ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠬᠢᠨ ᠮᠠᠨ ᠤ ᠲᠣᠪᠴᠢᠶ᠎ᠠ ᠳᠤ ᠬᠦᠷᠴᠦ ᠪᠥᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠣᠳᠣᠯᠣᠯᠳᠠ ᠬᠢᠵᠦ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/10/20
  10 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠶᠠᠩ ᠬᠠᠶ ᠪᠥᠸᠧ ᠨᠡᠷ ᠮᠠᠨ ᠤ ᠲᠣᠪᠴᠢᠶ᠎ᠠ ᠳᠤ ᠬᠦᠷᠴᠦ ᠪᠥᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ︵ᠲᠣᠪᠴᠢᠶᠠᠨ ᠳᠠᠷᠤᠭ᠎ᠠ︶ ᠭᠦᠸᠧ ᠰᠢᠶᠤᠤ ᠳ᠋ᠦᠩ ᠬᠤᠷᠠᠯ ᠡᠷᠭᠢᠯᠡᠪᠡ᠃ 
10.20市委编办一行莅临我局就全市物流业发展情况进行调研座谈.png 
      ᠬᠤᠷᠠᠯ ᠳᠡᠭᠡᠷ᠎ᠡ ᠪᠥᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠦᠨᠳᠦᠰᠦᠨ ᠪᠠᠶᠢᠳᠠᠯ᠂ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠠᠮᠢᠶᠠᠷᠤᠯᠲᠠ ᠶᠢᠨ ᠣᠳᠣᠬᠢ ᠪᠠᠶᠢᠳᠠᠯ ᠳᠤ ᠴᠢᠭᠯᠡᠭᠦᠯᠦᠨ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠮᠠᠨ ᠤ ᠬᠤᠲᠠ ᠪᠣᠯ ᠥᠪᠡᠷᠲᠡᠭᠡᠨ ᠵᠠᠰᠠᠬᠤ ᠣᠷᠣᠨ ᠤ ᠵᠡᠭᠦᠨᠰᠢ ᠣᠷᠣᠵᠤ ᠪᠠᠷᠠᠭᠤᠨᠰᠢ ᠭᠠᠷᠬᠤ ︽ᠬᠥᠭᠦᠷᠭᠡᠨ ᠪᠠᠬᠢᠯᠡᠯᠲᠡ︾᠂ ᠤᠮᠠᠷᠠᠰᠢ ᠨᠡᠭᠡᠭᠡᠵᠦ ᠡᠮᠦᠨᠡᠰᠢ ᠬᠤᠯᠪᠣᠭᠠᠯᠠᠬᠤ ᠠᠭᠤᠯᠵᠠᠷ ᠴᠡᠭ ᠮᠥᠨ᠂ ᠪᠠᠰᠠ ᠴᠤ ᠳᠤᠮᠳᠠᠳᠤ ᠤᠯᠤᠰ ᠤᠨ ᠮᠣᠩᠭᠤᠯ ᠤᠯᠤᠰ᠂ ᠣᠷᠣᠰ ᠪᠣᠯᠤᠨ ᠧᠦ᠋ᠷᠣᠫᠠ ᠲᠢᠪ ᠤᠨ ᠡᠯ᠎ᠡ ᠤᠯᠤᠰ ᠲᠤ ᠨᠡᠪᠲᠡᠷᠡᠬᠦ ᠴᠢᠬᠤᠯᠠ ᠣᠯᠠᠨ ᠤᠯᠤᠰ ᠤᠨ ᠵᠠᠮ ᠮᠥᠨ᠂ ︽ᠡᠬᠡ ᠬᠠᠭᠤᠷᠠᠶ ᠶᠢᠨ ᠭᠠᠷᠠᠮ ᠮᠠᠶ᠋ᠢᠭ ᠤᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠠᠴᠢᠶᠠᠯᠠᠬᠤ ᠬᠤᠲᠠ︾ ᠪᠠᠷ ᠦᠨᠡᠯᠡᠭᠳᠡᠵᠦ᠂ ᠪᠥᠬᠦ ᠤᠯᠤᠰ ᠤᠨ ᠴᠣᠷ ᠤᠨ ᠭᠠᠭᠴᠠ ᠮᠤᠵᠢ ᠶᠢᠨ ᠲᠥᠪ ᠪᠤᠰᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠵᠠᠩᠭᠢᠯᠠᠭ᠎ᠠ ᠶᠢᠨ ᠴᠡᠭ ᠤᠨ ᠬᠤᠲᠠ ᠪᠣᠯᠤᠨ᠎ᠠ᠃ ᠪᠥᠬᠦ ᠬᠤᠲᠠ 2010 ᠣᠨ ᠠᠴᠠ ᠡᠬᠢᠯᠡᠨ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠣᠲᠣ ᠪᠣᠯᠲᠠᠯ᠎ᠠ ᠢᠯᠡᠳᠲᠡ ᠠᠮᠵᠢᠯᠲᠠ ᠣᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ᠂ ᠪᠠᠷᠠᠭᠠᠨ ᠤ ᠭᠦᠢᠯᠭᠡᠭᠡᠨ ᠤ ᠶᠡᠷᠦᠩᠬᠡᠶ ᠲᠤᠭ᠎ᠠ᠂ ᠪᠠᠷᠠᠭᠠᠨ ᠤ ᠭᠦᠢᠯᠭᠡᠭᠡᠨ ᠤ ᠶᠡᠷᠦᠩᠬᠡᠶ ᠣᠷᠣᠯᠭ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ ᠭᠡᠵᠡᠢ᠃  ᠲᠠᠷᠠᠭᠠᠴᠢ ᠶᠢᠨ ᠠᠯᠬᠤᠮ ᠳᠤ ᠤᠯᠠᠭᠠᠨᠴᠠᠪ — ᠡᠷᠢᠶᠡᠨ ᠬᠤᠲᠠ ᠶᠢᠨ ᠪᠣᠭᠤᠮᠲᠠ ᠶᠢᠨ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ︽ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠭᠤᠤᠯ ᠲᠡᠩᠭᠡᠯᠢᠭ ᠤᠨ 1 ᠨᠡᠪᠲᠡᠷᠡᠬᠦ ᠵᠠᠮ + ᠬᠢᠯᠢ ᠶᠢᠨ ᠭᠠᠳᠠᠨᠠᠬᠢ 3 ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ + ᠤᠯᠤᠰ ᠤᠨ ᠳᠣᠲᠣᠭᠠᠳᠤ ᠶᠢᠨ 4 ᠭᠤᠤᠯ ᠱᠤᠭᠤᠮ ᠤᠨ ᠨᠡᠪᠲᠡᠷᠡᠬᠦ ᠵᠠᠮ + ᠪᠠᠷᠠᠭᠠᠨ ᠤ ᠭᠦᠢᠯᠭᠡᠭᠡᠨ ᠤ ᠦᠢᠯᠡᠰ ᠤᠨ 5 ᠲᠥᠪᠯᠡᠷᠡᠯ ᠤᠨ ᠣᠷᠣᠨ︾ ᠤ ︽1+3+4+5︾ ᠣᠲᠣ ᠦᠶ᠎ᠡ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠥᠪᠯᠡᠷᠡᠯ ᠤᠨ ᠣᠷᠣᠨ ᠢ ᠪᠠᠶᠢᠭᠤᠯᠤᠨ᠎ᠠ᠃ 
 
ᠢᠷᠡᠯᠲᠡ᠄ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号