷ ᠪᠡᠶᠡᠯᠡᠭᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠠᠯᠲᠠ᠎ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ 《ᠨᠠᠢ᠍ᠮᠠᠨ ᠶᠡᠭᠡ ᠲᠤᠰᠬᠠᠶ ᠠᠵᠢᠯᠯᠠᠭ᠎ᠠ》 ᠵᠢ ᠰᠠᠶ᠋ᠢᠲᠤᠷ ᠬᠡᠷᠡᠭᠵᠢᠭᠦᠯᠵᠦ᠂ 《6 ᠶᠡᠭᠡ 17 ᠪᠠᠭ᠎ᠠ》 ᠠᠵᠢᠯ᠎ᠢ ᠪᠣᠳᠠᠲᠠᠶ ᠴᠢᠩᠭ᠎ᠠ ᠠᠳᠬᠤᠬᠤ ᠬᠡᠷᠡᠭᠲᠡᠶ᠃ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠺᠠᠳ᠋ᠷ᠎ᠤᠨ ᠡᠩᠨᠡᠭᠡᠨ᠎ᠤ ᠬᠡᠪ ᠴᠢᠨᠠᠷ᠎ᠢ ᠰᠢᠯᠢᠳᠡᠭᠵᠢᠭᠦᠯᠵᠦ᠂ ᠨᠠᠮ᠎ᠤᠨ ᠡᠭᠦᠷ ᠪᠣᠯᠤᠨ ᠵᠢᠱ᠌ᠢᠶᠡᠴᠢ ᠪᠠᠶ᠋ᠢᠭᠤᠯᠭ᠎ᠠ ᠵᠢ ᠡᠭᠦᠳᠦᠨ ᠪᠠᠶ᠋ᠢᠭᠤᠯᠬᠤ ᠵᠢ ᠦᠷᠭᠦᠯᠵᠢᠯᠡᠨ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃