ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠠᠶᠢᠮᠠᠭ ᠤᠨ ᠭᠠᠳᠠᠭᠠᠳᠤ ᠳᠤ ᠰᠢᠭᠤᠳ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠲᠤᠰᠬᠠᠶ ᠤᠬᠠᠭᠤᠯᠭ᠎ᠠ ᠶᠢᠨ ᠪᠣᠯᠪᠠᠰᠣᠷᠠᠭᠤᠯᠣᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/10/13
 
盟商务局参加全盟对外直接投资政策专项宣传培训会1.png 
     ᠮᠠᠨ ᠤ ᠠᠶᠢᠮᠠᠭ ᠤᠨ ᠬᠢᠯᠢ ᠶᠢᠨ ᠭᠠᠳᠠᠨ᠎ᠠ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠳᠠᠭᠠᠳᠤ ᠳᠤ ᠪᠠᠯᠠ ᠣᠷᠣᠭᠤᠯᠬᠤ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢ ᠴᠢᠩᠭᠠᠳᠬᠠᠬᠤ ᠶᠢᠨ ᠲᠤᠰᠠᠳᠠ᠂ 10 ᠳ᠋ᠤᠭᠠᠷ ᠰᠠᠷ᠎ᠠ ᠶᠢᠨ 10 ᠤ ᠡᠳᠦᠷ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠥᠬᠦ ᠠᠶᠢᠮᠠᠭ ᠤᠨ ᠭᠠᠳᠠᠭᠠᠳᠤ ᠳᠤ ᠰᠢᠭᠤᠳ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠲᠤᠰᠬᠠᠶ ᠤᠬᠠᠭᠤᠯᠭ᠎ᠠ ᠶᠢᠨ ᠪᠣᠯᠪᠠᠰᠣᠷᠠᠭᠤᠯᠣᠯ ᠤᠨ ᠬᠤᠷᠠᠯ ᠳᠤ ᠣᠷᠣᠯᠴᠠᠪᠠ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠩᠬᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠵᠢᠴᠢ ᠬᠢᠯᠢ ᠶᠢᠨ ᠭᠠᠳᠠᠨᠠᠬᠢ ᠪᠠᠯᠠ ᠣᠷᠣᠭᠤᠯᠤᠭᠰᠠᠨ ᠠᠵᠤ ᠠᠬᠤᠶᠢᠯᠠᠯ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃  ᠬᠤᠷᠠᠯ ᠳᠡᠭᠡᠷ᠎ᠡ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠳᠤ ᠭᠠᠳᠠᠭᠠᠳᠤ ᠳᠤ ᠪᠠᠯᠠ ᠣᠷᠣᠭᠤᠯᠬᠤ ᠶᠢ ᠳᠠᠩᠰᠠᠯᠠᠬᠤ ︵ᠬᠠᠷᠭᠤᠭᠤᠯᠤᠨ ᠵᠥᠪᠰᠢᠶᠡᠷᠡᠬᠦ︶ ᠶᠠᠪᠤᠴᠠ᠂ ᠭᠠᠳᠠᠭᠠᠳᠤ ᠳᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠬᠡᠷᠡᠭᠯᠡᠯᠲᠡ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ ᠲᠠᠶᠢᠯᠪᠤᠷᠢᠯᠠᠨ ᠥᠭᠴᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠪᠠᠩᠬᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠬᠢᠯᠢ ᠶᠢᠨ ᠭᠠᠳᠠᠨᠠᠬᠢ ᠭᠤᠪᠢᠭᠤᠯᠭ᠎ᠠ ᠶᠢᠨ ᠳᠡᠩᠰᠡᠯᠡᠯᠲᠡ ᠶᠢᠨ ᠶᠠᠪᠤᠴᠠ᠂ ᠭᠠᠳᠠᠭᠠᠳᠤ ᠭᠤᠪᠢᠭᠤᠯᠭ᠎ᠠ ᠶᠢᠨ ᠲᠥᠷᠥ ᠶᠢᠨ ᠪᠣᠳᠣᠯᠭ᠎ᠠ ᠵᠢᠴᠢ ᠭᠠᠳᠠᠭᠠᠳᠤ ᠭᠤᠪᠢᠭᠤᠯᠭ᠎ᠠ ᠶᠢᠨ ᠳᠡᠩᠰᠡᠯᠡᠯᠲᠡ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ ᠲᠠᠶᠢᠯᠪᠤᠷᠢᠯᠠᠨ ᠥᠭᠴᠡᠶ᠃ ᠬᠤᠷᠠᠯ ᠤᠨ ᠳᠠᠷᠠᠭ᠎ᠠ᠂ ᠡᠯ᠎ᠡ ᠰᠠᠯᠠᠭ᠎ᠠ ᠮᠥᠴᠢᠷ ᠤᠨ ᠠᠵᠢᠯᠲᠠᠨ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠵᠢᠯᠲᠠᠨ ᠬᠠᠮᠲᠤ ᠪᠠᠷ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ᠂ ᠭᠠᠳᠠᠭᠠᠳᠤ ᠭᠤᠪᠢᠭᠤᠯᠭ᠎ᠠ ᠶᠢ ᠪᠦᠷᠢᠳᠬᠡᠨ ᠳᠠᠩᠰᠠᠯᠠᠬᠤ ᠵᠢᠴᠢ ᠣᠳᠣᠬᠠᠨ ᠳᠤ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠶᠠᠷᠢᠯᠴᠠᠪᠠ᠃ 
盟商务局参加全盟对外直接投资政策专项宣传培训会2.png 
   ᠲᠣᠰ ᠤᠳᠠᠭᠠᠨ ᠤ ᠪᠣᠯᠪᠠᠰᠤᠷᠠᠭᠤᠯᠤᠯ ᠰᠣᠯᠢᠯᠴᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠳᠤ ᠪᠠᠯᠠ ᠣᠷᠣᠭᠤᠯᠬᠤ ᠪᠣᠳᠠᠲᠠᠶ ᠠᠵᠢᠯᠯᠠᠭ᠎ᠠ ᠵᠢᠴᠢ ᠬᠢᠯᠢ ᠶᠢᠨ ᠭᠠᠳᠠᠨᠠᠬᠢ ᠭᠤᠪᠢᠭᠤᠯᠭ᠎ᠠ ᠶᠢᠨ ᠳᠠᠩᠰᠠᠯᠠᠭᠤᠯᠬᠤ ᠶᠠᠪᠤᠴᠠ ᠶᠢ ᠪᠣᠯᠪᠠᠰᠤᠷᠠᠩᠭᠤᠶ ᠡᠵᠡᠮᠰᠢᠭᠦᠯᠵᠦ᠂ ᠣᠳᠣᠬᠠᠨ ᠤ ᠭᠠᠳᠠᠭᠠᠳᠤ ᠭᠤᠪᠢᠭᠤᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠭᠤᠯᠪᠠ᠃ ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠪᠣᠯᠪᠠᠰᠤᠷᠠᠭᠤᠯᠤᠯ ᠲᠠᠢ ᠤᠶᠠᠯᠳᠤᠭᠤᠯᠤᠨ᠂ ᠠᠵᠤ ᠠᠬᠤᠶᠢᠯᠠᠯ ᠢ ᠦᠷᠭᠦᠯᠵᠢᠯᠡᠨ ᠵᠢᠯᠣᠭᠤᠳᠴᠤ᠂ ᠦᠢᠯᠡᠴᠢᠯᠡᠭᠡ ᠪᠠ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠢᠷᠡᠯᠲᠡ ᠲᠠᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号