ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ 2021 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠨᠢᠭᠡᠴᠡ ᠶᠢᠨ ᠲᠤᠬᠠᠶ  ᠨᠠᠶᠢᠳᠠᠯᠠᠯ
ᠨᠡᠶᠢᠲᠡᠯᠡᠭᠰᠡᠨ ᠴᠠᠭ᠄
2021/12/9
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠣᠬᠢᠷᠲᠤᠯ ᠦᠭᠡᠶ ᠬᠥᠭᠵᠢᠯᠲᠡ ᠶᠢᠨ ᠲᠤᠬᠠᠶ  ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ︽ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︿ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠵᠤ ᠬᠡᠷᠡᠭᠵᠢᠭᠦᠯᠬᠦ ᠠᠵᠢᠯ ᠤᠨ ᠲᠥᠰᠦᠯ ︵2020 — 2022 ᠣᠨ︶  ᠢ ᠳᠠᠷᠤᠮᠠᠯᠯᠠᠨ ᠲᠠᠷᠬᠠᠭᠠᠬᠤ ᠲᠤᠬᠠᠶ  ᠠᠯᠪᠠᠨ ᠲᠢᠩᠬᠢᠮ ᠤᠨ ᠮᠡᠳᠡᠭᠳᠡᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ︵2020 — 2022 ᠣᠨ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ 2021 ᠣᠨ ᠤ 6 ᠰᠠᠷ᠎ᠠ ᠳᠤ 2021 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠪᠡ᠃ ᠠᠵᠤ ᠠᠬᠤᠶᠢᠯᠠᠯ ᠤᠨ ᠮᠡᠳᠡᠭᠦᠯᠦᠯᠲᠡ ᠪᠠᠷ ᠳᠡᠮᠵᠢᠨ᠂ ᠠᠶᠢᠮᠠᠭ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠤᠶᠠᠷ ᠱᠠᠲᠤᠨ ᠤ ᠬᠢᠨᠠᠨ ᠬᠠᠷᠭᠤᠭᠤᠯᠵᠤ ᠲᠠᠨᠢᠯᠴᠠᠭᠤᠯᠣᠨ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠬᠤ   ᠪᠠᠷ ᠲᠠᠮᠵᠢᠨ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠂ ᠬᠥᠬᠡᠬᠤᠲᠠ ᠶᠢᠨ ᠨᠦᠸᠧ ᠾᠧ ᠮᠣ᠋ ᠯᠧ ᠠᠵᠦ ᠠᠬᠤᠶᠢᠯᠠᠯ ᠤᠨ ᠬᠠᠮᠢᠶᠠᠷᠣᠯᠳᠠ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ  ᠸᠧᠢ ᠳ᠋ᠦᠸᠧ ᠯᠢ  ᠮᠦᠸᠧ ᠡᠸ᠋ᠯ ᠴᠧᠩ  ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠪᠤᠭᠤᠲᠤ ᠬᠤᠲᠠ ᠵᠢᠨ‌‍ᠸᠧᠢ ᠳ᠋ᠦᠸᠧ ᠯᠢ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠪᠤᠭᠤᠲᠤ ᠶᠢᠨ ᠸᠠᠨ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠦ᠋ ᠶᠤᠸᠠᠢ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠦᠬᠠᠶ ᠶᠢᠨ ᠸᠠᠨ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠥᠯᠥᠨ ᠪᠤᠶᠢᠷ ᠤᠨ  ᠹᠠ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠨᠥᠬᠦᠷᠯᠡᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠥᠯᠥᠨ ᠪᠤᠶᠢᠷ ᠤᠨ ᠢ ᠱᠢ ᠳ᠋ᠠᠨ ᠬᠤᠳᠠᠯᠳᠤᠭᠠᠨ ᠤ ᠲᠠᠯᠠᠪᠠᠶ ᠶᠢᠨ ᠬᠢᠵᠠᠭᠠᠷᠲᠤ ᠺᠣᠮᠫᠠᠨᠢ ᠵᠡᠷᠭᠡ 10 ᠨᠢᠭᠡᠴᠡ ᠪᠣᠯ 2021 ᠣᠨ ᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠨᠢᠭᠡᠴᠡ ᠪᠣᠯᠭᠠᠭᠰᠠᠨ ᠪᠠᠶᠢᠨ᠎ᠡ᠂ ᠡᠳᠦᠭᠡ ᠵᠠᠷᠯᠠᠨ ᠨᠡᠶᠢᠲᠡᠯᠡᠶ᠎ᠡ᠃      ᠢᠯᠡ ᠨᠡᠶᠢᠲᠡᠯᠡᠬᠦ ᠴᠠᠭ ᠨᠢ 2021 ᠣᠨ ᠤ 12 ᠳ᠋ᠤᠭᠠᠷ ᠰᠠᠷ᠎ᠠ ᠶᠢᠨ 3 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 9 ᠤ ᠡᠳᠦᠷ ᠪᠣᠯᠲᠠᠯ᠎ᠠ  ᠂ ᠬᠡᠷᠪᠡ ᠣᠨᠳᠣᠤ ᠰᠠᠨᠠᠯ ᠲᠠᠢ ᠪᠣᠯ  ᠠᠰᠠᠭᠤᠨ ᠰᠣᠷᠠᠭᠯᠠᠬᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ ᠲᠤ ᠲᠤᠰᠬᠠᠵᠤ ᠪᠣᠯᠤᠨ᠎ᠠ᠃      ᠬᠦᠯᠢᠶᠡᠨ ᠠᠪᠬᠤ ᠤᠲᠠᠰᠤ᠄ 0471-6946508      ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ  ᠨᠣᠮᠧᠷ ᠤᠨ 5 ᠳ᠋ᠤᠭᠠᠷ ᠠᠰᠠᠷ ᠤᠨ 614 ᠳ᠋ᠣᠭᠡᠷ ᠥᠷᠥᠭᠡ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ   ᠤ ᠬᠤᠳᠠᠯᠳᠣᠭᠠᠨ ᠤ  ᠶᠠᠪᠣᠳᠠᠯ ᠤᠨ ᠲᠢᠩᠬᠢᠮ              2021 ᠣᠨ ᠤ 12 ᠰᠠᠷ᠎ᠠ ᠶᠢᠨ 3   ᠤ ᠡᠳᠦᠷ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号