︽ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/1/6
   ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠢᠩᠬᠢᠮ ᠪᠠᠶᠢᠭᠤᠯᠭ᠎ᠠ ᠶᠢᠨ ᠡᠯ᠎ᠡ ᠭᠠᠵᠠᠷ ᠬᠡᠷ᠂ ᠪᠣᠭᠤᠮᠲᠠ ᠶᠢᠨ ᠠᠯᠪᠠᠨ ᠬᠡᠷ᠂ ᠡᠯ᠎ᠡ ᠲᠥᠪ ᠲᠤ᠄    ᠡᠳᠦᠭᠡ ︽ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠬᠡᠷᠡᠭᠵᠢᠭᠦᠯᠲᠦᠭᠡᠶ᠃    2021 ᠣᠨ ᠤ 4 ᠰᠠᠷ᠎ᠠ ᠶᠢᠨ 21    ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ    ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ ᠳᠡᠯᠡᠬᠡᠶᠢᠴᠢᠯᠡᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠪᠣᠶ ᠪᠣᠯᠭᠠᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠣᠯᠠᠨ ᠤᠯᠤᠰ ᠲᠠᠬᠢ ᠥᠷᠢᠰᠦᠯᠳᠦᠬᠦ ᠬᠦᠴᠦᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠢ ᠦᠨᠳᠦᠰᠦᠯᠡᠨ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠮᠡᠲᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃    ᠨᠢᠭᠡ᠂ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ    1. ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠬᠠᠭᠤᠳᠠᠰᠤ ᠶᠢ ᠪᠦᠬᠦᠨ ᠢ ᠵᠢᠭᠰᠠᠭᠠᠨ᠂ ᠠᠰᠲᠠᠭᠠᠨ ᠬᠠᠭᠤᠳᠠᠰᠤ ᠥᠬᠡᠶ ᠪᠠᠶᠢᠬᠤ︾ ᠶᠢ ᠪᠡᠶᠡᠯᠡᠭᠦᠯᠦᠨ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠳᠤ ᠣᠷᠣᠭᠤᠯᠤᠭᠠᠳᠤᠶ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ︽ᠴᠠᠭᠠᠵᠠᠯᠠᠬᠤ ᠥᠬᠡᠶ ᠪᠣᠯ ᠣᠷᠣᠭᠤᠯᠬᠤ︾ ᠶᠢ ᠦᠨᠡᠨᠬᠦ ᠪᠠᠲᠤᠯᠠᠨ᠎ᠠ᠃    2. ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠣᠲᠣ ᠶᠢᠨ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ  ᠢ ᠲᠣᠭᠲᠠᠭᠠᠬᠤ ᠦᠨᠳᠦᠰᠦᠯᠡᠯ᠂ ᠵᠥᠪᠰᠢᠶᠡᠷᠡᠬᠦ ᠨᠥᠬᠦᠴᠡᠯ᠂ ᠬᠡᠷᠡᠭ ᠭᠦᠶ᠋ᠴᠡᠳᠬᠡᠬᠦ ᠲᠠᠰ ᠳᠠᠷᠠᠭᠠᠯᠠᠯ᠂ ᠭᠤᠶᠤᠴᠢᠯᠠᠬᠤ ᠮᠠᠲ᠋ᠧᠷᠢᠶᠠᠯ ᠵᠡᠷᠭᠡ ᠬᠦᠴᠦᠨ ᠵᠦᠢᠯ ᠢ ᠡᠮᠬᠢᠯᠡᠨ ᠳᠢᠭᠯᠡᠵᠦ᠂ ᠦᠷᠭᠦᠯᠵᠢᠯᠡᠨ ᠭᠤᠭᠴᠤᠭ᠎ᠠ᠂ ᠮᠠᠲ᠋ᠧᠷᠢᠶᠠᠯ᠂ ᠴᠠᠭ ᠤᠨ ᠬᠢᠵᠠᠭᠠᠷ ᠢ ᠬᠠᠰᠤᠨ᠎ᠠ᠃    3. ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ᠲᠣᠭᠲᠠᠭᠠᠭᠰᠠᠨ ᠠᠵᠤ ᠠᠬᠤᠶᠢᠯᠠᠯ ᠤᠨ ᠣᠨ ᠤ ᠪᠠᠶᠢᠴᠠᠭᠠᠯᠲᠠ᠂ ᠣᠨ ᠤ ᠮᠡᠳᠡᠭᠦᠯᠦᠯᠲᠡ ᠶᠢᠨ ᠵᠦᠶ᠋ᠯᠡᠰ ᠢ ᠡᠮᠬᠢᠯᠡᠨ ᠳᠢᠭᠯᠡᠵᠦ᠂ ᠣᠨ ᠤ ᠪᠠᠶᠢᠴᠠᠭᠠᠯᠲᠠ ᠶᠢᠨ ᠥᠭᠡᠷᠡᠴᠢᠯᠡᠯᠲᠡ ᠶᠢᠨ ᠣᠨ ᠤ ᠮᠡᠳᠡᠭᠦᠯᠦᠯᠲᠡ ᠶᠢ ᠪᠦᠯᠦᠭ ᠤᠳᠠᠭ᠎ᠠ ᠬᠤᠪᠢᠶᠠᠨ ᠠᠬᠢᠭᠤᠯᠵᠤ᠂ ᠣᠨ ᠤ ᠮᠡᠳᠡᠭᠦᠯᠦᠯᠲᠡ ᠶᠢᠨ ᠵᠦᠶ᠋ᠯᠡᠰ ᠤᠨ ︽ᠣᠯᠠᠨ ᠮᠡᠳᠡᠭᠦᠯᠦᠯᠲᠡ ᠶᠢ ᠨᠡᠶᠢᠯᠡᠭᠦᠯᠦᠨ ᠨᠢᠭᠡ ᠪᠣᠯᠭᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ︾ ᠶᠢ ᠠᠬᠢᠭᠤᠯᠤᠨ᠎ᠠ᠃    4. ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠵᠤ᠂ ︽ᠭᠠᠳᠠᠭᠠᠳᠤ ᠠᠷᠠᠯᠵᠢᠶ᠎ᠠ ᠡᠵᠡᠩᠨᠡᠭᠴᠢ ᠶᠢᠨ ᠳᠡᠩᠰᠡᠯᠡᠯᠲᠡ︾᠂ ︽ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ  ᠠᠵᠤ ᠠᠬᠤᠶᠢᠯᠠᠯ ᠤᠨ ᠳᠡᠩᠰᠡᠯᠡᠯᠲᠡ︾᠂ ︽ᠳᠠᠬᠢᠯᠲᠠ ᠡᠬᠢ ᠪᠠᠶᠠᠯᠢᠭ ᠤᠨ ᠡᠵᠡᠩᠨᠡᠭᠴᠢ ᠶᠢᠨ ᠳᠡᠩᠰᠡᠯᠡᠯᠲᠡ︾᠂ ︽ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠡᠵᠡᠩᠨᠡᠭᠴᠢ ᠶᠢᠨ ᠳᠡᠩᠰᠡᠯᠡᠯᠲᠡ︾᠂ ︽ᠭᠠᠷ ᠳᠠᠮᠵᠢᠭᠰᠠᠨ ᠮᠠᠰᠢᠨ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠳᠡᠩᠰᠡᠯᠡᠯᠲᠡ︾᠂ ︽ᠮᠠᠰᠢᠨ ᠲᠡᠷᠭᠡᠨ ᠤ ᠬᠠᠩᠭᠠᠯᠭ᠎ᠠ ᠶᠢᠨ ᠬᠤᠳᠠᠯᠳᠤᠭᠠᠴᠢᠨ ᠪᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠳᠡᠩᠰᠡᠯᠡᠯᠲᠡ︾ ᠵᠡᠷᠭᠡ ᠵᠦᠢᠯᠡᠰ ᠤᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃    5. ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠨ᠎ᠡ ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠪᠠ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠳᠤ ᠵᠥᠪᠰᠢᠶᠡᠷᠡᠨ ᠣᠷᠣᠭᠤᠯᠬᠤ ᠦᠢᠯᠡᠴᠢᠯᠡᠭᠡ ᠶᠢ ᠰᠢᠯᠢᠳᠡᠭᠵᠢᠭᠦᠯᠬᠦ ᠶᠠᠪᠤᠴᠠ ᠳᠠᠬᠢ ᠪᠠ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃    6. ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠯᠡ ᠲᠣᠳᠣ ᠡᠷᠬᠡ ᠲᠡᠭᠰᠢ ᠲᠥᠪ ᠭᠤᠤᠯᠴᠢ ᠪᠠᠷ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠬᠠᠤᠯᠢ ᠶᠣᠰᠣᠭᠠᠷ ᠬᠠᠮᠠᠭᠠᠯᠠᠨ᠎ᠠ᠃    ᠬᠤᠶᠠᠷ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ    7. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠳᠤ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠦᠨ᠎ᠡ᠃    8. ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠢᠨᠲ᠋ᠤᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠠᠬᠢᠭᠤᠯᠤᠨ᠎ᠠ᠃ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠳᠤ ᠢᠳᠡᠪᠬᠢᠲᠡᠶ ᠣᠷᠣᠯᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠶᠢ ᠬᠠᠮᠵᠢᠯᠴᠠᠨ ᠰᠠᠶᠢᠲᠤᠷ ᠬᠢᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ︽ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠶᠢ ᠬᠥᠭᠵᠢᠭᠦᠯᠬᠦ︾ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢᠲᠡᠶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃    9. ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ  ᠤᠨ ᠪᠣᠯᠪᠠᠰᠤᠷᠠᠭᠤᠯᠤᠯ᠂ ᠵᠢᠯᠣᠭᠤᠳᠣᠯᠭ᠎ᠠ᠂ ᠬᠢᠨᠠᠯᠲᠠ ᠶᠢ ᠴᠢᠩᠭᠠᠷᠠᠭᠤᠯᠤᠨ᠎ᠠ᠃ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ  ᠢ ᠵᠠᠯᠭᠠᠨ ᠵᠣᠯᠭᠠᠭᠤᠯᠬᠤ ᠶᠢ ᠰᠠᠶᠢᠲᠤᠷ ᠬᠢᠵᠦ᠂ ᠵᠠᠯᠭᠠᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃    10. ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠯᠪᠠᠰᠤᠷᠠᠭᠤᠯᠤᠭᠰᠠᠨ ᠲᠣᠰᠣᠨ ᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃    11. ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠦᠨᠡᠮᠰᠢᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠦᠨᠡᠮᠰᠢᠬᠦ ᠠᠩᠬᠠᠨ ᠤ ᠬᠢᠨᠠᠯᠲᠠ ᠶᠢ ᠬᠠᠷᠢᠭᠤᠴᠠᠭᠤᠯᠤᠨ᠎ᠠ᠃ ᠬᠠᠶᠠᠭᠳᠠᠮᠠᠯ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠦᠨᠡᠮᠰᠢᠬᠦ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠷᠢ ᠴᠢᠳᠠᠮᠵᠢ ᠶᠢ ᠦᠨᠡᠮᠰᠢᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠪᠠᠶᠢᠭᠤᠯᠵᠤ ᠭᠤᠶᠤᠴᠢᠯᠠᠭᠰᠠᠨ ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ ᠰᠢᠯᠭᠠᠨ ᠠᠪᠴᠤ ᠬᠢᠨᠠᠨ ᠲᠣᠭᠲᠠᠭᠠᠬᠤ ᠬᠡᠷᠡᠭᠲᠡᠶ᠃    12. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠭᠤᠯᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠭᠰᠠᠨ ᠳᠡᠯᠭᠡᠨ ᠦᠵᠡᠭᠦᠯᠬᠦ᠂ ᠳᠡᠯᠭᠡᠨ ᠦᠵᠡᠭᠦᠯᠬᠦ᠂ ᠵᠥᠪᠯᠡᠨ ᠶᠠᠷᠢᠯᠴᠠᠬᠤ ᠵᠡᠷᠭᠡ ᠠᠵᠢᠯᠯᠠᠭ᠎ᠠ ᠶᠢᠨ ᠳᠤᠮᠳᠠ᠂ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠶᠢ ᠴᠢᠩᠭ᠎ᠠ ᠱᠠᠭᠠᠷᠳᠠᠬᠤ ᠬᠡᠷᠡᠭᠲᠡᠶ᠃ ᠨᠠᠮ ᠵᠠᠰᠠᠭ ᠤᠨ ᠪᠠᠶᠢᠭᠤᠯᠭ᠎ᠠ ᠦᠵᠡᠭᠦᠯᠦᠯᠭᠡ ᠶᠢᠨ ᠠᠵᠢᠯᠯᠠᠭ᠎ᠠ ᠶᠢᠨ ᠭᠤᠤᠯᠯᠠᠨ ᠡᠷᠭᠢᠯᠡᠬᠦ ᠲᠠᠯ᠎ᠠ ᠪᠣᠯᠤᠭᠰᠠᠨ ᠤ ᠬᠤᠪᠢ ᠳᠤ ᠦᠵᠡᠭᠦᠯᠦᠯᠭᠡ ᠶᠢᠨ ᠠᠵᠢᠯᠯᠠᠭ᠎ᠠ ᠡᠷᠭᠢᠯᠡᠬᠦ ᠳᠡᠭᠡᠨ ᠡᠷᠬᠡᠪᠰᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠥᠰᠦᠯ ᠲᠣᠭᠲᠠᠭᠠᠬᠤ ᠬᠡᠷᠡᠭᠲᠡᠶ᠃    ᠭᠤᠷᠪᠠ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠮᠤᠭ ᠤᠨ ᠶᠡᠭᠡ ᠲᠦᠬᠦᠮ ᠦᠵᠡᠭᠦᠯᠦᠨ᠎ᠡ    13. ︽ᠠᠯᠠᠭᠠᠨ ᠳᠡᠭᠡᠷ᠎ᠡ ᠪᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠪᠠ ︽ᠨᠢᠭᠤᠷ ᠵᠣᠯᠭᠠᠬᠤ ᠥᠬᠡᠶ︾ ᠬᠢᠨᠠᠨ ᠵᠥᠪᠰᠢᠶᠡᠷᠡᠬᠦ ᠶᠢ ᠨᠠᠶᠢᠳᠠᠪᠤᠷᠢᠵᠢᠭᠤᠯᠤᠨ᠎ᠠ ᠃ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠴᠤ ᠪᠠᠶᠢᠭ᠎ᠠ 16 ᠵᠦᠢᠯ  ᠤᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠶ᠋ᠯᠡᠴᠢᠯᠡᠭᠡᠨ ᠤ ᠵᠦᠶ᠋ᠯᠡᠰ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠢᠩᠬᠢᠮ ᠳᠤ ᠣᠷᠣᠭᠤᠯᠵᠤ ᠰᠠᠭᠤᠯᠭᠠᠵᠤ᠂ ︽ᠨᠢᠭᠡ ᠴᠣᠩᠬᠤ ᠪᠠᠷ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ᠂ ᠭᠠᠷ ᠤᠨ ᠥᠰᠥᠭ ᠵᠢᠷᠤᠬᠤ᠂ ᠭᠠᠷᠭᠠᠨ ᠠᠪᠬᠤ ᠵᠡᠷᠭᠡ ᠵᠠᠩᠭᠢᠯᠠᠭ᠎ᠠ ᠳᠤ ᠡᠯᠧᠺᠲᠷᠣᠨ ᠭᠡᠷᠡᠴᠢᠯᠡᠭᠡ ᠬᠢᠬᠦ᠂ ︽ᠲᠦᠷᠭᠡᠨ ᠬᠦᠷᠭᠡᠯᠲᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠷᠭ᠎ᠠ ᠮᠠᠶ᠋ᠢᠭ ᠢᠶᠠᠷ ᠪᠡᠶᠡᠯᠡᠭᠦᠯᠬᠦ ᠶᠢ ᠳᠥᠯᠭᠢᠨ ᠠᠬᠢᠭᠤᠯᠤᠨ᠎ᠠ᠃    14. ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠴᠤ ᠪᠠᠶᠢᠭ᠎ᠠ ᠬᠢᠵᠠᠭᠠᠷᠯᠠᠬᠤ ᠲᠥᠷᠥᠯ ᠤᠨ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠡᠳ᠋ ᠪᠠᠷᠠᠭ᠎ᠠ ᠶᠢ ᠣᠷᠣᠭᠤᠯᠵᠤ ᠭᠠᠷᠭᠠᠬᠤ ᠵᠥᠪᠰᠢᠶᠡᠷᠡᠯ᠂ ᠦᠨ᠎ᠡ ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠡᠷᠭᠢᠯᠡᠭᠰᠡᠨ ᠠᠵᠤ ᠠᠬᠤᠶᠢᠯᠠᠯ ᠤᠨ ᠳᠡᠩᠰᠡᠯᠡᠯᠲᠡ ︵ᠬᠠᠷᠭᠤᠭᠤᠯᠤᠨ ᠵᠥᠪᠰᠢᠶᠡᠷᠡᠭᠰᠡᠨ ᠠᠩᠬᠠᠨ ᠤ ᠬᠢᠨᠠᠯᠲᠠ ᠪᠠᠭᠲᠠᠨ᠎ᠠ︶᠂ ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠳᠠᠷᠠᠭ᠎ᠠ ᠬᠢᠬᠦ ᠳᠡᠩᠰᠡᠯᠡᠯᠲᠡ ︵ᠮᠤᠵᠢ ᠠᠯᠤᠰᠯᠠᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ︶᠂ ᠭᠠᠳᠠᠭᠠᠳᠤ ᠪᠠᠯᠠ ᠶᠢᠨ ᠰᠤᠳᠤᠯᠤᠨ ᠨᠡᠭᠡᠭᠡᠬᠦ ᠲᠥᠪ ᠤᠨ ᠭᠠᠶᠢᠯᠢ ᠥᠯᠥ ᠪᠤᠴᠠᠭᠠᠬᠤ ᠬᠢᠷᠢ ᠬᠡᠮ ᠢ ᠮᠠᠭᠠᠳᠯᠠᠨ ᠲᠣᠭᠲᠠᠭᠠᠬᠤ᠂ ᠭᠤᠷᠪᠠᠳᠠᠬᠢ ᠭᠠᠵᠠᠷ ᠠᠴᠠ ᠰᠢᠯᠵᠢᠭᠦᠯᠦᠨ ᠪᠠᠯᠠ ᠣᠷᠣᠭᠤᠯᠤᠭᠰᠠᠨ ᠲᠠᠶᠢᠸᠠᠨ ᠤ ᠪᠠᠯᠠ ᠣᠷᠣᠭᠤᠯᠤᠭᠴᠢ ᠶᠢᠨ ᠨᠤᠲᠠᠯᠠᠯᠲᠠ ᠵᠡᠷᠭᠡ 9 ᠵᠦᠶ᠋ᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠪᠥᠬᠦ ᠶᠠᠪᠤᠴᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠶᠡᠭᠡ ᠲᠢᠩᠬᠢᠮ ᠤᠨ ᠲᠦᠷᠦᠭᠦᠤ ᠲᠥᠯᠥᠭᠡᠯᠡᠭᠴᠢ ᠳᠤ ᠡᠷᠬᠡ ᠣᠯᠭᠤᠵᠤ ᠭᠦᠶ᠋ᠴᠡᠳᠬᠡᠭᠦᠯᠦᠨ᠎ᠡ᠃     15᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠶᠡᠭᠡ ᠲᠢᠩᠬᠢᠮ ᠤᠨ ᠲᠦᠷᠦᠭᠦᠦ ᠲᠥᠯᠥᠭᠡᠯᠡᠭᠴᠢ ᠶᠢᠨ ᠵᠥᠪᠳᠡᠯᠴᠡᠬᠦ ᠳᠦᠷᠢᠮ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶᠠᠷᠴᠤ ᠪᠠᠶᠢᠭ᠎ᠠ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠬᠡᠰᠡᠭ ᠬᠤᠤᠷᠲᠤ ᠡᠳ᠋ ᠦᠶ᠋ᠯᠡᠳᠬᠦ ᠳᠤ ᠠᠮᠠᠷᠬᠠᠨ ᠬᠢᠮᠢ ᠶᠢᠨ ᠪᠣᠳᠠᠰ ᠪᠠ ᠪᠠᠯ ᠴᠢᠯᠠᠭᠤᠨ ᠤ ᠲᠥᠷᠥᠯ ᠤᠨ ᠬᠠᠮᠢᠶ᠎ᠠ ᠪᠥᠬᠦᠶ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠥᠪᠰᠢᠶᠡᠷᠡᠬᠦ᠂ ᠬᠡᠰᠡᠭ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢᠨ ᠬᠢᠵᠠᠭᠠᠷᠲᠤ ᠲᠤᠭ᠎ᠠ ᠶᠢᠨ ᠭᠡᠷᠡᠴᠢ ᠶᠢ ᠭᠠᠷ ᠤᠨ ᠥᠰᠥᠭ ᠵᠢᠷᠤᠵᠤ ᠣᠯᠭᠤᠬᠤ᠂ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠲᠤ ᠲᠤᠭ᠎ᠠ ᠶᠢ ᠬᠤᠶᠠᠳᠠᠬᠢ ᠤᠳᠠᠭ᠎ᠠ ᠬᠤᠪᠢᠶᠠᠷᠢᠯᠠᠬᠤ ᠵᠡᠷᠭᠡ 5 ᠵᠦᠶ᠋ᠯ ᠤᠨ ᠡᠷᠬᠡ ᠶᠢᠨ ᠭᠦᠢᠴᠡᠳᠭᠡᠬᠦ ᠠᠯᠬᠤᠮ᠃    16. ᠬᠤᠳᠠᠯᠳᠤᠭᠠᠨ ᠤ ᠶᠠᠪᠤᠳᠠᠯ ᠤᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠦᠢᠯᠡᠴᠢᠯᠡᠭᠡᠨ ᠤ ᠲᠦᠷᠢᠮ ᠢ ᠪᠦᠷᠢᠨᠰᠢᠬᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠪᠠ ᠬᠤᠳᠠᠯᠳᠤᠭᠠᠨ ᠤ ᠶᠠᠪᠤᠳᠠᠯ ᠤᠨ ᠢᠯᠡᠴᠢᠯᠡᠨ ᠮᠡᠳᠡᠭᠦᠯᠬᠦ᠂ ᠭᠤᠮᠣᠳᠠᠯ ᠲᠣᠭᠠᠴᠢᠬᠤ ᠶᠢ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃    17. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠦᠢᠯᠡᠴᠢᠯᠡᠭᠡᠨ ᠤ ᠠᠵᠤ ᠠᠬᠤᠶᠢᠯᠠᠯ ᠤᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠪᠦᠲᠦᠮᠵᠢᠲᠡᠶ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠷᠡᠭᠰᠡᠨ ᠠᠷᠭ᠎ᠠ ᠬᠢᠳᠡᠯ ᠢ ᠵᠢᠷᠤᠮᠵᠢᠭᠤᠯᠤᠨ ᠳᠦᠷᠢᠮᠵᠢᠭᠦᠯᠬᠦ ᠬᠡᠷᠡᠭᠲᠡᠶ᠃ ᠴᠠᠭ ᠤᠨ ᠪᠠᠶᠢᠳᠠᠯ ᠳᠤ ᠥᠯᠥ ᠨᠡᠶᠢᠴᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠲᠦᠷ ᠴᠠᠭ ᠤᠨ ᠴᠢᠨᠠᠷᠲᠠᠶ ᠬᠢᠨᠠᠨ ᠵᠥᠪᠰᠢᠶᠡᠷᠡᠬᠦ ᠵᠦᠢᠯᠡᠰ ᠢ ᠴᠠᠭ ᠲᠤᠬᠠᠶ ᠳᠤᠨᠢ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠨ᠎ᠠ᠃    18. ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠵᠦᠢᠯᠡᠴᠢᠯᠡᠬᠦ︾ ᠥᠭᠡᠷᠡᠴᠢᠯᠡᠯᠲᠡ ᠶᠢᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠣᠨᠳᠣᠤ ᠭᠠᠵᠠᠷ ᠲᠤ ᠨᠡᠭᠦᠯᠭᠡᠬᠦ ᠳᠤ ᠲᠥᠬᠦᠮ ᠦᠵᠡᠭᠦᠯᠬᠦ ᠶᠢ ᠠᠬᠢᠭᠤᠯᠤᠨ᠂ ︽ᠮᠤᠵᠢ ᠠᠯᠤᠰᠯᠠᠨ ᠨᠡᠶᠢᠳᠡᠮ ᠭᠦᠶ᠋ᠴᠡᠳᠬᠡᠬᠦ︾ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠨᠥᠬᠦᠴᠡᠯ ᠪᠥᠷᠢᠳᠦᠭᠰᠡᠨ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ᠂ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠬᠡᠷᠡᠭᠯᠡᠭᠴᠢᠳ ᠲᠤ ᠠᠷᠠᠯᠵᠢᠶᠠᠯᠠᠬᠤ᠂ ᠭᠠᠶᠢᠯᠢ ᠲᠤᠰᠢᠶᠠᠬᠤ᠂ ᠳᠡᠩᠰᠡᠯᠡᠨ ᠲᠡᠮᠳᠡᠭᠯᠡᠬᠦ᠂ ᠳᠠᠭᠠᠳᠬᠠᠯ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠵᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃    ᠳᠥᠷᠪᠡ᠂ ᠠᠷᠠᠯᠵᠢᠶ᠎ᠠ ᠶᠢᠨ ᠳᠥᠭᠦᠮᠴᠢᠯᠡᠯᠲᠡ ᠶᠢ ᠠᠬᠢᠭᠤᠯᠵᠤ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ    19. ᠭᠠᠳᠠᠭᠠᠳᠤ ᠠᠷᠠᠯᠵᠢᠶ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠠᠭᠠᠳᠬᠠᠯ ᠢ ᠳᠠᠭᠠᠭᠠᠴᠢᠯᠠᠬᠤ    ᠦᠢᠯᠡᠴᠢᠯᠡᠭᠡᠨ ᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠲᠠᠪᠴᠠᠩ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠳᠤᠮᠳᠠ ᠵᠢᠵᠢᠭ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠ ᠬᠢᠷᠢ    20᠂ ᠭᠠᠳᠠᠭᠠᠳᠤ ᠠᠷᠠᠯᠵᠢᠶ᠎ᠠ ᠶᠢᠨ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠯᠡᠴᠢᠯᠡᠭᠡᠨ ᠤ ᠲᠠᠪᠴᠠᠩ ᠢ ᠠᠰᠢᠭᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠡᠵᠡᠩᠨᠡᠨ ᠪᠣᠷᠣᠯᠠᠭᠤᠯᠬᠤ ᠲᠣᠤᠷ ᠰᠦᠯᠵᠢᠶ᠎ᠡ ︵ᠴᠢᠬ︶᠂ ︽ᠭᠠᠳᠠᠭᠠᠳᠤ ᠳᠠᠬᠢ ᠬᠥᠮᠥᠷᠭᠡ︾᠂ ︽ᠬᠢᠯᠢ ᠶᠢᠨ ᠬᠥᠮᠥᠷᠭᠡ︾ ᠪᠠᠶᠢᠭᠤᠯᠬᠤ ᠶᠢ ᠳᠡᠮᠵᠢᠵᠦ᠂ ᠪᠡᠶ᠎ᠡ ᠪᠠᠨ ᠳᠠᠭᠠᠭᠠᠵᠤ ᠭᠠᠳᠠᠭᠠᠳᠤ ᠳᠤ ᠭᠠᠷᠭᠠᠬᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃    21. ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ︾ ᠵᠢᠴᠢ ᠢᠵᠢ ᠪᠦᠷᠢᠳᠦᠭᠦᠯᠬᠦ ᠬᠠᠤᠯᠢ ᠲᠣᠭᠲᠠᠭᠠᠯ ᠢ ᠬᠡᠷᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠤᠨ ᠡᠭᠦᠷᠭᠡᠯᠡᠯ ᠢ ᠨᠠᠶᠢᠳᠠᠪᠤᠷᠢᠵᠢᠭᠤᠯᠤᠨ᠎ᠠ    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号