ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠨᠢ ᠬᠢᠩᠭᠠᠨ ᠠᠶᠢᠮᠠᠭ ᠲᠤ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ ᠪᠠᠷ ᠦᠢᠯᠡᠴᠢᠯᠡᠬᠦ︾ ᠶᠢ ᠳᠡᠯᠭᠡᠷᠡᠭᠦᠯᠦᠨ‌‍ᠬᠡᠷᠡᠭᠯᠡᠬᠦ ᠪᠣᠯᠪᠠᠰᠤᠷᠠᠭᠤᠯᠤᠯ ᠤᠨ ᠬᠤᠷᠠᠯ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2021/11/30
         7 ᠳ᠋ᠤᠭᠠᠷ ᠰᠠᠷ᠎ᠠ ᠶᠢᠨ 15 ᠤ ᠡᠳᠦᠷ᠂ ᠣᠷᠣᠨ ᠪᠦᠰᠡ ᠶᠢᠨ ᠬᠠᠮᠲᠤᠷᠠᠯᠴᠠᠭ᠎ᠠ ᠬᠢᠭᠡᠳ ᠮᠡᠳᠡᠭᠡ ᠵᠠᠩᠭᠢᠵᠢᠯᠲᠠ ᠶᠢᠨ ᠭᠠᠵᠠᠷ ᠨᠢ ᠪᠣᠭᠤᠮᠲᠠ ᠶᠢᠨ ᠠᠯᠪᠠᠨ ᠬᠡᠷ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠢᠩᠭᠠᠨ ᠠᠶᠢᠮᠠᠭ ᠲᠤ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ ᠪᠠᠷ ᠦᠢᠯᠡᠴᠢᠯᠡᠬᠦ︾ ᠶᠢ ᠳᠡᠯᠭᠡᠷᠡᠭᠦᠯᠦᠨ ᠬᠡᠷᠡᠭᠯᠡᠬᠦ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃ ᠮᠠᠨ ᠤ ᠣᠷᠣᠨ ᠤ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ᠂ ᠬᠤᠰᠢᠭᠤ ᠰᠢᠶᠠᠨ ᠤ ᠪᠣᠭᠤᠮᠲᠠ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠂ ᠪᠣᠭᠤᠮᠲᠠ ᠳᠤ ᠮᠡᠳᠡᠭᠦᠯᠬᠦ ᠶᠢ ᠣᠷᠣᠯᠠᠨ  ᠬᠦᠢᠴᠡᠳᠬᠡᠬᠦ ᠺᠣᠮᠫᠠᠨᠢ ᠵᠡᠷᠭᠡ ᠨᠢᠭᠡᠴᠢ ᠶᠢᠨ 82 ᠬᠥᠮᠦᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃ ᠪᠣᠯᠪᠠᠰᠤᠷᠠᠯ ᠤᠨ ᠬᠤᠷᠠᠯ ᠨᠢ ᠠᠯᠤᠰ ᠡᠵᠡᠮᠰᠢᠯᠲᠦ ᠸᠢᠳᠢᠣ᠋ ᠪᠠᠷ ᠬᠢᠴᠢᠶᠡᠯᠯᠡᠬᠦ ᠪᠠ ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠤᠶᠠᠯᠳᠤᠭᠤᠯᠤᠨ  ᠶᠠᠪᠣᠭᠳᠠᠭᠤᠯᠣᠭᠰᠠᠨ ᠪᠠᠶᠢᠨ᠎ᠡ᠃       ᠲᠣᠰ ᠤᠳᠠᠭᠠᠨ ᠤ ᠪᠣᠯᠪᠠᠰᠤᠷᠠᠭᠤᠯᠤᠯ ᠳᠤ᠂ ᠤᠯᠤᠰ ᠤᠨ ᠪᠣᠭᠤᠮᠲᠠ ᠶᠢᠨ ᠠᠯᠪᠠᠨ ᠬᠡᠷ ᠤᠨ ᠡᠯᠧᠺᠲᠷᠣᠨ ᠲᠤᠭ᠎ᠠ ᠪᠠᠷᠢᠮᠲᠠ ᠶᠢᠨ ᠲᠥᠪ᠂ ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠯᠵᠢᠶ᠎ᠠ ᠶᠢ ᠠᠬᠢᠭᠤᠯᠬᠤ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠳᠠᠬᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠨᠢᠭᠡᠴᠢ ᠶᠢᠨ ᠲᠤᠰᠬᠠᠶ ᠮᠡᠷᠭᠡᠵᠢᠯᠲᠡᠨ ᠢ ᠤᠷᠢᠵᠤ᠂ 2019 ᠣᠨ ᠠᠴᠠ ᠨᠠᠰᠢᠬᠢ ᠤᠯᠤᠰ ᠤᠨ ᠪᠣᠭᠤᠮᠲᠠ ᠶᠢᠨ ᠠᠯᠪᠠᠨ ᠬᠡᠷ ᠤᠨ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ ᠪᠠᠷ ᠦᠢᠯᠡᠴᠢᠯᠡᠬᠦ︾ ᠳᠤ ᠰᠢᠨ᠎ᠡ ᠪᠠᠷ ᠨᠡᠮᠡᠭᠰᠡᠨ ᠬᠡᠪᠯᠡᠯ ᠤᠨ ᠠᠭᠤᠯᠭ᠎ᠠ ᠳᠤ ᠴᠢᠭᠯᠡᠭᠦᠯᠦᠨ ᠲᠤᠰᠬᠠᠶ ᠮᠡᠷᠭᠡᠵᠢᠯ ᠤᠨ ᠲᠠᠶᠢᠯᠤᠮᠵᠢ ᠬᠢᠭᠰᠡᠨ ᠪᠥᠭᠡᠳ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠳᠤᠷᠠᠳᠤᠭᠰᠠᠨ ᠠᠰᠠᠭᠤᠳᠠᠯ ᠳᠤ ᠲᠤᠬᠠᠶ ᠶᠢᠨ ᠲᠠᠯᠠᠪᠠᠶ ᠳᠤ ᠨᠠᠷᠢᠨ ᠲᠠᠶᠢᠯᠤᠮᠵᠢ ᠬᠢᠪᠠ᠃      ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ ᠪᠠᠷ ᠦᠢᠯᠡᠴᠢᠯᠡᠬᠦ︾ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠵᠤ ᠠᠬᠤᠶᠢᠯᠠᠯ ᠳᠤ ᠨᠠᠩ ᠰᠠᠶᠢᠨ  ᠦᠢᠯᠡᠴᠢᠯᠡᠬᠦ  ᠶᠢᠨ ᠲᠥᠯᠥᠭᠡ᠂ ᠪᠣᠯᠪᠠᠰᠤᠷᠠᠭᠤᠯᠤᠯ ᠤᠨ ᠬᠤᠭᠤᠴᠠᠭᠠᠨ ᠳᠤ ᠣᠯᠠᠨ ᠤᠯᠤᠰ ᠤᠨ ᠠᠷᠠᠯᠵᠢᠶᠠᠨ ᠤ ︽ ᠨᠢᠭᠡ ᠴᠣᠩᠬᠤᠪᠴᠢ ᠪᠠᠷ ᠦᠢᠯᠡᠴᠢᠯᠡᠬᠦ ︾   ᠶᠢᠨ ᠪᠣᠳᠠᠲᠠᠶ ᠲᠤᠬᠠᠶᠢᠯᠠᠭᠰᠠᠨ ᠠᠵᠢᠯ ᠤᠨ ᠠᠵᠢᠯᠯᠠᠭ᠎ᠠ ᠪᠠ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠵᠡᠷᠭᠡ ᠠᠭᠤᠯᠭ᠎ᠠ ᠳᠤ ᠴᠢᠭᠯᠡᠭᠦᠯᠦᠨ ᠠᠰᠠᠭᠤᠯᠲᠠ ᠶᠢᠨ ᠬᠠᠭᠤᠳᠠᠰᠤ ᠲᠠᠷᠬᠠᠭᠠᠨ ᠪᠠᠶᠢᠴᠠᠭᠠᠯᠲᠠ ᠬᠢᠭᠰᠡᠨ ᠪᠠᠶᠢᠨ᠎ᠡ  ᠃ ᠲᠠᠷᠠᠭᠠᠴᠢ ᠶᠢᠨ ᠠᠯᠬᠤᠮ ᠳᠤ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠪᠣᠯᠪᠠᠰᠤᠷᠠᠯ ᠤᠨ ᠬᠤᠷᠠᠯ ᠵᠡᠷᠭᠡ ᠬᠠᠮᠢᠶ᠎ᠠ ᠪᠥᠬᠦᠶ ᠠᠵᠢᠯ ᠢ ᠤᠯᠠᠮ ᠴᠢᠨᠠᠭᠰᠢᠳᠠ  ᠲᠠᠬᠦᠯᠳᠠᠷᠵᠢᠬᠦᠯᠬᠦ ᠪᠣᠯᠣᠨ᠎ᠠ᠃ ᠲᠤᠰ ᠤᠳᠠᠭ᠎ᠠ ᠶᠢᠨ ᠪᠣᠯᠪᠠᠰᠤᠷᠠᠯ ᠤᠨ ᠬᠤᠷᠠᠯ ᠨᠢ ᠡᠯ᠎ᠡ ᠵᠦᠢᠯ ᠤᠨ ᠬᠤᠷᠠᠯ ᠤᠨ ᠲᠦᠷᠢᠮ ᠵᠢᠴᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ  ᠭᠡᠷᠡᠭᠵᠢᠬᠦᠯᠦᠭᠰᠡᠨ ᠪᠠᠶᠢᠨ᠎ᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号