ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠡᠷᠬᠢᠯᠡᠭᠴᠢ ᠰᠡᠴᠡᠨ ᠪᠤᠭᠤᠮᠳᠠ ᠶᠢᠨ ᠠᠯᠪᠠᠨ ᠬᠡᠷ ᠤᠨ ᠨᠠᠮ ᠤᠨ ᠡᠬᠦᠷ ᠤᠨ ᠭᠡᠰᠢᠭᠦᠳ ᠲᠤ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2021/11/30
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ 6 ᠰᠠᠷ᠎ᠠ ᠶᠢᠨ 22 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠡᠷᠬᠢᠯᠡᠭᠴᠢ ᠰᠡᠴᠡᠨ ᠡᠩ ᠤᠨ ᠨᠠᠮ ᠤᠨ ᠭᠡᠰᠢᠭᠦᠨ ᠤ ᠬᠤᠪᠢ ᠪᠠᠷ ᠪᠣᠭᠤᠮᠲᠠ ᠶᠢᠨ ᠠᠯᠪᠠᠨ ᠬᠡᠷ ᠤᠨ ᠨᠠᠮ ᠤᠨ ᠡᠭᠦᠷ ᠲᠤ ᠭᠦᠨᠵᠡᠭᠡᠶᠢᠷᠡᠵᠦ᠂  ᠨᠠᠮ ᠤᠨ ᠡᠬᠦᠷ ᠤᠨ ᠭᠡᠰᠢᠭᠦᠳ ᠲᠤ ᠨᠠᠮ ᠤᠨ ᠬᠢᠴᠢᠶᠡᠯ ᠤᠷᠤᠵᠤ᠂ ᠪᠣᠭᠤᠮᠲᠠ ᠶᠢᠨ ᠠᠯᠪᠠᠨ ᠬᠡᠷ ᠤᠨ ᠪᠦᠬᠦ ᠺᠠᠳ᠋ᠷ ᠠᠵᠢᠯᠲᠠᠨ ᠤᠷᠤᠯᠴᠠᠪᠠ᠃
    ᠰᠡᠴᠡᠨ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠵᠣᠷᠢᠭ ᠰᠠᠨᠠᠭ᠎ᠠ ᠶᠢ ᠡᠷᠭᠢᠴᠡᠭᠦᠯᠵᠦ᠂ ᠦᠪᠡᠷ ᠤᠨ ᠠᠵᠢᠯ ᠤᠨ   ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠰᠢ ᠤᠯᠠᠨ ᠡᠰᠢ ᠲᠠᠲᠠᠵᠤ᠂ ᠪᠦᠬᠦ ᠨᠠᠮ ᠤᠨ ᠭᠡᠰᠢᠭᠦᠳ ᠲᠤ ᠨᠢᠭᠡ ᠤᠳᠠᠭᠠᠨ ᠤ ᠭᠦᠨᠵᠡᠭᠡᠢ ᠪᠥᠭᠡᠳ ᠣᠶᠢᠯᠠᠭᠠᠮᠵᠢᠲᠠᠢ ᠨᠠᠮ ᠤᠨ ᠬᠢᠴᠢᠶᠡᠯ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠷᠤᠭ᠎ᠠ ᠪᠤᠰᠬᠠᠭ᠎ᠠ ᠲᠡᠦᠬᠡᠨ ᠶᠡᠭᠡ ᠤᠷᠤᠰᠬᠠᠯ ᠳᠤᠮᠳᠠ ᠬᠡᠷᠬᠢᠨ  ᠪᠠᠶᠢᠭᠤᠯᠤᠭᠳᠠᠭᠰᠠᠨ᠂ ᠨᠠᠮ ᠤᠨ ᠤᠳᠤᠷᠢᠳᠬᠤ ᠪᠠᠶᠢᠷᠢ ᠰᠠᠭᠤᠷᠢ ᠨᠢ  ᠴᠢᠰᠤ ᠨᠦᠵᠢ ᠲᠠᠢ ᠬᠠᠳᠠᠭᠤ ᠰᠢᠷᠭᠠᠭᠤ ᠲᠡᠮᠡᠴᠡᠯ ᠤᠨ ᠲᠤᠮᠳᠠ ᠬᠡᠷᠬᠢᠨ ᠪᠦᠷᠢᠯᠳᠦᠨ ᠪᠠᠬᠢᠵᠢᠭ᠍ᠰᠡᠨ ᠪᠠ ᠬᠦᠭᠵᠢᠭᠰᠡᠨ ᠢ ᠲᠠᠨᠢᠭᠤᠯᠤᠭᠰᠠᠨ ᠪᠠᠶᠢᠨ᠎ᠠ᠃ ᠡᠬᠦᠨ ᠤ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠨᠡᠶᠢᠭᠡᠮ ᠤᠨ ᠬᠤᠪᠢᠰᠬᠠᠯ ᠢ ᠠᠬᠢᠭᠤᠯᠬᠤ ᠶᠢᠨ ᠬᠠᠮᠲᠤ ᠦᠪᠡᠷ ᠤᠨ ᠲᠦᠢᠯᠪᠤᠷᠢᠲᠠᠢ ᠬᠤᠪᠢᠰᠬᠠᠯ ᠬᠢᠵᠦ᠂ ᠢᠮᠠᠭᠲᠠ ᠲᠡᠷᠢᠭᠦᠨ ᠤ ᠴᠢᠨᠠᠷ ᠪᠠ ᠠᠷᠢᠭᠤᠨ ᠴᠢᠭᠡᠴᠢ ᠴᠢᠨᠠᠷ ᠢᠶᠠᠨ ᠪᠠᠲᠤᠯᠠᠵᠦ ᠢᠷᠡᠭᠰᠡᠨ ᠬᠡᠳᠡᠭ ᠢ ᠲᠣᠳᠣᠷᠬᠠᠶᠢᠯᠠᠨ ᠲᠠᠶᠢᠯᠪᠤᠷᠢᠯᠠᠬᠤ ᠶᠢᠨ ᠬᠠᠮᠲᠦ ᠳᠤᠮᠳᠠᠳᠤ ᠤᠯᠤᠰ ᠤᠨ ᠡᠪ ᠬᠠᠮᠲᠤ ᠨᠠᠮ ᠤᠨ ︽ᠴᠢᠳᠠᠪᠤᠷᠢ︾ ᠨᠢ ᠲᠥᠷᠥᠯᠬᠢ ᠶᠢᠨ ᠪᠢᠰᠢ᠂ ᠬᠠᠷᠢᠨ ᠤᠷᠳᠤ ᠬᠤᠭᠤᠴᠠᠭᠠᠨ ᠤ ᠨᠡᠶᠢᠭᠡᠮ ᠤᠨ ᠬᠤᠪᠢᠰᠬᠠᠯ ᠪᠣᠯᠤᠨ ᠥᠪᠡᠷ ᠤᠨ ᠬᠤᠪᠢᠰᠬᠠᠯ ᠳᠤᠮᠳᠠ ᠳᠠᠪᠲᠠᠭᠳᠠᠨ ᠪᠤᠯᠪᠠᠰᠤᠷᠠᠭᠳᠠᠵᠦ ᠪᠤᠢ ᠪᠤᠯᠤᠭᠰᠠᠨ ᠶᠤᠮ ᠭᠡᠵᠦ ᠵᠢᠭᠠᠵᠦ ᠭᠠᠷᠭᠠᠪᠠ᠃ ᠤᠯᠠᠨ ᠢᠶᠠᠷ ᠢᠶᠠᠨ ᠨᠠᠮ ᠤᠨ ᠵᠠᠭᠤᠨ ᠵᠢᠯ ᠤᠨ ᠲᠤᠷᠰᠢᠬᠢ ᠲᠡᠦᠬᠡ ᠶᠢ ᠰᠤᠷᠤᠯᠴᠠᠬᠤ ᠪᠠᠷ ᠲᠠᠮᠵᠢᠨ᠂ ᠲᠡᠦᠬᠡ ᠪᠣᠯᠤᠨ ᠠᠷᠠᠳ ᠲᠦᠮᠡᠨ ᠶᠠᠭᠠᠬᠢᠭᠠᠳ ᠨᠡᠶᠢᠭᠡᠮ ᠵᠢᠷᠤᠮ ᠤᠨ ᠵᠠᠮ ᠢ ᠰᠣᠩᠭᠤᠭᠰᠠᠨ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠵᠥᠪ ᠣᠨᠣᠪᠴᠢᠲᠤ ᠴᠢᠨᠠᠷ ᠢ ᠭᠦᠨᠵᠡᠭᠡᠢ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠳᠡᠶᠢᠯᠬᠦ︾᠂ ︽ᠮᠠᠷᠺᠰ ᠤᠨ ᠦᠵᠡᠯ ᠶᠠᠭᠠᠬᠢᠭᠠᠳ ᠪᠣᠯᠬᠤ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠪᠣᠯᠬᠤ︾ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠴᠤᠷ ᠤᠨ ᠭᠠᠭᠴᠠ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠳᠡᠭ ᠢ ᠤᠶᠢᠯᠠᠭᠠᠪᠠ᠃    ᠲᠣᠰ  ᠤᠳᠠᠭᠠᠨ ᠤ  ᠨᠠᠮ ᠤᠨ ᠬᠢᠴᠢᠶᠡᠯ ᠨᠢ ᠠᠯᠪᠠᠨ ᠬᠡᠷ ᠤᠨ ᠪᠥᠬᠦ ᠺᠠᠳ᠋ᠷ ᠠᠵᠢᠯᠲᠠᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠶᠢ ᠨᠢ ᠲᠡᠭᠡᠭᠰᠢᠯᠡᠭᠦᠯᠵᠦ᠂  ᠬᠤᠶᠢᠰᠢᠳᠠ ᠶᠢᠨ ᠠᠵᠢᠯ ᠳᠤ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠪᠥᠬᠦ ᠺᠠᠳ᠋ᠷ ᠠᠵᠢᠯᠲᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂  ᠤᠯᠠᠨ ᠤ ᠰᠡᠳᠬᠢᠯ  ᠳᠤ ᠬᠠᠳᠠᠩᠰᠢᠭᠤᠯᠤᠨ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠦ᠂ ᠦᠵᠡᠯᠲᠡ ᠲᠠᠨᠢᠯᠲᠠ ᠪᠠ ᠦᠢᠯᠡ ᠠᠵᠢᠯᠯᠠᠭ᠎ᠠ ᠪᠠᠨ ᠨᠢᠬᠡᠲᠦᠯᠵᠢᠬᠦᠯᠬᠦ  ᠳᠤ ᠲᠤᠩ ᠴᠢᠬᠤᠯᠠ ᠠᠴᠢ ᠬᠤᠯᠪᠤᠭᠳᠠᠯ ᠲᠠᠢ ᠠᠵᠢᠯᠯᠠᠭ᠎ᠠ ᠪᠤᠯᠤᠭᠰᠠᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号