ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/23
     12 ᠳ᠋ᠤᠭᠠᠷ ᠰᠠᠷ᠎ᠠ ᠶᠢᠨ 22 ᠤᠨ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ  ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃  ᠲᠤᠬᠠᠢ ᠶᠢᠨ ᠭᠠᠵᠠᠷ ᠤᠨ ᠲᠣᠳᠣᠯᠠᠭᠰᠠᠨ 16 ᠡᠪᠡᠳᠴᠢᠨ ᠤ ᠵᠢᠱᠢᠶ᠎ᠡ ︵ᠴᠥᠮ ᠬᠥᠯᠥᠨ ᠪᠣᠶᠢᠷ ᠤᠨ ᠮᠠᠨᠵᠤᠤᠷ ᠬᠤᠲᠠ ᠳᠤ ᠪᠤᠢ︶ ᠡᠷᠡᠭᠦᠯᠵᠢᠵᠦ ᠡᠮᠨᠡᠯᠭᠡ ᠠᠴᠠ  ᠭᠠᠷᠴᠠᠢ᠃       12 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ  ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 327 ︵ᠬᠥᠯᠥᠨ ᠪᠣᠶᠢᠷ ᠤᠨ  ᠮᠠᠨᠵᠤᠤᠷ ᠬᠤᠲᠠ ᠳᠤ 319᠂ ᠰᠢᠨ᠎ᠡ ᠪᠠᠷᠭᠤ ᠪᠠᠷᠠᠭᠤᠨ ᠬᠤᠰᠢᠭᠤᠨ ᠳᠤ 7︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 1 ᠡᠪᠡᠳᠴᠢᠨ ᠤ ᠵᠢᠱᠢᠶ᠎ᠡ   ᠨᠢ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ ᠪᠤᠢ︶ ᠪᠠᠶᠢᠨ᠎ᠠ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠵᠦ᠂  ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ  ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号