ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ‍ᠤᠨ‌‍ᠬᠥ᠋ᠭᠵᠢᠯᠲᠡ ᠪᠠᠨ ᠠᠬᠢᠭᠤᠯᠬᠤ ᠶᠢᠨ ᠲᠦᠯᠦᠭᠡ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠲᠤᠰᠬᠠᠶ ᠰᠡᠳᠦᠪᠲᠦ  ᠪᠤᠯᠪᠠᠰᠤᠷᠠᠯ ᠳᠤ ᠤᠷᠤᠯᠴᠠᠭᠤᠯᠤᠯ᠎ᠠ
ᠨᠡᠶᠢᠲᠡᠯᠡᠭᠰᠡᠨ ᠴᠠᠭ᠄
2021/11/30
    9 ᠰᠠᠷ᠎ᠠ ᠶᠢᠨ 9 - 10 ᠤ ᠡᠳᠦᠷ ᠪᠣᠯᠲᠠᠯ᠎ᠠ᠂ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠶᠠᠷ ᠡᠳᠦᠷ ᠤᠨ ᠬᠤᠭᠤᠴᠠᠭ᠎ᠠ ᠲᠠᠢ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ  ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠰᠦᠯᠵᠢᠶᠡᠨ ᠳᠡᠭᠡᠷᠡᠬᠢ ᠲᠤᠰᠬᠠᠶ ᠰᠡᠳᠦᠪᠲᠦ ᠪᠣᠯᠪᠠᠰᠤᠷᠠᠯ ᠳᠤ ᠤᠷᠤᠯᠴᠠᠭᠤᠯᠤᠯ᠎ᠠ᠃ ᠲᠣᠰ ᠤᠳᠠᠭᠠᠨ ᠤ ᠪᠤᠯᠪᠠᠰᠤᠷᠠᠯ ᠢ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠠᠴᠠ ᠭᠤᠤᠯᠯᠠᠨ ᠡᠷᠭᠢᠯᠡᠵᠦ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ  ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠬᠦ ᠲᠤᠬᠠᠶ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ  ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠡᠷᠡᠭᠦᠯ ᠢᠶᠠᠷ ᠦᠷᠬᠦᠯᠵᠢᠯᠡᠬᠦᠶᠢᠴᠡ ᠰᠢᠨᠡᠴᠢᠯᠡᠨ ᠬᠥᠭᠵᠢᠬᠦ ᠶᠢ ᠠᠬᠢᠭᠤᠯᠬᠤ ᠶᠢᠨ ᠵᠤᠷᠢᠯᠭ᠎ᠠ ᠪᠠᠷ ᠵᠤᠬᠢᠶᠠᠨ ᠪᠠᠶᠢᠭᠤᠯᠤᠭᠰᠠᠨ ᠶᠤᠮ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠯᠲᠡᠶ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠢᠶᠠᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠤᠪᠢᠶᠠᠷᠢ ᠪᠤᠯᠪᠠᠰᠤᠷᠠᠯ  ᠤᠨ ᠬᠤᠷᠠᠯ ᠤᠨ ᠲᠠᠯᠠᠪᠠᠶ  ᠲᠤᠬᠢᠷᠠᠭᠤᠯᠵᠤ᠂ ᠪᠥᠬᠦ ᠬᠤᠲᠠ ᠶᠢᠨ 23 ᠭᠠᠳᠠᠭᠠᠳᠤ ᠠᠵᠤ ᠠᠬᠤᠶ ᠠᠷᠠᠯᠵᠢᠶᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠤᠳᠠᠯᠳᠤᠭᠠᠨ ᠤ ᠶᠠᠪᠤᠳᠠᠯ᠂ ᠪᠣᠭᠤᠮᠲᠠ᠂ ᠭᠠᠶᠢᠯᠢ ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠡᠶᠢᠲᠡ 38 ᠬᠥᠮᠦᠨ ᠪᠤᠯᠪᠠᠰᠤᠷᠠᠯ ᠳᠤ ᠣᠷᠣᠯᠴᠠᠪᠠ᠃
     ᠪᠤᠯᠪᠠᠰᠤᠷᠠᠯ ᠤᠨ ᠬᠤᠷᠠᠯ ᠳᠡᠭᠡᠷ᠎ᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠤ ᠭᠠᠵᠠᠷ ᠤᠨ ᠲᠠᠰ ᠤᠨ ᠳᠠᠷᠤᠭ᠎ᠠ ᠰᠢᠶᠤᠤ ᠯᠦ ᠠᠴᠠ  ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ  ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠬᠦ ᠲᠤᠬᠠᠶ ᠰᠠᠨᠠᠯ︾ ᠳᠤ  ᠲᠠᠶᠢᠯᠪᠤᠷᠢᠯᠠᠯᠲᠠ ᠪᠠ ᠲᠤᠰᠬᠠᠶ ᠰᠡᠳᠦᠪᠲᠦ ᠲᠠᠶᠢᠯᠤᠮᠵᠢ ᠬᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ ᠰᠠᠩ ᠬᠥᠮᠥᠷᠭᠡ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶᠠᠨ ᠤ ᠠᠷᠭ᠎ᠠ ᠬᠡᠯᠪᠡᠷᠢ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ᠂ ᠭᠠᠶᠢᠯᠢ ᠶᠢ ᠪᠠᠲᠤᠯᠠᠬᠤ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠪᠠ ᠬᠢᠯᠢ ᠶᠢᠨ ᠭᠠᠳᠠᠨᠠᠬᠢ ᠠᠷᠠᠯᠵᠢᠶ᠎ᠠ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠶᠢᠨ ᠪᠠᠶᠢᠳᠠᠯ ᠤᠨ ᠲᠣᠭᠤᠷᠢᠨ ᠳᠤ ᠭᠤᠤᠯᠳᠠᠯᠭ᠎ᠠ ᠲᠠᠢ ᠨᠠᠷᠢᠨ ᠲᠠᠨᠢᠯᠴᠠᠭᠤᠯᠤᠭᠰᠠᠨ  ᠪᠠᠶᠢᠨ᠎ᠠ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠪᠣᠭᠤᠮᠲᠠ ᠶᠢᠨ ᠬᠢᠨᠠᠨ ᠬᠠᠮᠢᠶᠠᠷᠬᠤ ᠵᠤᠷᠭᠠᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠠᠷᠠᠭ᠎ᠠ ᠬᠥᠳᠡᠯᠮᠦᠷᠢ ᠶᠢᠨ ᠶᠠᠪᠤᠳᠠᠯ ᠤᠨ ᠵᠤᠷᠭᠠᠨ᠂ ᠭᠠᠳᠠᠭᠠᠳᠤ ᠭᠤᠪᠢᠭᠤᠯᠭ᠎ᠠ ᠶᠢᠨ ᠶᠡᠷᠦᠩᠬᠡᠶ ᠲᠣᠪᠴᠢᠶ᠎ᠠ ᠶᠢᠨ ᠪᠠᠶᠢᠩᠭᠤ ᠶᠢᠨ ᠲᠥᠷᠥᠯ ᠵᠤᠶᠢᠯ ᠤᠨ ᠵᠤᠷᠭᠠᠨ᠂ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠺᠣᠮᠫᠠᠨᠢ᠂ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠲᠣᠰ ᠲᠣᠰ ᠤᠨ ᠢᠶᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠲᠠᠢ ᠪᠠᠨ ᠤᠶᠠᠯᠳᠤᠭᠤᠯᠤᠨ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠪᠠᠲᠤᠯᠠᠭ᠎ᠠ ᠶᠢᠨ ᠰᠢᠰᠲ᠋ᠧᠮ ᠳᠤ ᠲᠣᠰ ᠲᠣᠰ ᠲᠠᠶᠢᠯᠤᠮᠵᠢ ᠬᠢᠪᠠ᠃ ᠢ ᠪᠠᠩ ᠬᠥᠳᠡᠯᠭᠡᠬᠦ ᠬᠦᠴᠦᠨ ᠤ ᠰᠤᠳᠤᠯᠭᠠᠨ ᠤ ᠬᠦᠷᠢᠶᠡᠯᠡᠩ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦᠨ ᠤ ᠬᠠᠷᠢᠭᠤᠴᠠᠯᠭᠠᠲᠠᠨ ᠠᠴᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠤᠰᠢᠭᠤᠷᠠᠯ ᠤᠨ ᠪᠠᠶᠢᠳᠠᠯ ᠪᠠ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠶᠢ ᠳᠡᠮᠵᠢᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃     ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ  ᠪᠠᠶᠢᠳᠠᠯ ᠰᠢᠨ᠎ᠡ ᠵᠠᠭᠪᠤᠷ ᠨᠢ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠤᠭᠰᠠᠨ ᠤ ᠬᠤᠪᠢ ᠳᠤ᠂ ᠪᠠᠰᠠ ᠴᠤ ᠤᠯᠠᠨ ᠤᠯᠤᠰ ᠤᠨ ᠠᠷᠠᠯᠵᠢᠶᠠᠨ ᠤ ᠬᠥᠭᠵᠢᠯᠲᠡ ᠶᠢᠨ ᠭᠤᠣᠯ ᠬᠠᠨᠳᠤᠰᠢ ᠪᠣᠯᠤᠨ᠎ᠠ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠳᠡᠯᠭᠡᠷᠡᠭᠰᠡᠨ ᠠᠴᠠ ᠨᠠᠭᠠᠰᠢ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ  ᠬᠡᠪ ᠵᠠᠭᠪᠤᠷ ᠴᠢᠬᠤᠯᠠ ᠦᠢᠯᠡᠳᠦᠯ ᠦᠵᠡᠭᠦᠯᠪᠡ᠃ 2020 ᠣᠨ ᠳᠤ᠂ ᠮᠠᠨ ᠤ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 1 . 69 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 31 . 1 % ᠪᠠᠷ ᠨᠡᠮᠡᠭᠳᠡᠵᠦ᠂ 5 ᠵᠢᠯ ᠤᠨ ᠳᠣᠲᠣᠷ᠎ᠠ 10 ᠳᠠᠬᠢᠨ ᠨᠡᠮᠡᠭᠳᠡᠪᠡ᠃ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠭᠠᠳᠠᠭᠠᠳᠤ ᠭᠠᠷᠭᠠᠯᠲᠠ 7045 . 4 ᠳ᠋ᠦᠩᠰᠢᠭᠤᠷ ᠲᠥᠭᠦᠷᠢᠭ ᠲᠤ ᠬᠦᠷᠴᠦ᠂ 25 . 2 % ᠢᠶᠠᠷ ᠨᠡᠮᠡᠭᠳᠡᠵᠦ᠂ 6 ᠵᠢᠯ ᠤᠨ ᠳᠣᠲᠣᠷ᠎ᠠ 5 ᠳᠠᠬᠢᠨ ᠨᠡᠮᠡᠭᠳᠡᠪᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠨᠢ ᠪᠤᠯᠪᠠᠰᠤᠷᠠᠯ ᠤᠨ ᠬᠤᠷᠠᠯ ᠳᠡᠭᠡᠷ᠎ᠡ᠂ ᠬᠠᠳᠠᠭᠤ ᠰᠢᠷᠦᠬᠦᠨ ᠨᠠᠷᠢᠨ ᠪᠤᠳᠤᠯᠢᠶᠠᠨᠲᠠᠶ ᠭᠠᠳᠠᠭᠠᠳᠤ ᠠᠷᠠᠯᠵᠢᠶᠠᠨ ᠤ ᠪᠠᠶᠢᠳᠠᠯ ᠲᠤᠤᠷ᠎ᠠ᠂ ᠡᠨᠡ ᠵᠢᠯ ᠤᠨ ᠬᠠᠷᠠᠯᠲᠠ ᠪᠣᠯ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ ᠡᠷᠡᠰ ᠲᠣᠭᠲᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠭᠤᠤᠯᠳᠠᠯᠭ᠎ᠠ ᠲᠠᠢ ᠬᠦᠭᠵᠢᠬᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ  ᠦᠷᠬᠦᠯᠵᠢᠯᠡᠬᠦᠶᠢᠴᠡ ᠴᠢᠨᠠᠷ ᠢ ᠪᠠᠲᠤᠯᠠᠬᠤ ᠶᠠᠪᠤᠳᠠᠯ ᠪᠣᠯᠤᠨ᠎ᠠ ᠭᠡᠵᠦ ᠢᠯᠡᠷᠬᠡᠶᠢᠯᠡᠪᠡ᠃     ᠵᠢᠯ ᠠᠴᠠ ᠨᠠᠭᠠᠰᠢ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ  ᠬᠦᠭᠵᠢᠬᠦᠯᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠴᠡᠭ ᠤᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠦᠷᠭᠦᠯᠵᠢᠯᠡᠨ ᠠᠳᠬᠤᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠬᠥᠭᠵᠢᠭᠦᠯᠬᠦ ᠪᠠᠷ ᠭᠠᠷᠳᠠᠴᠠ ᠪᠣᠯᠭᠠᠨ᠂ ᠪᠠᠶᠠᠨᠨᠠᠭᠤᠷ ᠤᠨ ᠬᠢᠯᠢ ᠠᠯᠤᠰᠯᠠᠭᠰᠠᠨ ᠭᠠᠶᠢᠯᠢ ᠬᠡᠯᠲᠦᠷᠢᠭᠦᠯᠬᠦ  ᠲᠤᠷᠰᠢᠯᠲᠠ  ᠶᠢᠨ ᠲᠥᠪ᠂ ᠪᠠᠶᠠᠨᠨᠠᠭᠤᠷ ᠤᠨ ᠭᠠᠳᠠᠭᠠᠳᠤ ᠠᠷᠠᠯᠵᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠶᠡᠭᠡ ᠪᠠᠷ ᠠᠬᠢᠭᠤᠯᠵᠤ᠂ ᠮᠠᠨ ᠤ ᠬᠤᠲᠠ ᠶᠢᠨ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠳᠤ ᠰᠠᠭᠤᠷᠢ ᠲᠠᠯᠪᠢᠵᠤ ᠥᠭᠪᠡ᠃ ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ ᠂ ᠮᠠᠨ ᠤ ᠬᠤᠲᠠ ᠶᠢᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠪᠡᠶᠡᠴᠢ ᠴᠢᠳᠠᠮᠠᠭᠠᠶ ᠴᠢᠨᠠᠷ ᠢ ᠤᠯᠠᠮ ᠴᠢᠩᠭᠠᠳᠬᠠᠵᠤ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠠᠬᠢᠭᠤᠯᠬᠤ ᠦᠢᠯᠡᠳᠦᠯ ᠦᠵᠡᠬᠦᠯᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠨ ᠠᠭᠤᠰᠤᠯᠴᠠᠭᠰᠠᠨ ᠬᠡᠪ ᠪᠠᠶᠢᠳᠠᠯ ᠢ ᠪᠤᠢ ᠪᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号