ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/27
         12 ᠳ᠋ᠤᠭᠠᠷ ᠰᠠᠷ᠎ᠠ ᠶᠢᠨ 26 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ  ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃  ᠲᠤᠬᠠᠢ ᠶᠢᠨ ᠭᠠᠵᠠᠷ ᠤᠨ ᠲᠣᠳᠣᠯᠠᠭᠰᠠᠨ 25 ᠡᠪᠡᠳᠴᠢᠨ ᠤ ᠵᠢᠱᠢᠶ᠎ᠡ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠡᠷᠡᠭᠦᠯᠵᠢᠵᠦ ᠡᠮᠨᠡᠯᠭᠡ ᠠᠴᠠ  ᠭᠠᠷᠴᠠᠢ᠃        12 ᠳ᠋ᠤᠭᠠᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ  ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 160 ︵ᠬᠥᠯᠥᠨ ᠪᠤᠶᠢᠷ ᠤᠨ  ᠮᠠᠨᠵᠤᠤᠷ ᠬᠤᠲᠠ ᠳᠤ 157᠂ ᠰᠢᠨ᠎ᠡ ᠪᠠᠷᠭᠤ ᠪᠠᠷᠠᠭᠤᠨ ᠬᠤᠰᠢᠭᠤᠨ ᠳᠤ 3 ᠪᠤᠢ︶ ᠪᠠᠶᠢᠨ᠎ᠠ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ  ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ  ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号