ᠥᠪᠥᠷ ᠮᠣᠩᠭᠤᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠪᠠᠷᠠᠭ᠎ᠠ ᠬᠦᠢᠴᠡᠳ  ᠦᠨ᠎ᠡ ᠲᠣᠭᠲᠠᠭᠤᠨ ᠪᠠᠶᠢᠵᠤ  ᠬᠠᠩᠭᠠᠯᠭ᠎ᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ
ᠨᠡᠶᠢᠲᠡᠯᠡᠭᠰᠡᠨ ᠴᠠᠭ᠄
2021/12/9
       ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠤᠨ ᠣᠯᠠᠨ ᠭᠠᠵᠠᠷ ᠲᠤ ᠳᠡᠯᠭᠡᠷᠡᠬᠦ ᠬᠠᠨᠳᠣᠰᠢ ᠳᠤ ᠬᠠᠨᠳᠣᠭᠤᠯᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ   ᠨᠢ ᠣᠯᠠᠨ ᠲᠠᠯ᠎ᠠ ᠠᠷᠭ᠎ᠠ ᠪᠠᠷᠢᠯ ᠠᠪᠴᠦ᠂ ᠪᠦᠬᠦ ᠣᠷᠣᠨ ᠤ ᠠᠮᠢᠳᠤᠷᠠᠯ ᠤᠨ ᠴᠢᠬᠤᠯᠠ ᠬᠡᠷᠡᠭᠰᠡᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠡᠵᠡᠮᠳᠡᠨ᠂ 228 ᠠᠵᠤ ᠠᠬᠤᠶᠢᠯᠠᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠦᠨ᠎ᠡ ᠬᠠᠩᠰᠢ ᠶᠢᠨ ᠬᠡᠯᠪᠡᠯᠵᠡᠯ ᠢ ᠭᠤᠣᠯᠳᠠᠯᠭ᠎ᠠ ᠲᠠᠢ ᠬᠢᠨᠠᠨ ᠬᠡᠮᠵᠢᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮᠵᠢ ᠶᠢ ᠪᠠᠶᠢᠭᠤᠯᠵᠤ᠂ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠬᠥᠮᠥᠷᠭᠡ ᠶᠢᠨ ᠬᠠᠳᠠᠭᠠᠯᠠᠯᠲᠠ᠂ ᠣᠷᠣᠭᠤᠯᠵᠤ ᠪᠣᠷᠣᠯᠠᠭᠤᠯᠬᠤ ᠬᠡᠮᠵᠢᠶ᠎ᠡ ᠶᠢ ᠲᠣᠳᠣᠷᠬᠠᠶ ᠤᠶᠢᠯᠠᠭᠠᠨ᠂ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ  ᠬᠦᠢᠯᠭᠡᠭᠡᠨ ᠤ ᠠᠵᠤ ᠠᠬᠤᠶᠢᠯᠠᠯ ᠤᠨ ᠪᠠᠷᠠᠭ᠎ᠠ ᠣᠷᠣᠭᠤᠯᠬᠤ ᠠᠷᠭ᠎ᠠ ᠵᠠᠮ ᠢ ᠣᠶᠢᠯᠠᠭᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ ᠤᠨ ᠪᠣᠷᠣᠯᠠᠭᠤᠯᠭ᠎ᠠ ᠶᠢᠨ ᠲᠣᠤᠷ ᠴᠢᠬ ᠢ ᠲᠣᠭᠲᠠᠪᠤᠷᠢᠵᠢᠭᠤᠯᠤᠨ᠂  ᠦᠢᠯᠡᠳᠪᠦᠷᠢᠯᠠᠵᠦ ᠪᠣᠷᠣᠯᠠᠭᠤᠯᠬᠤ ᠶᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠠᠭᠠᠨ ᠤ ᠢᠷᠡᠯᠲᠡ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠥᠷᠭᠡᠨ ᠣᠯᠠᠨ ᠠᠷᠠᠳ ᠲᠦᠮᠡᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ ᠤᠨ ᠬᠠᠩᠭᠠᠯᠭ᠎ᠠ  ᠬᠦᠢᠴᠡᠳ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ  ᠪᠠᠳᠣᠯᠠᠵᠦ ᠪᠠᠶᠢᠨ᠎ᠡ᠃       ᠬᠢᠨᠠᠨ ᠬᠡᠮᠵᠢᠭᠰᠡᠨ ᠢᠶᠠᠷ᠂ 11 ᠰᠠᠷ᠎ᠠ ᠶᠢᠨ 3 ᠤ ᠡᠳᠦᠷ ᠤᠨ ᠬᠥᠬᠡᠬᠤᠲᠠ ᠶᠢᠨ 16 ᠵᠦᠢᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠬᠡᠲᠦ ᠳᠡᠯᠭᠡᠭᠦᠷ ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ᠄ ᠲᠤᠲᠤᠷᠭ᠎ᠠ 2.58 ᠲᠥᠭᠦᠷᠢᠭ \ ᠵᠢᠩ᠂ ᠭᠤᠯᠢᠷ 2.38 ᠲᠥᠭᠦᠷᠢᠭ \ ᠵᠢᠩ᠂ ᠢᠳᠡᠰᠢᠨ ᠲᠣᠰᠣ 8.32 ᠲᠥᠭᠦᠷᠢᠭ \ ᠵᠢᠩ᠂ ᠭᠠᠭ᠋ᠠᠶ ᠶᠢᠨ ᠮᠢᠬ᠎ᠠ 11.89 ᠲᠥᠭᠦᠷᠢᠭ \ ᠵᠢᠩ᠂ ᠦᠬᠡᠷ ᠬᠤᠨᠢᠨ ᠮᠢᠬ᠎ᠠ 38.31 ᠲᠥᠭᠦᠷᠢᠭ \ ᠵᠢᠩ᠂ ᠲᠠᠬᠢᠶᠠᠨ ᠥᠨᠳᠡᠭᠡ 5.61 ᠲᠥᠭᠦᠷᠢᠭ \ ᠵᠢᠩ᠂ ᠴᠤᠭᠤᠷ ᠨᠣᠭᠤᠭ᠎ᠠ 1.09 ᠲᠥᠭᠦᠷᠢᠭ \ ᠵᠢᠩ᠂ ᠪᠥᠭᠡᠷᠡᠩᠬᠡᠶ ᠰᠣᠩᠭᠢᠨ᠎ᠠ 1.48 ᠲᠥᠭᠦᠷᠢᠭ \ ᠵᠢᠩ᠂ ᠴᠠᠭᠠᠨ ᠯᠤᠤᠪᠠᠩ 2.92 ᠲᠥᠭᠦᠷᠢᠭ \ ᠵᠢᠩ᠂ ᠰᠢᠷ᠎ᠠ ᠯᠤᠤᠪᠠᠩ 1.60 ᠲᠥᠭᠦᠷᠢᠭ \ ᠵᠢᠩ᠂ ᠴᠢᠨᠵᠦᠦ 4.75 ᠲᠥᠭᠦᠷᠢᠭ \ ᠵᠢᠩ᠂ ᠬᠠᠰᠢ 4.68 ᠲᠥᠭᠦᠷᠢᠭ \ ᠵᠢᠩ᠂ ᠥᠷᠭᠡᠰᠦᠲᠦ ᠬᠡᠮᠬᠡ 5.04 ᠲᠥᠭᠦᠷᠢᠭ \ ᠵᠢᠩ ᠪᠣᠯᠤᠨ᠎ᠠ᠃  ᠲᠦᠷᠦᠭᠦᠦ ᠡᠳᠦᠷ ᠤᠨ ᠬᠢ ᠲᠠᠢ ᠬᠠᠷᠢᠴᠠᠭᠤᠯᠪᠠᠯ᠂ ᠦᠬᠡᠷ ᠬᠤᠨᠢᠨ ᠮᠢᠬ᠎ᠠ᠂ ᠴᠠᠭᠠᠨ ᠨᠣᠭᠤᠭ᠎ᠠ᠂ ᠴᠤᠭᠤᠷ ᠨᠣᠭᠤᠭ᠎ᠠ᠂  ᠰᠢᠷ᠎ᠡ ᠯᠣᠣᠪᠠᠩ᠂ ᠬᠠᠰᠢ᠂ ᠥᠷᠭᠡᠰᠦᠲᠦ ᠬᠡᠮᠬᠡ ᠵᠡᠷᠭᠡ 6 ᠵᠦᠢᠯ ᠤᠨ ᠦᠨ᠎ᠡ ᠬᠠᠩᠰᠢ ᠡᠳᠦᠶ ᠲᠡᠳᠦᠶ ᠥᠰᠴᠦ᠂ ᠦᠯᠡᠳᠡᠭᠰᠡᠨ 10 ᠵᠦᠢᠯ ᠤᠨ ᠦᠨ᠎ᠡ ᠬᠠᠩᠰᠢ ᠨᠢ ᠴᠥᠮ ᠪᠠᠭᠤᠷᠠᠵᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠥᠰᠥᠯᠲᠡ ᠪᠠᠭᠤᠷᠠᠯᠲᠠ ᠶᠢᠨ ᠬᠡᠮᠵᠢᠶ᠎ᠡ ᠨᠢ ᠨᠡᠯᠢᠶᠡᠳ ᠪᠠᠭ᠎ᠠ ᠪᠠᠶᠢᠨ᠎ᠠ᠃      ᠡᠷᠢᠶᠡᠨ ᠬᠤᠲᠠ᠂ ᠠᠯᠠᠱᠠ ᠠᠶᠢᠮᠠᠭ᠂ ᠬᠥᠬᠡᠬᠤᠲᠠ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠡᠳᠦᠷ ᠤᠨ ᠮᠡᠳᠡᠭᠦᠯᠦᠯᠲᠡ ᠶᠢᠨ ᠲᠦᠷᠢᠮ ᠢ  ᠡᠬᠢᠯᠡᠭᠦᠯᠪᠠ᠃ 11 ᠰᠠᠷ᠎ᠠ ᠶᠢᠨ 3 ᠤ ᠡᠳᠦᠷ᠂ ᠬᠥᠬᠡᠬᠤᠲᠠ ᠶᠢᠨ 4 ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠠᠮᠤ ᠲᠣᠰᠣᠨ ᠤ ᠲᠥᠷᠥᠯ ᠤᠨ ᠪᠠᠷᠠᠭ᠎ᠠ 932 ᠲᠣᠨ ᠣᠷᠣᠭᠤᠯᠵᠤ᠂ 771.1 ᠲᠣᠨ ᠪᠣᠷᠣᠯᠠᠭᠤᠯᠵᠤ᠂ 36944.05 ᠲᠣᠨ ᠬᠠᠳᠠᠭᠠᠯᠠᠵᠤ ᠪᠣᠶ︔ ᠢᠳᠡᠰᠢᠨ ᠨᠣᠭᠤᠭ᠎ᠠ ᠶᠢ 1509.2 ᠲᠣᠨ ᠣᠷᠣᠭᠤᠯᠵᠤ᠂ 1498 ᠲᠣᠨ ᠪᠣᠷᠣᠯᠠᠭᠤᠯᠵᠤ᠂ 1469.5 ᠲᠣᠨ ᠬᠠᠳᠠᠭᠠᠯᠠᠵᠤ ᠪᠣᠶ᠃ ᠣᠷᠳᠣᠰ ᠬᠤᠲᠠ ᠶᠢᠨ ᠡᠯ᠎ᠡ ᠲᠣᠮᠣ ᠠᠮᠢᠳᠤᠷᠠᠯ ᠤᠨ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠮᠤ ᠲᠣᠰᠣᠨ ᠤ ᠲᠥᠷᠥᠯ ᠤᠨ ᠪᠠᠷᠠᠭ᠎ᠠ 447.97 ᠲᠣᠨ ᠣᠷᠣᠭᠤᠯᠵᠤ᠂ 406.5 ᠲᠣᠨ ᠪᠣᠷᠣᠯᠠᠭᠤᠯᠵᠤ᠂ 3826.13 ᠲᠣᠨ ᠬᠠᠳᠠᠭᠠᠯᠠᠵᠤ ᠪᠣᠶ︔ ᠢᠳᠡᠰᠢᠨ ᠨᠣᠭᠤᠭ᠎ᠠ ᠶᠢᠨ ᠲᠥᠷᠥᠯ ᠳᠤ 575.9 ᠲᠣᠨ ᠪᠠᠷᠠᠭ᠎ᠠ ᠣᠷᠣᠭᠤᠯᠵᠤ᠂ 551.4 ᠲᠣᠨ ᠪᠣᠷᠣᠯᠠᠭᠤᠯᠵᠤ᠂ 865.7 ᠲᠣᠨ ᠬᠠᠳᠠᠭᠠᠯᠠᠵᠤ ᠪᠣᠶ᠃ ᠠᠯᠠᠱᠠ ᠠᠶᠢᠮᠠᠭ ᠤᠨ ᠭᠤᠤᠯ ᠪᠣᠯᠬᠤ ᠬᠦᠢᠯᠭᠡᠭᠡᠨ ᠤ ᠠᠵᠤ ᠠᠬᠤᠶᠢᠯᠠᠯ ᠤᠨ ᠠᠮᠤ ᠲᠣᠰᠣᠨ ᠤ ᠬᠥᠮᠥᠷᠭᠡᠯᠡᠯᠲᠡ 460.07 ᠲᠣᠨ᠂ ᠢᠳᠡᠰᠢᠨ ᠨᠣᠭᠤᠭ᠎ᠠ ᠶᠢᠨ ᠬᠥᠮᠥᠷᠭᠡᠯᠡᠯᠲᠡ 134.57 ᠲᠣᠨ ᠪᠠᠶᠢᠨ᠎ᠠ᠃ ᠡᠷᠢᠶᠡᠨ ᠬᠤᠲᠠ ᠶᠢᠨ ᠭᠤᠤᠯ ᠪᠣᠯᠬᠤ ᠠᠷᠠᠯᠵᠢᠶ᠎ᠠ ᠬᠤᠳᠠᠯᠳᠤᠭᠠᠨ ᠤ  ᠬᠦᠢᠯᠭᠡᠭᠡᠨ ᠤ ᠠᠵᠤ ᠠᠬᠤᠶᠢᠯᠠᠯ ᠤᠨ ᠠᠮᠤ ᠲᠣᠰᠣᠨ ᠤ ᠨᠥᠭᠡᠴᠡ 908.1 ᠲᠣᠨ᠂ ᠢᠳᠡᠰᠢᠨ ᠨᠣᠭᠤᠭ᠎ᠠ ᠶᠢᠨ ᠨᠥᠭᠡᠴᠡ 2650 ᠲᠣᠨ ᠪᠣᠯᠤᠨ᠎ᠠ᠃ ᠪᠥᠬᠦ ᠣᠷᠣᠨ ᠤ ᠵᠠᠰᠠᠭ ᠤᠨ ᠣᠷᠳᠣᠨ ᠤ ᠨᠥᠭᠡᠴᠡᠯᠡᠭᠰᠡᠨ ᠪᠣᠯᠪᠠᠰᠤᠷᠠᠭᠤᠯᠤᠭᠰᠠᠨ ᠠᠮᠤ ᠪᠤᠳᠠᠭ᠎ᠠ᠂ ᠢᠳᠡᠰᠢᠨ ᠲᠣᠰᠣ᠂ ᠮᠢᠬᠠᠨ ᠤ  ᠵᠦᠢᠯ᠂ ᠢᠳᠡᠰᠢᠨ ᠨᠣᠭᠤᠭ᠎ᠠ ᠵᠡᠷᠭᠡ ᠲᠥᠷᠥᠯ  ᠵᠦᠢᠯ ᠨᠢ ᠨᠢᠭᠡᠨᠲᠡ ᠲᠣᠭᠲᠠᠭᠰᠠᠨ ᠡᠳᠦᠷ ᠤᠨ ᠨᠥᠭᠡᠴᠡ ᠶᠢᠨ  ᠬᠡᠮᠵᠢᠶᠠᠨ ᠳᠤ ᠬᠦᠷᠴᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠥᠬᠦᠪᠥᠷᠢᠯᠡᠵᠦ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号