ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ︽ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠠᠬᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠬᠤ ᠮᠡᠳᠡᠭᠳᠠᠯ
ᠨᠡᠶᠢᠲᠡᠯᠡᠭᠰᠡᠨ ᠴᠠᠭ᠄
2021/12/29
ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠢᠩᠬᠢᠮ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠪᠣᠭᠤᠮᠲᠠ ᠶᠢᠨ ᠠᠯᠪᠠᠨ ᠬᠡᠷ᠂ ᠡᠯ᠎ᠡ ᠲᠥᠪ ᠲᠤ᠄        ᠡᠳᠦᠭᠡ ︽ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠠᠬᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠭᠤᠯᠤᠨ ᠬᠡᠷᠡᠭᠵᠢᠭᠦᠯᠲᠦᠭᠡᠢ᠃                        2021 ᠣᠨ ᠤ 4 ᠰᠠᠷ᠎ᠠ ᠶᠢᠨ 21 ᠤ ᠡᠳᠦᠷ

       ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠠᠬᠢ ᠬᠤᠳᠠᠯᠳᠤᠭ᠎ᠠ ᠡᠵᠡᠩᠨᠡᠬᠦ

       ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ

       ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ ᠤᠯᠠᠨ ᠤᠯᠤᠰᠴᠢᠯᠠᠬᠤ ᠬᠤᠳᠠᠯᠳᠤᠭ᠎ᠠ ᠡᠵᠡᠩᠨᠡᠬᠦ

ᠤᠷᠴᠢᠨ ᠨᠦᠬᠦᠴᠡᠯ ᠢ ᠦᠷᠭᠦᠯᠵᠢᠯᠡᠨ ᠪᠣᠶ ᠪᠣᠯᠭᠠᠵᠤ᠂ ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠠᠬᠢ

ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠲᠡᠯᠡᠬᠡᠢ ᠨᠠᠶᠢᠲᠠ ᠳᠠᠬᠢ ᠥᠷᠢᠰᠦᠯᠳᠦᠬᠦ ᠬᠦᠴᠦᠨ ᠢ ᠪᠦᠬᠦ

ᠲᠦᠪᠰᠢᠨ ᠪᠠᠷ ᠳᠡᠭᠡᠭᠰᠢᠯᠡᠭᠦᠯᠬᠦ ᠶᠢᠨ ᠲᠦᠯᠦᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠤᠳᠠᠯᠳᠤᠭ᠎ᠠ

ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾ ᠢ ᠦᠨᠳᠦᠰᠦᠯᠡᠨ᠂ ᠬᠤᠳᠠᠯᠳᠤᠭᠠᠨ ᠤ ᠶᠠᠪᠤᠳᠠᠯ ᠤᠨ

ᠪᠣᠭᠤᠮᠲᠠ ᠶᠢᠨ ᠪᠣᠳᠠᠲᠠᠶ ᠲᠠᠢ ᠤᠶᠠᠯᠳᠤᠭᠤᠯᠵᠦ ᠳᠣᠤᠷᠠᠬᠢ ᠮᠡᠲᠦ ᠠᠵᠢᠯ ᠤᠨ ᠠᠷᠭ᠎ᠠ ᠬᠡᠮᠵᠢᠶ᠎ᠡ ᠤᠳ ᠢ ᠲᠤᠭᠳᠠᠭᠠᠪᠠ

       ᠨᠢᠭᠡ᠂ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ

ᠠᠮᠢᠵᠢᠷᠠᠯ ᠤᠨ ᠬᠦᠴᠦᠨ ᠢ ᠬᠥᠭᠵᠢᠭᠡᠨ᠎ᠡ

       1. ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠲᠤᠳᠤᠷᠬᠠᠢ ᠬᠠᠭᠤᠳᠠᠰᠤ ᠶᠢᠨ

ᠲᠦᠷᠢᠮ ᠢ ᠲᠤᠭᠤᠰᠢᠭᠤᠯᠤᠨ ᠨᠠᠶᠢᠳᠠᠪᠤᠷᠢᠵᠢᠭᠤᠯᠵᠤ᠂ ︽ᠨᠢᠭᠡ ᠬᠠᠭᠤᠳᠠᠰᠤᠨ ᠳᠤ ᠪᠦᠬᠦᠨ ᠢ ᠵᠢᠭᠰᠠᠭᠠᠨ᠂

ᠠᠰᠲᠠᠭᠠᠨ ᠬᠠᠭᠤᠳᠠᠰᠤ ᠥᠬᠡᠶ ᠪᠠᠶᠢᠬᠤ︾ ᠶᠢ ᠪᠡᠶᠡᠯᠡᠭᠦᠯᠦᠨ᠂ ᠨᠠᠵᠠᠭᠠᠶ ᠲᠠᠯ᠎ᠠ ᠶᠢᠨ ᠲᠤᠳᠤᠷᠬᠠᠢ ᠬᠠᠭᠤᠳᠠᠰᠤ ᠳᠤ

ᠪᠠᠭᠲᠠᠭᠠᠰᠠᠨ ᠦᠬᠡᠢ ᠠᠵᠢᠯ ᠲᠥᠷᠥᠯ ᠤᠨ ᠬᠠᠷᠢᠶᠠᠨ ᠳᠤ ︽ᠬᠤᠷᠢᠭ᠎ᠠ ᠥᠬᠡᠶ ᠪᠣᠯ ᠲᠠᠷᠤᠢ ᠣᠷᠣᠭᠤᠯᠬᠤ︾ ᠶᠢ

ᠦᠨᠡᠨᠬᠦ ᠪᠠᠲᠤᠯᠠᠨ᠎ᠠ᠃

       2. ᠵᠠᠰᠠᠭ ᠵᠠᠬᠢᠷᠭᠠᠨ ᠤ ᠵᠥᠪᠰᠢᠶᠡᠷᠡᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂

ᠣᠲᠣ ᠶᠢᠨ ᠬᠡᠷᠡᠭᠵᠢᠬᠦᠯᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠤᠶᠢᠯ ᠳᠤ ᠲᠤᠭᠳᠠᠭᠠᠭᠰᠠᠨ

ᠦᠨᠳᠦᠰᠦᠯᠡᠯ᠂ ᠵᠥᠪᠰᠢᠶᠡᠷᠡᠬᠦ ᠨᠥᠬᠦᠴᠡᠯ᠂ ᠬᠡᠷᠡᠭ ᠬᠦᠢᠴᠡᠳᠬᠡᠬᠦ ᠲᠠᠰ ᠳᠠᠷᠠᠭᠠᠯᠠᠯ᠂ ᠭᠤᠶᠤᠴᠢᠯᠠᠬᠤ ᠮᠠᠲ᠋ᠧᠷᠢᠶᠠᠯ

ᠵᠡᠷᠭᠡ ᠴᠢᠬᠤᠯᠠ ᠵᠦᠢᠯᠡᠰ ᠢ ᠡᠮᠬᠢᠯᠡᠡ᠂ ᠶᠠᠪᠤᠴᠠ᠂ ᠮᠠᠲ᠋ᠧᠷᠢᠶᠠᠯ᠂ ᠴᠠᠭ ᠤᠨ ᠬᠢᠵᠠᠭᠠᠷ ᠵᠡᠷᠭᠡ ᠶᠢ ᠨᠢ ᠪᠦᠷ

ᠦᠷᠭᠦᠯᠵᠢᠯᠡᠨ ᠬᠠᠰᠤᠨ᠎ᠠ᠃

       3. ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠤ ᠲᠣᠭᠲᠠᠭᠠᠭᠰᠠᠨ ᠠᠵᠤ ᠠᠬᠤᠶᠢᠯᠠᠯ ᠤᠨ ᠣᠨ ᠤ

ᠪᠠᠶᠢᠴᠠᠭᠠᠯᠲᠠ᠂ ᠣᠨ ᠤ ᠮᠡᠳᠡᠭᠦᠯᠦᠯᠲᠡ ᠶᠢᠨ ᠵᠤᠶᠢᠯ ᠢ ᠡᠮᠬᠢᠯᠡᠡ᠂ ᠣᠨ ᠤ ᠪᠠᠶᠢᠴᠠᠭᠠᠯᠲᠠ ᠶᠢ ᠣᠨ ᠤ

ᠮᠡᠳᠡᠭᠦᠯᠦᠯᠲᠡ ᠪᠤᠯᠭᠠᠨ ᠦᠭᠡᠷᠡᠴᠢᠯᠠᠬᠦ ᠶᠢ ᠬᠡᠰᠡᠭ ᠪᠦᠯᠦᠭ ᠢᠶᠠᠷ ᠪᠡᠶᠡᠯᠡᠬᠦᠯᠵᠦ᠂ ᠣᠨ ᠤ ᠮᠡᠳᠡᠭᠦᠯᠦᠯᠲᠡ ᠶᠢᠨ

ᠵᠤᠶᠢᠯᠡᠰ ᠤᠨ ︽ᠣᠯᠠᠨ ᠮᠡᠳᠡᠭᠦᠯᠦᠯᠲᠡ ᠶᠢ ᠨᠢᠭᠡᠳᠬᠡᠬᠦ᠂ ᠰᠤᠷᠠᠭ ᠵᠠᠩᠭᠢ ᠶᠢ ᠬᠠᠮᠲᠤᠪᠠᠷ ᠭᠥᠷᠳᠡᠬᠦ︾ ᠶᠢ

ᠠᠬᠢᠭᠤᠯᠤᠨ᠎ᠠ᠃

       4. ᠰᠠᠯᠠᠭ᠎ᠠ ᠮᠥᠴᠢᠷ ᠤᠳ ᠤᠨ ᠬᠠᠮᠲᠤᠷᠠᠯᠴᠠᠬᠤ ᠶᠢ ᠴᠢᠩᠭᠠᠳᠬᠠᠨ᠂ ᠲᠤᠭ᠎ᠠ ᠪᠠᠷᠢᠮᠲᠠ ᠶᠢ ᠬᠠᠮᠲᠤᠪᠠᠷ

ᠭᠥᠷᠳᠡᠬᠦ ᠶᠢ ᠠᠬᠢᠭᠤᠯᠵᠤ᠂ ︽ᠭᠠᠳᠠᠭᠠᠳᠤ ᠠᠷᠠᠯᠵᠢᠶ᠎ᠠ ᠡᠵᠡᠩᠨᠡᠭᠴᠢ ᠶᠢ ᠲᠠᠩᠰᠠᠯᠠᠬᠤ︾᠂ ︽ᠣᠯᠠᠨ ᠤᠯᠤᠰ ᠤᠨ

ᠪᠠᠷᠠᠭᠠᠨ ᠤ ᠲᠡᠭᠡᠭᠡᠪᠦᠷᠢ ᠶᠢ ᠣᠷᠣᠯᠠᠨ ᠬᠦᠢᠴᠡᠳᠬᠡᠭᠦ ᠠᠵᠤ ᠠᠬᠤᠶᠢᠯᠠᠯ ᠢ ᠲᠠᠩᠰᠠᠯᠠᠬᠤ︾᠂ ︽ᠳᠠᠬᠢᠯᠲᠠ ᠡᠬᠢ

ᠪᠠᠶᠠᠯᠢᠭ ᠤᠨ ᠡᠵᠡᠩᠨᠡᠭᠴᠢ ᠶᠢ ᠲᠠᠩᠰᠠᠯᠠᠬᠤ︾᠂ ︽ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ

ᠳᠡᠯᠭᠡᠭᠦᠷ ᠤᠨ ᠡᠵᠡᠩᠨᠡᠭᠴᠢ ᠶᠢ ᠲᠠᠩᠰᠠᠯᠠᠬᠤ︾᠂ ︽ᠭᠠᠷ ᠳᠠᠮᠵᠢᠭᠰᠠᠨ ᠮᠠᠰᠢᠨ ᠲᠡᠷᠭᠡᠨ ᠤ ᠡᠵᠡᠩᠨᠡᠯᠲᠡ ᠶᠢᠨ ᠭᠤᠤᠯ

ᠴᠣᠭᠴᠠ ᠶᠢ ᠲᠠᠩᠰᠠᠯᠠᠬᠤ︾᠂ ︽ᠮᠠᠰᠢᠨ ᠲᠡᠷᠭᠡᠨ ᠤ ᠬᠠᠩᠭᠠᠯᠭ᠎ᠠ ᠶᠢᠨ ᠬᠤᠳᠠᠯᠳᠤᠭᠠᠴᠢᠨ ᠪᠠ ᠡᠵᠡᠩᠨᠡᠨ

ᠪᠣᠷᠣᠯᠠᠭᠤᠯᠬᠤ ᠬᠤᠳᠠᠯᠳᠤᠭᠠᠴᠢᠨ‌ᠢ ᠲᠠᠩᠰᠠᠯᠠᠬᠤ︾ ᠵᠡᠷᠭᠡ ᠵᠤᠶᠢᠯᠠᠰ ᠤᠨ ︽ᠣᠯᠠᠨ ᠦᠨᠡᠮᠯᠡᠯ ᠤᠳ ᠢ ᠨᠡᠶᠢᠯᠡᠭᠦᠯᠦᠨ

ᠨᠢᠭᠡᠯᠡ ᠪᠣᠯᠭᠠᠬᠤ︾ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃

       5. ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠨ᠎ᠡ

ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠪᠠ ᠪᠣᠯᠪᠠᠰᠤᠷᠠᠭᠤᠯᠤᠭᠰᠠᠨ ᠴᠢᠯᠠᠭᠤᠨ

ᠲᠣᠰᠣᠨ ᠤ ᠡᠵᠡᠩᠨᠡᠯᠲᠡ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠳᠡᠭᠡᠨ ᠵᠥᠪᠰᠢᠶᠡᠷᠡᠨ ᠣᠷᠣᠭᠤᠯᠬᠤ

ᠦᠢᠯᠡᠴᠢᠯᠡᠭᠡ ᠶᠢ ᠰᠢᠯᠢᠳᠡᠭᠵᠢᠭᠦᠯᠬᠦ ᠶᠠᠪᠤᠴᠠ ᠳᠠᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ

ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃

       6. ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠡᠯ᠎ᠡ

ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠯᠡ ᠪᠠᠷ ᠡᠷᠬᠡ ᠲᠡᠭᠰᠢ ᠲᠥᠪ ᠭᠤᠤᠯᠴᠢ ᠪᠠᠷ ᠵᠠᠬ᠎ᠠ

ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠬᠠᠤᠯᠢ ᠶᠣᠰᠣᠭᠠᠷ ᠬᠠᠮᠠᠭᠠᠯᠠᠨ᠎ᠠ᠃

       ᠬᠤᠶᠠᠷ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ

ᠵᠢᠷᠤᠮᠵᠢᠭᠤᠯᠤᠨ᠎ᠠ  

       7. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ

ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ

ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ

ᠬᠠᠷᠢᠶᠠᠨ ᠳᠠᠬᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ

ᠰᠠᠭᠤᠷᠢ ᠪᠠᠷᠢᠮᠵᠢᠶ᠎ᠠ ᠶᠢᠨ ᠲᠦᠷᠢᠮ ᠳᠤ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ

ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠦᠨ᠎ᠡ᠃

       8. ᠬᠤᠳᠠᠯᠳᠤᠭᠠᠨ ᠤ ᠶᠠᠪᠤᠳᠠᠯ ᠤᠨ ᠬᠠᠷᠢᠶᠠᠨ ᠤ ᠤᠴᠢᠷ ᠶᠠᠪᠤᠳᠠᠯ ᠤᠨ ᠳᠤᠮᠳᠠᠬᠢ ᠪᠠ ᠤᠴᠢᠷ

ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂

ᠨᠢᠭᠡ ᠶᠢ ᠢᠯᠡ ᠨᠡᠶᠢᠲᠡᠯᠡᠬᠦ︾ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠢᠨᠲ᠋ᠧᠷ

ᠰᠦᠯᠵᠢᠶ᠎ᠡ + ᠬᠢᠨᠡᠵᠦ ᠬᠠᠮᠢᠶᠠᠷᠬᠤ︾ ᠶᠢ ᠠᠬᠢᠭᠤᠯᠤᠨ᠎ᠠ᠃ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠢᠨᠠᠨ

ᠬᠠᠮᠢᠶᠠᠷᠬᠤ ᠳᠤ ᠢᠳᠡᠪᠬᠢᠲᠡᠶ ᠣᠷᠣᠯᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ

ᠴᠠᠷᠠᠭ᠎ᠠ ᠶᠢᠨ ᠰᠠᠯᠠᠭ᠎ᠠ ᠮᠥᠴᠢᠷ ᠤᠳ ᠲᠠᠢ ᠬᠠᠮᠵᠢᠯᠴᠠᠵᠦ ᠪᠠᠶᠢᠭᠠᠳ ᠬᠤᠯᠪᠤᠭᠠᠯᠠᠨ ᠰᠤᠭᠤᠴᠢᠨ ᠪᠠᠶᠢᠴᠠᠭᠠᠬᠤ ᠠᠵᠢᠯ

 ᠢ ᠰᠠᠶᠢᠲᠤᠷ ᠬᠢᠨ᠎ᠠ᠃ ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠠᠬᠢ ᠢᠲᠡᠭᠡᠮᠵᠢ ᠶᠢᠨ ᠰᠢᠰᠲ᠋ᠧᠮᠵᠢ ᠶᠢᠨ

ᠪᠠᠶᠢᠭᠤᠯᠤᠯᠲᠠ ᠶᠢ ᠠᠬᠢᠭᠤᠯᠵᠤ᠂ ︽ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠶᠢ ᠬᠥᠭᠵᠢᠭᠦᠯᠬᠦ︾

ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂

ᠦᠨᠡᠨᠴᠢ ᠢᠲᠡᠭᠡᠮᠵᠢᠲᠡᠶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠪᠣᠶ ᠪᠣᠯᠭᠠᠨ᠎ᠠ᠃

       9. ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠤᠶᠢᠯᠠᠰ ᠤᠨ ᠪᠣᠯᠪᠠᠰᠤᠷᠠᠭᠤᠯᠤᠯ᠂

ᠵᠢᠯᠣᠭᠤᠳᠣᠯᠭ᠎ᠠ᠂ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃ ᠠᠶᠢᠮᠠᠭ ᠬᠤᠲᠠ ᠶᠢᠨ ᠬᠤᠳᠠᠯᠳᠤᠭᠠᠨ ᠤ

ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂

ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠤᠶᠢᠯᠠᠰ ᠢ ᠵᠠᠯᠭᠠᠨ ᠵᠣᠯᠭᠠᠭᠤᠯᠬᠤ ᠠᠵᠢᠯ ᠢ ᠰᠠᠶᠢᠲᠤᠷ

ᠬᠢᠵᠦ᠂ ᠵᠠᠯᠭᠠᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠪᠠᠨ ᠦᠨᠡᠨᠬᠦ ᠪᠠᠲᠤᠯᠠᠬᠤ ᠬᠡᠷᠡᠭᠲᠡᠶ᠃

       10. ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ

ᠮᠥᠴᠢᠷ ᠤᠳ ᠪᠣᠯᠪᠠᠰᠤᠷᠠᠭᠤᠯᠤᠭᠰᠠᠨ ᠲᠣᠰᠣᠨ ᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠬᠢᠷᠢ ᠬᠡᠮ ᠢ ᠬᠢᠨᠠᠨ

ᠵᠥᠪᠰᠢᠶᠡᠷᠡᠬᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠭᠤᠶᠤᠴᠢᠯᠠᠯ ᠢ ᠭᠥᠯᠢᠶᠡᠨ

ᠠᠪᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠪᠠᠨ ᠪᠡᠶᠡᠯᠡᠭᠦᠯᠬᠦ ᠬᠡᠷᠡᠭᠲᠡᠶ᠃

ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠦᠷᠢᠮ ᠢ

ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ

ᠬᠠᠮᠢᠶᠠᠷᠤᠯᠲᠠ ᠶᠢ ᠴᠢᠩᠭᠠᠳᠬᠠᠨ᠎ᠠ᠃

       11.ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ

ᠬᠡᠮ ᠢ ᠮᠠᠭᠠᠳᠯᠠᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠠᠶᠢᠮᠠᠭ ᠬᠤᠲᠠ ᠶᠢᠨ

ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠬᠠᠶᠠᠭᠳᠠᠮᠠᠯ ᠮᠠᠰᠢᠨ

ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ

ᠠᠩᠬᠠᠨ ᠤ ᠬᠢᠨᠠᠯᠲᠠ ᠶᠢ ᠬᠠᠷᠢᠭᠤᠴᠠᠭᠤᠯᠤᠨ᠎ᠠ᠃ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠬᠤ ᠠᠵᠤ

ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ

ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ

ᠬᠢᠷᠢ ᠬᠡᠮ ᠢ ᠮᠠᠭᠠᠳᠯᠠᠨ ᠲᠣᠭᠲᠠᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠲᠤᠰᠬᠠᠶ

ᠮᠡᠷᠭᠡᠵᠢᠯᠲᠡᠨ ᠤ ᠳᠤᠭᠤᠶᠢᠯᠠᠩ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠪᠠᠶᠢᠭᠤᠯᠵᠤ ᠭᠤᠶᠤᠴᠢᠯᠠᠭᠰᠠᠨ ᠠᠵᠤ

ᠠᠬᠤᠶᠢᠯᠠᠯ ᠢ ᠲᠤᠬᠠᠶ ᠶᠢᠨ ᠭᠠᠵᠠᠷ ᠲᠤᠨᠢ ᠰᠢᠯᠭᠠᠨ ᠠᠪᠴᠤ ᠬᠢᠨᠠᠨ ᠲᠤᠭᠲᠠᠭᠠᠯᠲᠠ ᠬᠢᠨ᠎ᠠ᠃

       12.ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠭᠤᠯᠭ᠎ᠠ ᠶᠢ

ᠴᠢᠩᠭᠠᠳᠬᠠᠵᠤ᠂ ᠵᠣᠬᠢᠶᠠᠨ ᠪᠠᠶᠢᠭᠤᠯᠤᠭᠰᠠᠨ ᠳᠡᠯᠭᠡᠨ ᠦᠵᠡᠭᠦᠯᠬᠦ᠂ ᠳᠡᠯᠭᠡᠨ ᠪᠤᠷᠤᠯᠠᠭᠤᠯᠭ᠎ᠠ᠂ ᠵᠦᠪᠳᠠᠯᠴᠡᠨ

ᠬᠡᠯᠡᠯᠴᠡᠬᠦ ᠵᠡᠷᠭᠡ ᠠᠵᠢᠯᠯᠠᠭ᠎ᠠ ᠶᠢᠨ ᠳᠤᠮᠳᠠ᠂ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠤᠨ ᠮᠡᠳᠡᠯᠭᠡ ᠶᠢᠨ

ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠶᠢ ᠴᠢᠩᠭ᠎ᠠ

ᠱᠠᠭᠠᠷᠳᠠᠬᠤ ᠬᠡᠷᠡᠭᠲᠡᠶ᠃ ᠨᠠᠮ ᠵᠠᠰᠠᠭ ᠤᠨ ᠪᠠᠶᠢᠭᠤᠯᠭ᠎ᠠ ᠳᠡᠯᠭᠡᠨ ᠪᠤᠷᠤᠯᠠᠭᠤᠯᠭ᠎ᠠ ᠶᠢᠨ ᠠᠵᠢᠯᠯᠠᠭ᠎ᠠ ᠶᠢᠨ ᠭᠤᠤᠯᠯᠠᠨ

ᠡᠷᠭᠢᠯᠡᠬᠦ ᠲᠠᠯ᠎ᠠ ᠪᠣᠯᠤᠭᠰᠠᠨ ᠤ ᠬᠤᠪᠢ ᠳᠤ ᠳᠡᠯᠭᠡᠨ ᠪᠤᠷᠤᠯᠠᠭᠤᠯᠭ᠎ᠠ ᠶᠢᠨ ᠠᠵᠢᠯᠯᠠᠭ᠎ᠠ ᠡᠷᠭᠢᠯᠡᠬᠦ ᠳᠡᠭᠡᠨ ᠡᠷᠬᠡᠪᠰᠢ

ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠥᠰᠦᠯ ᠲᠣᠭᠲᠠᠭᠠᠬᠤ ᠬᠡᠷᠡᠭᠲᠡᠶ᠃

       ᠭᠤᠷᠪᠠ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ

ᠬᠠᠮᠤᠭ ᠤᠨ ᠶᠡᠭᠡ ᠲᠦᠬᠦᠮ ᠲᠦᠲᠡ ᠦᠵᠡᠭᠦᠯᠦᠨ᠎ᠡ

       13. ︽ᠭᠡᠷ ᠲᠡᠭᠡᠨ ᠪᠠᠨ ᠬᠦᠢᠴᠡᠳᠬᠡᠬᠦ᠂ ᠰᠦᠯᠵᠢᠶᠡᠨ ᠳᠡᠭᠡᠷ᠎ᠡ ᠬᠦᠢᠴᠡᠳᠬᠡᠬᠦ᠂ ᠨᠢᠭᠡ ᠯᠡ ᠤᠳᠠᠭ᠎ᠠ ᠳᠤ

ᠬᠦᠢᠴᠡᠳᠬᠡᠬᠦ︾ ᠪᠠ ︽ᠨᠢᠭᠤᠷ ᠤᠴᠠᠷᠠᠬᠤ ᠥᠬᠡᠶ︾ ᠬᠢᠨᠠᠨ ᠵᠥᠪᠰᠢᠶᠡᠷᠡᠬᠦ ᠶᠢ ᠨᠠᠶᠢᠳᠠᠪᠤᠷᠢᠵᠢᠭᠤᠯᠤᠨ᠎ᠠ᠃ ᠵᠠᠰᠠᠭ

ᠵᠠᠬᠢᠷᠭᠠᠨ ᠤ ᠡᠷᠬᠡ ᠶᠢᠨ ᠵᠦᠢᠯᠡᠰ ᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠬᠦᠯᠦᠨ᠎ᠠ᠃

ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠴᠤ ᠪᠠᠶᠢᠭ᠎ᠠ 16

ᠵᠤᠶᠢᠯ ᠤᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠤᠶᠢᠯᠡᠰ ᠢ ᠪᠦᠬᠦᠨ ᠢ

ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠢᠩᠬᠢᠮ ᠳᠤ

ᠣᠷᠣᠭᠤᠯᠵᠤ᠂ ︽ᠨᠢᠭᠡ ᠯᠡ ᠴᠣᠩᠬᠤ ᠪᠠᠷ ᠬᠦᠯᠢᠶᠡᠨ ᠠᠪᠴᠤ ᠰᠡᠢᠳᠪᠦᠷᠢᠯᠡᠬᠦ︾ ᠶᠢ ᠪᠡᠶᠡᠯᠡᠬᠦᠯᠦᠨ᠎ᠠ᠃

ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ᠂ ᠭᠠᠷ ᠤᠨ ᠥᠰᠥᠭ ᠵᠢᠷᠤᠬᠤ᠂ ᠭᠠᠷᠭᠠᠨ ᠠᠪᠬᠤ ᠵᠡᠷᠭᠡ

ᠭᠤᠭᠴᠤᠭ᠎ᠠ ᠳᠤ ᠡᠯᠧᠺᠲᠷᠣᠨ ᠭᠡᠷᠡᠴᠢᠯᠡᠭᠡ ᠬᠢᠬᠦ᠂ ︽ᠲᠦᠷᠭᠡᠨ ᠬᠦᠷᠭᠡᠯᠲᠡ + ᠵᠠᠰᠠᠭ ᠤᠨ ᠶᠠᠪᠤᠳᠠᠯ ᠤᠨ

ᠦᠢᠯᠡᠴᠢᠯᠡᠭᠡ︾ ᠶᠢᠨ ᠠᠷᠭ᠎ᠠ ᠮᠠᠶ᠋ᠢᠭ ᠢᠶᠠᠷ ᠪᠡᠶᠡᠯᠡᠭᠦᠯᠬᠦ ᠶᠢ ᠳᠥᠯᠭᠢᠨ ᠠᠬᠢᠭᠤᠯᠤᠨ᠎ᠠ᠃

       14. ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠥᠪᠡᠷᠲᠡᠭᠡᠨ ᠵᠠᠰᠠᠬᠤ ᠣᠷᠣᠨ ᠤ

ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠴᠤ ᠪᠠᠶᠢᠭ᠎ᠠ ᠬᠢᠵᠠᠭᠠᠷᠯᠠᠬᠤ ᠲᠥᠷᠥᠯ ᠤᠨ ᠮᠡᠷᠭᠡᠵᠢᠯ ᠢ

ᠭᠠᠳᠠᠭᠠᠳᠤ ᠠᠴᠠ ᠣᠷᠣᠭᠤᠯᠵᠤ ᠭᠠᠷᠭᠠᠬᠤ ᠵᠦᠪᠰᠢᠶᠡᠷᠡᠯ᠂ ᠡᠳ᠋ ᠪᠠᠷᠠᠭ᠎ᠠ ᠶᠢ ᠣᠷᠣᠭᠤᠯᠵᠤ ᠭᠠᠷᠭᠠᠬᠤ ᠵᠥᠪᠰᠢᠶᠡᠷᠡᠯ᠂

ᠦᠨ᠎ᠡ ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ᠂ ᠤᠯᠤᠰ ᠤᠨ ᠳᠣᠲᠣᠭᠠᠳᠤ ᠶᠢᠨ ᠠᠵᠤ

ᠠᠬᠤᠶᠢᠯᠠᠯ ᠤᠨ ᠬᠢᠯᠢ ᠶᠢᠨ ᠭᠠᠳᠠᠨ᠎ᠠ ᠡᠷᠭᠢᠯᠡᠭᠰᠡᠨ ᠠᠵᠤ ᠠᠬᠤᠶᠢᠯᠠᠯ ᠤᠨ ᠳᠡᠩᠰᠡᠯᠡᠯᠲᠡ ︵ᠬᠠᠷᠭᠤᠭᠤᠯᠤᠨ

ᠵᠥᠪᠰᠢᠶᠡᠷᠡᠭᠰᠡᠨ ᠠᠩᠬᠠᠨ ᠤ ᠬᠢᠨᠠᠯᠲᠠ ᠶᠢ ᠪᠠᠭᠲᠠᠭᠠᠨ᠎ᠠ︶᠂ ᠬᠤᠳᠠᠯᠳᠤᠭᠠᠨ ᠤ ᠣᠨᠴᠠ ᠵᠥᠪᠰᠢᠶᠡᠷᠡᠯ ᠤᠨ

ᠡᠵᠡᠩᠨᠡᠯᠲᠡ ᠶᠢᠨ ᠳᠠᠷᠠᠭ᠎ᠠ ᠬᠢᠬᠦ ᠳᠡᠩᠰᠡᠯᠡᠯᠲᠡ ︵ᠮᠤᠵᠢ ᠠᠯᠤᠰᠯᠠᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ

ᠠᠵᠢᠯᠯᠠᠭ᠎ᠠ ᠬᠢᠵᠦ ᠪᠠᠶᠢᠭ᠎ᠠ︶᠂ ᠭᠠᠳᠠᠭᠠᠳᠤ ᠪᠠᠯᠠ ᠶᠢᠨ ᠰᠤᠳᠤᠯᠤᠨ ᠨᠡᠭᠡᠭᠡᠬᠦ ᠲᠥᠪ ᠤᠨ ᠭᠠᠶᠢᠯᠢ ᠠᠴᠠ

ᠬᠡᠯᠳᠦᠷᠢᠬᠦᠯᠵᠦ ᠭᠠᠶᠢᠯᠢ ᠶᠢ ᠪᠤᠴᠠᠭᠠᠬᠤ ᠬᠢᠷᠢ ᠬᠡᠮ ᠢ ᠮᠠᠭᠠᠳᠯᠠᠨ ᠲᠣᠭᠲᠠᠭᠠᠬᠤ᠂ ᠭᠤᠷᠪᠠᠳᠠᠬᠢ ᠭᠠᠵᠠᠷ ᠠᠴᠠ

ᠰᠢᠯᠵᠢᠭᠦᠯᠦᠨ ᠪᠠᠯᠠ ᠣᠷᠣᠭᠤᠯᠤᠭᠰᠠᠨ ᠲᠠᠶᠢᠸᠠᠨ ᠤ ᠪᠠᠯᠠ ᠣᠷᠣᠭᠤᠯᠤᠭᠴᠢ ᠶᠢᠨ ᠨᠤᠲᠠᠯᠠᠯᠲᠠ ᠵᠡᠷᠭᠡ 9 ᠵᠤᠶᠢᠯ ᠤᠨ

ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠤᠨ ᠪᠥᠬᠦ ᠶᠠᠪᠤᠴᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠶᠡᠭᠡ ᠲᠢᠩᠬᠢᠮ ᠤᠨ ᠠᠬᠠᠯᠠᠬᠤ ᠲᠥᠯᠥᠭᠡᠯᠡᠭᠴᠢ ᠳᠤ ᠡᠷᠬᠡ

ᠣᠯᠭᠤᠵᠤ ᠬᠦᠢᠴᠡᠳᠭᠡᠬᠦᠯᠦᠨ᠎ᠠ᠃

       15. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠪᠣᠳᠠᠲᠤ

ᠴᠣᠭᠴᠠ ᠶᠢᠨ ᠶᠡᠭᠡ ᠲᠢᠩᠬᠢᠮ  ᠤᠨ ᠠᠬᠠᠯᠠᠬᠤ ᠲᠥᠯᠥᠭᠡᠯᠡᠭᠴᠢ ᠶᠢᠨ ᠵᠥᠪᠳᠡᠯᠴᠡᠬᠦ ᠳᠦᠷᠢᠮ ᠢ ᠲᠡᠭᠦᠯᠳᠡᠷᠵᠢᠭᠦᠯᠵᠦ᠂

ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠴᠤ ᠪᠠᠶᠢᠭ᠎ᠠ ᠬᠠᠶᠠᠭᠳᠠᠮᠠᠯ

ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ

ᠲᠣᠭᠲᠠᠭᠠᠬᠤ᠂ ᠬᠡᠰᠡᠭ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠪᠠ ᠪᠠᠯ ᠴᠢᠯᠠᠭᠤᠨ ᠤ

ᠲᠥᠷᠥᠯ ᠤᠨ ᠬᠠᠮᠢᠶ᠎ᠠ ᠪᠥᠬᠦᠶ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠷᠭᠠᠬᠤ ᠶᠢ ᠵᠥᠪᠰᠢᠶᠡᠷᠡᠬᠦ᠂

ᠬᠡᠰᠡᠭ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢᠨ ᠬᠢᠵᠠᠭᠠᠷᠲᠤ ᠲᠤᠭ᠎ᠠ ᠶᠢᠨ ᠭᠡᠷᠡᠴᠢ ᠶᠢ ᠭᠠᠷ ᠤᠨ

ᠥᠰᠥᠭ ᠵᠢᠷᠤᠵᠤ ᠣᠯᠭᠤᠬᠤ᠂ ᠭᠠᠳᠠᠭᠠᠳᠤ ᠳᠤ ᠭᠠᠷᠭᠠᠬᠤ ᠲᠠᠸᠠᠷ ᠤᠨ ᠨᠤᠭᠳᠠᠯ ᠬᠤᠪᠢ ᠶᠢ ᠲᠠᠬᠢᠨ ᠬᠤᠪᠢᠶᠠᠷᠢᠯᠠᠬᠤ

ᠵᠡᠷᠭᠡ 5 ᠵᠤᠶᠢᠯ ᠤᠨ ᠡᠷᠬᠡ ᠶᠢᠨ ᠬᠡᠷᠡᠭ ᠶᠠᠪᠤᠳᠠᠯ ᠢ ᠰᠡᠢᠳᠪᠦᠷᠢᠯᠡᠬᠦ ᠶᠠᠪᠤᠴᠠ ᠶᠢ ᠲᠦᠷᠢᠮᠵᠢᠬᠦᠯᠦᠨ᠎ᠠ᠃

       16. ᠬᠤᠳᠠᠯᠳᠤᠭᠠᠨ ᠤ ᠶᠠᠪᠤᠳᠠᠯ ᠤᠨ ᠢᠯᠡᠴᠢᠯᠡᠨ ᠮᠡᠳᠡᠭᠦᠯᠬᠦ ᠪᠠ ᠵᠠᠭᠠᠯᠳᠤᠯᠭ᠎ᠠ ᠬᠢᠬᠦ ᠦᠢᠯᠡᠴᠢᠯᠡᠭᠡᠨ ᠤ

ᠲᠦᠷᠢᠮ ᠢ ᠪᠦᠷᠢᠨᠰᠢᠬᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠬᠢᠬᠦ ᠪᠠ ᠬᠤᠳᠠᠯᠳᠤᠭᠠᠨ ᠤ

ᠶᠠᠪᠤᠳᠠᠯ ᠤᠨ ᠢᠯᠡᠴᠢᠯᠡᠨ ᠮᠡᠳᠡᠭᠦᠯᠬᠦ᠂ ᠭᠤᠮᠣᠳᠠᠯ ᠲᠣᠭᠠᠴᠢᠬᠤ ᠶᠢ ᠴᠠᠭ ᠲᠤᠬᠠᠶ ᠳᠤᠨᠢ ᠬᠦᠯᠢᠶᠠᠨ ᠠᠪᠴᠤ

ᠰᠡᠢᠳᠪᠦᠷᠢᠯᠡᠨ᠎ᠠ᠃ ᠬᠦᠯᠢᠶᠡᠨ ᠠᠪᠴᠤ ᠰᠡᠢᠳᠪᠦᠷᠢᠯᠡᠬᠦ᠂ ᠰᠢᠯᠵᠢᠭᠦᠯᠦᠨ ᠰᠡᠢᠳᠪᠦᠷᠢᠯᠡᠬᠦ᠂ ᠰᠢᠪᠠᠳᠠᠨ ᠰᠡᠢᠳᠪᠦᠷᠢᠯᠡᠬᠦ᠂

ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ ᠪᠠ ᠠᠵᠤ ᠠᠬᠤᠶᠢᠯᠠᠯ ᠤᠨ ᠬᠠᠤᠯᠢ

ᠶᠣᠰᠣᠨ ᠤ ᠡᠷᠬᠡ ᠠᠰᠢᠭ ᠢ ᠪᠠᠲᠤᠯᠠᠨ᠎ᠠ᠃

       17. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠦᠢᠯᠡᠴᠢᠯᠡᠭᠡᠨ ᠤ ᠠᠵᠤ ᠠᠬᠤᠶᠢᠯᠠᠯ ᠤᠨ

ᠲᠤᠷᠰᠢᠯᠭ᠎ᠠ ᠠᠷᠭ᠎ᠠ ᠶᠢ ᠳ᠋ᠦᠩᠨᠡᠨ ᠳᠡᠯᠭᠡᠷᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷ ᠤᠨ ᠭᠤᠤᠯ

ᠴᠣᠭᠴᠠ ᠶᠢᠨ ᠮᠡᠳᠡᠷᠡᠭᠰᠡᠨ ᠠᠷᠭ᠎ᠠ ᠶᠢ ᠵᠢᠷᠤᠮᠵᠢᠭᠤᠯᠤᠨ ᠳᠦᠷᠢᠮᠵᠢᠭᠦᠯᠬᠦ ᠬᠡᠷᠡᠭᠲᠡᠶ᠃ ᠴᠠᠭ ᠤᠨ ᠪᠠᠶᠢᠳᠠᠯ ᠳᠤ ᠥᠯᠥ

ᠨᠡᠶᠢᠴᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠲᠦᠷ ᠴᠠᠭ ᠤᠨ ᠴᠢᠨᠠᠷᠲᠠᠶ ᠬᠢᠨᠠᠨ ᠵᠥᠪᠰᠢᠶᠡᠷᠡᠬᠦ ᠵᠤᠶᠢᠯᠡᠰ ᠢ

ᠴᠠᠭ ᠲᠤᠬᠠᠶ ᠳᠤᠨᠢ ᠢᠯᠭᠠᠷᠠᠭᠤᠯᠤᠨ ᠬᠦᠴᠦᠨ ᠥᠬᠡᠶ ᠪᠣᠯᠭᠠᠨ᠎ᠠ᠃

       18. ᠤᠯᠤᠰ ᠤᠨ ᠮᠠᠰᠢᠨ ᠲᠡᠷᠭᠡᠨ ᠤ ᠬᠦᠢᠯᠬᠡᠬᠡᠨ ᠤ ᠬᠠᠷᠢᠶᠠᠨ ᠳᠠᠬᠢ ︽ᠪᠠᠭᠤᠯᠭᠠᠬᠤ ᠬᠠᠮᠢᠶᠠᠷᠬᠤ

ᠦᠢᠯᠡᠴᠢᠯᠡᠬᠦ︾ ᠥᠭᠡᠷᠡᠴᠢᠯᠡᠯᠲᠡ ᠶᠢᠨ ᠡᠭᠦᠷᠭᠡ ᠶᠢ ᠲᠤᠭᠤᠰᠢᠭᠤᠯᠤᠨ ᠨᠠᠶᠢᠳᠠᠪᠤᠷᠢᠵᠢᠭᠤᠯᠵᠤ᠂ ᠭᠠᠷ ᠳᠠᠮᠵᠢᠭᠰᠠᠨ

ᠮᠠᠰᠢᠨ ᠲᠡᠷᠭᠡ ᠶᠢ ᠣᠨᠳᠣᠤ ᠭᠠᠵᠠᠷ ᠲᠤ ᠰᠢᠯᠵᠢᠬᠦᠯᠬᠦ ᠳᠤ ᠲᠥᠬᠦᠮ ᠦᠵᠡᠭᠦᠯᠬᠦ ᠶᠢ ᠠᠬᠢᠭᠤᠯᠤᠨ᠂ ︽ᠮᠤᠵᠢ

ᠠᠯᠤᠰᠯᠠᠨ ᠨᠡᠶᠢᠳᠡᠮ ᠬᠦᠢᠴᠡᠳᠬᠡᠬᠦ︾ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠨᠥᠬᠦᠴᠡᠯ

ᠪᠥᠷᠢᠳᠦᠭᠰᠡᠨ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ᠂ ᠡᠵᠡᠩᠨᠡᠨ ᠪᠣᠷᠣᠯᠠᠭᠤᠯᠬᠤ

ᠠᠵᠤ ᠠᠬᠤᠶᠢᠯᠠᠯ ᠤᠨ ᠬᠡᠷᠡᠭᠯᠡᠭᠴᠢᠳ ᠲᠤ ᠠᠷᠠᠯᠵᠢᠶᠠᠯᠠᠬᠤ᠂ ᠭᠠᠶᠢᠯᠢ ᠲᠤᠰᠢᠶᠠᠬᠤ᠂ ᠳᠡᠩᠰᠡᠯᠡᠨ ᠲᠡᠮᠳᠡᠭᠯᠡᠬᠦ᠂

ᠳᠠᠭᠠᠳᠬᠠᠯ ᠲᠤᠰᠢᠶᠠᠬᠤ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠬᠤ ᠶᠢ

ᠵᠣᠷᠢᠭᠵᠢᠭᠤᠯᠤᠨ᠎ᠠ᠃

       ᠳᠥᠷᠪᠡ᠂ ᠠᠷᠠᠯᠵᠢᠶ᠎ᠠ ᠶᠢᠨ ᠳᠥᠭᠦᠮᠴᠢᠯᠡᠯᠲᠡ ᠶᠢ ᠠᠬᠢᠭᠤᠯᠵᠤ᠂ ᠤᠯᠠᠨ ᠤᠯᠤᠰᠴᠢᠯᠠᠭᠰᠠᠨ ᠬᠤᠳᠠᠯᠳᠤᠭ᠎ᠠ

ᠡᠵᠡᠩᠨᠡᠬᠦ ᠤᠷᠴᠢᠨ ᠨᠦᠬᠦᠴᠡᠯ ᠢ ᠪᠣᠶ ᠪᠣᠯᠭᠠᠨ᠎ᠠ

       19. ᠭᠠᠳᠠᠭᠠᠳᠤ ᠠᠷᠠᠯᠵᠢᠶ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠪᠣᠯᠤᠨ

ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃

ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠪᠠᠯᠠ

ᠳᠣᠭᠢᠷᠠᠭᠤᠯᠬᠤ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠳᠤᠮᠳᠠ ᠵᠢᠵᠢᠭ ᠭᠠᠳᠠᠭᠠᠳᠤ

ᠠᠷᠠᠯᠵᠢᠶ᠎ᠠ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ

ᠪᠠᠶᠢᠬᠤ ᠠᠰᠠᠭᠤᠳᠠᠯ ᠢ ᠨᠠᠮᠳᠠᠭᠤᠯᠤᠨ᠎ᠠ᠃ ᠭᠠᠳᠠᠭᠠᠳᠤ ᠠᠴᠠ ᠣᠷᠣᠭᠤᠯᠵᠤ ᠭᠠᠷᠭᠠᠬᠤ ᠠᠵᠢᠯ ᠲᠥᠷᠥᠯ ᠤᠨ

ᠨᠡᠶᠢᠭᠡᠮᠯᠢᠭ ᠢ ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠤ

ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠲᠡᠭᠡᠭᠰᠢᠯᠡᠬᠦᠯᠦᠨ᠎ᠠ᠃

       20. ᠭᠠᠳᠠᠭᠠᠳᠤ ᠠᠷᠠᠯᠵᠢᠶ᠎ᠠ ᠶᠢᠨ ᠰᠢᠨ᠎ᠡ ᠬᠡᠪ ᠵᠠᠭᠪᠤᠷ ᠰᠢᠨ᠎ᠡ ᠬᠡᠯᠪᠡᠷᠢ ᠪᠠᠶᠢᠳᠠᠯ ᠤᠨ ᠬᠥᠭᠵᠢᠯᠲᠡ ᠶᠢ

ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ

ᠪᠠ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠠᠰᠢᠭᠯᠠᠨ ᠭᠠᠳᠠᠭᠠᠳᠤ ᠠᠴᠠ

ᠣᠷᠣᠭᠤᠯᠵᠤ ᠭᠠᠷᠭᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠵᠤ

ᠠᠬᠤᠶᠢᠯᠠᠯ ᠤᠨ ᠬᠢᠯᠢ ᠶᠢᠨ ᠭᠠᠳᠠᠨ᠎ᠠ ᠡᠵᠡᠩᠨᠡᠨ ᠪᠣᠷᠣᠯᠠᠭᠤᠯᠬᠤ ᠲᠣᠤᠷ ᠰᠦᠯᠵᠢᠶ᠎ᠡ ︵ᠴᠡᠭ︶᠂ ︽ᠭᠠᠳᠠᠭᠠᠳᠤ

ᠤᠯᠤᠰ ᠳᠠᠬᠢ ᠬᠥᠮᠥᠷᠭᠡ︾᠂ ︽ᠬᠢᠯᠢ ᠬᠢᠵᠠᠭᠠᠷ ᠤᠨ ᠬᠥᠮᠥᠷᠭᠡ︾ ᠪᠠᠶᠢᠭᠤᠯᠬᠤ ᠶᠢ ᠳᠡᠮᠵᠢᠵᠦ᠂ ᠪᠡᠶ᠎ᠡ ᠪᠠᠨ

ᠳᠠᠭᠠᠭᠠᠵᠤ ᠭᠠᠳᠠᠭᠠᠳᠤ ᠳᠤ ᠭᠠᠷᠭᠠᠬᠤ ᠨᠠᠷᠠᠲᠤ ᠲᠥᠷᠥᠯ ᠲᠡᠮᠳᠡᠭᠲᠦ ᠶᠢ ᠬᠦᠭᠵᠢᠬᠦᠯᠦᠨ᠎ᠠ᠃

       21. ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ︾ ᠵᠢᠴᠢ ᠢᠵᠢ

ᠪᠦᠷᠢᠳᠦᠬᠦᠯᠬᠦ ᠬᠠᠤᠯᠢ ᠲᠦᠷᠢᠮ ᠢ ᠬᠡᠷᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ

ᠵᠥᠪᠰᠢᠶᠡᠷᠡᠨ ᠣᠷᠣᠭᠤᠯᠬᠤ ᠠᠴᠠ ᠡᠮᠦᠨᠡᠬᠢ ᠠᠷᠠᠳ ᠢᠷᠭᠡᠨ ᠤ ᠬᠠᠷᠠᠭᠠᠯᠵᠠᠯ ᠳᠡᠭᠡᠷ᠎ᠡ ᠨᠠᠵᠠᠭᠠᠶ ᠲᠠᠯ᠎ᠠ ᠶᠢᠨ

ᠲᠣᠳᠣᠷᠬᠠᠶ ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠠᠳᠠᠭᠠᠳᠤ  ᠶᠢᠨ ᠬᠤᠳᠠᠯᠳᠤᠭᠠᠴᠢᠨ ᠤ ᠪᠡᠯᠡ

ᠣᠷᠣᠭᠤᠯᠤᠯᠲᠠ ᠶᠢᠨ ᠮᠡᠳᠡᠭᠡ ᠵᠠᠩᠭᠢ  ᠪᠠᠨ ᠮᠡᠳᠡᠭᠦᠯᠬᠦ ᠲᠦᠷᠢᠮ ᠢ ᠲᠡᠭᠦᠯᠳᠡᠷᠵᠢᠭᠦᠯᠦᠨ᠎ᠡ᠃ ︽ᠭᠠᠳᠠᠭᠠᠳᠤ ᠶᠢᠨ

ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ︾ ᠲᠠᠢ ᠦᠯᠦ ᠨᠡᠶᠢᠴᠡᠬᠦ ᠬᠠᠤᠯᠢ ᠲᠦᠷᠢᠮ᠂ ᠲᠦᠷᠢᠮ

ᠲᠣᠭᠲᠠᠭᠠᠯ ᠪᠠ ᠳᠦᠷᠢᠮᠵᠢᠭᠰᠡᠨ ᠪᠢᠴᠢᠭ ᠮᠠᠲ᠋ᠧᠷᠢᠶᠠᠯ ᠢ ᠢᠯᠭᠠᠷᠠᠭᠤᠯᠤᠨ ᠲᠢᠭᠯᠡᠨ᠎ᠡ᠃

       22.︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ

ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠵᠠᠭᠠᠯᠳᠤᠯᠭ᠎ᠠ ᠬᠢᠬᠦ ᠠᠵᠢᠯ ᠤᠨ ᠠᠷᠭ᠎ᠠ︾ ᠶᠢ ᠨᠡᠶᠢᠲᠡᠯᠡᠵᠦ᠂

ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠵᠠᠭᠠᠯᠳᠤᠯᠭ᠎ᠠ ᠬᠢᠬᠦ

ᠲᠣᠭᠲᠠᠴᠠ ᠶᠢ ᠲᠡᠭᠦᠯᠳᠡᠷᠵᠢᠭᠦᠯᠦᠨ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ

ᠠᠬᠤᠶᠢᠯᠠᠯ ᠤᠨ ᠵᠠᠭᠠᠯᠳᠤᠬᠤ ᠬᠡᠷᠡᠭ ᠤᠴᠢᠷ ᠢ ᠴᠠᠭ ᠲᠤᠬᠠᠶ ᠳᠤᠨᠢ ᠭᠥᠯᠢᠶᠡᠨ ᠠᠪᠴᠤ ᠰᠡᠢᠳᠪᠦᠷᠢᠯᠡᠵᠤ᠂

ᠭᠠᠳᠠᠭᠠᠳᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠬᠢᠬᠦ ᠳᠤ ᠲᠦᠷᠢᠮ ᠲᠤᠭᠲᠠᠭᠠᠯ ᠢ ᠰᠠᠬᠢᠨ ᠵᠢᠷᠤᠮᠯᠠᠬᠤ ᠶᠢ

ᠦᠨᠡᠨᠬᠦ ᠪᠠᠲᠤᠯᠠᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠬᠦᠰᠡᠯ

ᠪᠠ ᠢᠲᠡᠭᠡᠯ ᠢ ᠲᠣᠭᠲᠠᠪᠤᠷᠢᠵᠢᠭᠤᠯᠤᠨ᠎ᠠ᠃

       23᠂ ᠪᠣᠭᠤᠮᠲᠠ ᠪᠠᠷ ᠭᠠᠳᠠᠭᠠᠳᠤ ᠠᠴᠠ ᠣᠷᠣᠭᠤᠯᠵᠤ ᠭᠠᠷᠭᠠᠬᠤ ᠭᠤᠭᠴᠤᠭ᠎ᠠ ᠶᠢᠨ ᠰᠦᠢᠳᠭᠡᠯ

ᠬᠤᠷᠢᠶᠠᠬᠤ ᠪᠠᠨ ᠢᠯᠡ ᠨᠡᠶᠢᠲᠡᠯᠡᠬᠦ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠥᠪᠥᠷ ᠮᠣᠩᠭᠤᠯ ᠤᠨ

ᠣᠯᠠᠨ ᠤᠯᠤᠰ ᠤᠨ ᠠᠷᠠᠯᠵᠢᠶ᠎ᠠ ᠶᠢᠨ ︽ᠭᠠᠭᠴᠠ ᠴᠤᠩᠬᠤ︾ ᠵᠡᠷᠭᠡ ᠮᠡᠳᠡᠭᠡ ᠵᠠᠩᠭᠢ ᠶᠢᠨ ᠲᠠᠪᠴᠠᠩ ᠪᠠ ᠰᠦᠢᠳᠭᠡᠯ

ᠬᠤᠷᠢᠶᠠᠬᠤ ᠠᠬᠤᠢ ᠲᠠᠯᠠᠪᠤᠷ ᠢᠶᠠᠷ ᠳᠠᠮᠵᠢᠭᠤᠯᠤᠨ ᠪᠣᠭᠤᠮᠲᠠ ᠪᠠᠷ ᠭᠠᠳᠠᠭᠠᠳᠤ ᠠᠴᠠ ᠣᠷᠣᠭᠤᠯᠵᠤ ᠭᠠᠷᠭᠠᠬᠤ

ᠭᠤᠭᠴᠤᠭ᠎ᠠ ᠶᠢᠨ ᠰᠦᠢᠳᠭᠡᠯ ᠬᠤᠷᠢᠶᠠᠬᠤ ᠭᠠᠷᠴᠠᠭ ᠤᠨ ᠲᠤᠳᠤᠷᠬᠠᠢ ᠬᠠᠭᠤᠳᠠᠰᠤ ᠶᠢ ᠴᠠᠭ ᠲᠤᠬᠠᠶ ᠳᠤᠨᠢ ᠢᠯᠡ

ᠨᠡᠶᠢᠲᠡᠯᠡᠵᠦ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠲᠤᠳᠤᠷᠬᠠᠢ ᠬᠠᠭᠤᠳᠠᠰᠤ ᠠᠴᠠ

ᠭᠠᠳᠠᠨ᠎ᠠ ᠰᠦᠢᠳᠭᠡᠯ ᠬᠤᠷᠢᠶᠠᠵᠤ ᠪᠣᠯᠬᠤ ᠥᠬᠡᠶ᠃

       24᠂ ᠪᠣᠭᠤᠮᠲᠠ ᠪᠠᠶᠢᠴᠠᠭᠠᠨ ᠰᠢᠯᠭᠠᠬᠤ ᠨᠢᠭᠡᠴᠡ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ

ᠠᠬᠤᠶᠢᠯᠠᠯ  ᠤᠳ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ᠂ ᠪᠦᠬᠦᠯᠢ ᠴᠣᠭᠴᠠ  ᠪᠠᠷ ᠬᠢᠯᠢ ᠶᠢᠨ

ᠰᠢᠯᠭᠠᠯᠲᠠ ᠪᠠᠷ ᠦᠡᠭᠭᠡᠷᠡᠬᠦ ᠬᠦᠴᠦᠨ ᠲᠠᠢ ᠬᠤᠭᠤᠴᠠᠭ᠎ᠠ ᠶᠢ ᠪᠠᠭᠠᠰᠬᠠᠵᠤ᠂ ᠭᠠᠳᠠᠭᠠᠳᠤ ᠠᠴᠠ ᠣᠷᠣᠭᠤᠯᠵᠤ

ᠭᠠᠷᠭᠠᠬᠤ ᠪᠦᠬᠦᠯᠢ ᠴᠣᠭᠴᠠ ᠶᠢ ᠬᠢᠯᠢ ᠶᠢᠨ ᠰᠢᠯᠭᠠᠯᠲᠠ ᠪᠠᠷ ᠦᠡᠭᠭᠡᠷᠡᠬᠦ ᠴᠠᠭ ᠢ 2017 ᠣᠨ ᠤ ᠬᠢ ᠠᠴᠠ

50% ᠠᠴᠠ ᠳᠡᠭᠡᠭᠰᠢ ᠪᠠᠷ ᠪᠠᠭᠠᠰᠬᠠᠬᠤ ᠶᠢ ᠦᠷᠭᠦᠯᠵᠢᠯᠡᠨ ᠪᠠᠲᠤᠯᠠᠨ᠎ᠠ᠃

       25᠂ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠪᠠᠨ ᠴᠢᠩᠭᠠᠳᠬᠠᠵᠦ᠂

ᠬᠠᠤᠯᠢ ᠴᠠᠭᠠᠵᠠ ᠶᠢᠨ ᠵᠥᠪᠯᠡᠭᠴᠢ ᠶᠢᠨ ᠬᠢᠯᠢ ᠠᠯᠤᠰᠯᠠᠭᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠤ

ᠬᠠᠮᠵᠢᠯᠴᠠᠭ᠎ᠠ ᠳᠤ ᠣᠷᠣᠯᠴᠠᠬᠤ ᠶᠢ ᠳᠡᠮᠵᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ

ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠭᠠᠳᠠᠭᠠᠳᠤ ᠳᠤ ᠡᠷᠬᠡ ᠪᠠᠨ ᠬᠠᠮᠠᠭᠠᠯᠠᠬᠤ ᠶᠢ ᠦᠷᠨᠢᠬᠦᠯᠦᠨ᠎ᠡ

       ᠲᠠᠪᠤ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ

ᠨᠥᠬᠦᠴᠡᠯ ᠢ ᠪᠤᠢ ᠪᠣᠯᠭᠠᠨ᠎ᠠ

       26. ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ  ᠪᠠᠷ ᠵᠠᠰᠠᠬᠤ ᠪᠠᠶᠢᠭᠤᠯᠤᠯᠲᠠ ᠶᠢ

ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠴᠢᠬᠤᠯᠠ ᠶᠡᠭᠡ

ᠵᠠᠰᠠᠭ ᠵᠠᠬᠢᠷᠭᠠᠨ ᠤ ᠰᠡᠢᠳᠪᠦᠷᠢᠳᠤ ᠪᠤᠳᠤᠯᠭ᠎ᠠ ᠲᠣᠭᠲᠠᠭᠠᠬᠤ ᠵᠢᠷᠤᠮ ᠤᠨ ᠲᠤᠬᠠᠶ ᠲᠣᠭᠲᠠᠭᠠᠯ ᠢ ᠪᠦᠬᠦ ᠲᠠᠯ᠎ᠠ ᠪᠠᠷ

ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ

ᠣᠷᠣᠯᠴᠠᠨ ᠵᠠᠷᠭᠤ ᠬᠦᠯᠢᠶᠡᠬᠦ ᠲᠦᠷᠢᠮ ᠢ ᠨᠠᠶᠢᠳᠠᠪᠤᠷᠢᠵᠢᠭᠤᠯᠵᠤ᠂ ᠬᠡᠷᠡᠭ ᠢ ᠰᠢᠭᠦᠨ ᠲᠠᠰᠤᠯᠬᠤ ᠳᠤ ᠬᠠᠮᠵᠢᠯᠴᠠᠨ᠂

ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠶ ᠪᠠᠷ ᠰᠡᠢᠳᠪᠦᠷᠢᠯᠡᠬᠦ ᠶᠢ ᠠᠬᠢᠭᠤᠯᠤᠨ᠎ᠠ᠃

       27. ᠦᠨᠡᠨᠴᠢ ᠢᠲᠡᠭᠡᠮᠵᠢᠲᠡᠶ ᠪᠠᠷ ᠠᠮᠠᠯᠠᠯᠲᠠ ᠪᠠᠨ ᠰᠠᠬᠢᠬᠤ᠂ ᠭᠡᠷ᠎ᠡ ᠠᠴᠠ ᠵᠥᠷᠢᠴᠡᠪᠡᠯ ᠲᠥᠯᠥᠪᠦᠷᠢ

ᠥᠭᠬᠦ ᠤᠢᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠲᠠᠲᠠᠬᠤ᠂ ᠴᠢᠳᠠᠪᠤᠷᠢᠲᠠᠨ ᠢ

ᠤᠷᠢᠬᠤ᠂ ᠵᠠᠰᠠᠭ ᠤᠨ ᠣᠷᠳᠣᠨ  ᠠᠴᠠ ᠬᠤᠳᠠᠯᠳᠤᠨ ᠠᠪᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ

ᠬᠥᠷᠥᠩᠭᠡ ᠶᠢᠨ ᠬᠠᠮᠲᠤᠷᠠᠯᠴᠠᠭ᠎ᠠ ᠳᠤᠮᠳᠠ᠂ ᠤᠷᠢᠳᠠᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ

ᠴᠢᠩᠭᠠᠳᠬᠠᠵᠤ᠂ ᠬᠠᠤᠯᠢ ᠲᠦᠷᠢᠮ ᠶᠣᠰᠣᠭᠠᠷ ᠲᠤᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠵᠠᠪᠠᠯ

ᠪᠡᠶᠡᠯᠡᠭᠦᠯᠵᠦ᠂ ᠭᠡᠷ᠎ᠡ ᠶᠢᠨ ᠡᠭᠦᠷᠭᠡ ᠪᠠᠨ ᠦᠨᠡᠨᠬᠦ ᠬᠦᠢᠴᠡᠳᠬᠡᠨ᠎ᠠ᠃

       28᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ  ᠢ ᠰᠢᠯᠢᠳᠡᠭᠵᠢᠭᠦᠯᠬᠦ ᠲᠤᠰᠬᠠᠶ ᠠᠩᠭᠢ +

ᠵᠥᠪᠳᠡᠯᠴᠡᠬᠦ ᠲᠦᠷᠢᠮ ᠢ ᠪᠦᠷᠢᠨᠰᠢᠬᠦᠯᠦᠨ᠎ᠠ᠃ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠯᠠᠨ

ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠠᠷᠢᠯᠴᠠᠬᠤ ᠲᠥᠷᠢᠮ ᠢ ᠪᠠᠶᠢᠭᠤᠯᠤᠨ ᠪᠥᠷᠢᠨᠰᠢᠬᠦᠯᠬᠦ

ᠬᠡᠷᠡᠭᠲᠡᠶ᠃ ᠬᠡᠷᠡᠭᠴᠡᠭᠡ ᠪᠠᠨ ᠦᠨᠳᠦᠰᠦᠯᠡᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ

ᠴᠠᠭ ᠲᠤᠬᠠᠢ ᠳᠤᠨᠢ ᠵᠥᠪᠳᠡᠯᠴᠡᠨ ᠰᠤᠳᠤᠯᠬᠤ ᠬᠡᠷᠡᠭᠲᠡᠢ᠃

       ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠲᠠᠢ ᠨᠢᠭᠲᠠ ᠬᠤᠯᠪᠣᠭ᠎ᠠ ᠲᠠᠢ ᠲᠥᠷᠥ ᠶᠢᠨ

ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠪᠤᠶᠤ ᠲᠤᠬᠢᠷᠠᠭᠤᠯᠵᠤ᠂ ᠠᠵᠤ ᠠᠬᠤᠶᠢᠯᠠᠯ ᠪᠠ ᠠᠵᠢᠯ ᠲᠥᠷᠥᠯ ᠤᠨ

ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠬᠦᠢᠴᠡᠳ ᠰᠣᠨᠣᠰᠴᠤ᠂ ᠣᠯᠠᠨ ᠵᠤᠶᠢᠯ ᠤᠨ ᠠᠷᠭ᠎ᠠ

ᠬᠡᠯᠪᠡᠷᠢ ᠪᠠᠷ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ

ᠰᠠᠨᠠᠯ ᠰᠠᠨᠠᠭᠤᠯᠭ᠎ᠠ ᠶᠢ ᠬᠤᠷᠢᠶᠠᠬᠤ ᠬᠡᠷᠡᠭᠲᠡᠶ᠃ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠵᠣᠬᠢᠴᠠᠯᠳᠤᠨ

ᠬᠠᠮᠲᠤᠷᠠᠯᠴᠠᠬᠤ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤᠨᠢ ᠰᠡᠢᠳᠪᠦᠷᠢᠯᠡᠬᠦ ᠶᠢ ᠠᠬᠢᠭᠤᠯᠤᠨ᠎ᠠ᠃

       29᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤ ᠬᠠᠯᠠᠮᠰᠢᠯ ᠤᠲᠠᠰᠤ ᠶᠢᠨ ︽ᠲᠡᠷᠢᠬᠦᠨ ᠪᠠᠶᠢᠷᠢᠨ

 ᠳᠤ ᠲᠤᠭᠤᠰᠢᠯᠠᠭᠤᠯᠬᠤ︾ ᠲᠦᠷᠢᠮ ᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ

ᠬᠠᠷᠢᠶᠠᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠵᠠᠭᠠᠯᠳᠤᠯᠭ᠎ᠠ ᠳᠤ ᠴᠠᠭ

ᠲᠤᠬᠠᠶ ᠳᠤᠨᠢ ᠬᠠᠷᠢᠭᠤᠯᠲᠠ ᠥᠭᠴᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ

ᠦᠳᠲᠡᠷ ᠲᠦᠷᠭᠡᠨ ᠬᠢᠨᠠᠨ ᠬᠠᠷᠭᠤᠭᠤᠯᠵᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠶ ᠳᠤᠨᠢ

ᠬᠠᠷᠢᠭᠤ ᠲᠤᠰᠬᠠᠬᠤ ᠬᠡᠷᠡᠭᠲᠡᠶ᠃ 12312 ᠤᠲᠠᠰᠦ ᠶᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠦ ᠲᠠᠢ ᠨᠢᠭᠡᠳᠬᠡᠬᠦ ᠠᠵᠢᠯ ᠢ ᠰᠠᠶᠢᠲᠤᠷ ᠬᠢᠨ᠎ᠡ᠃

       30. ᠤᠬᠠᠭᠤᠯᠵᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠠᠷᠭ᠎ᠠ

ᠵᠠᠮ ᠢᠶᠠᠷ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠨᠡᠶᠢᠲᠡᠯᠢᠭ

ᠲᠤᠷᠰᠢᠯᠭ᠎ᠠ ᠪᠠ ᠠᠮᠵᠢᠯᠲᠠ ᠲᠠᠢ ᠠᠷᠭ᠎ᠠ ᠠᠪᠴᠠᠯ ᠢ ᠳ᠋ᠦᠩᠨᠡᠨ ᠳᠡᠯᠭᠡᠷᠡᠭᠦᠯᠬᠦ ᠡᠷᠴᠢᠮ  ᠵᠶ᠋ᠠᠨ‌‍ᠴᠢᠩᠭᠠᠷᠠᠭᠤᠯᠵᠤ᠂

ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠬᠠᠷᠢᠯᠴᠠᠨ ᠠᠬᠢᠭᠤᠯᠵᠤ ᠬᠠᠮᠲᠤᠪᠠᠷ ᠬᠦᠭᠵᠢᠬᠦ

ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠤᠨ᠎ᠠ᠃

       31. ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠶᠢ

ᠰᠠᠨᠠᠭᠠᠴᠢᠯᠠᠭ᠎ᠠ ᠲᠠᠢ ᠬᠦᠯᠢᠶᠡᠨ᠎ᠡ᠃ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠳᠤᠭᠤᠶᠢᠯᠠᠩ ᠪᠠ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠤᠳᠠᠯᠳᠤᠭᠠᠨ ᠤ

ᠶᠠᠪᠤᠳᠠᠯ ᠤᠨ ᠬᠠᠷᠢᠶᠠᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠢᠨᠠᠯᠲᠠ

ᠲᠠᠯᠪᠢᠬᠤ  ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ

ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠠᠷᠢᠶᠠᠨ ᠳᠠᠬᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ

ᠰᠢᠯᠢᠳᠡᠭᠵᠢᠭᠦᠯᠬᠦ ᠠᠵᠢᠯ ᠢ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠬᠤ ᠠᠵᠢᠯ ᠢ ᠵᠤᠭᠢᠴᠠᠮᠵᠢ ᠲᠠᠢ ᠵᠤᠬᠢᠶᠠᠨ

ᠪᠠᠶᠢᠭᠤᠯᠵᠤ ᠦᠷᠨᠢᠬᠦᠯᠦᠨ᠎ᠠ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号