ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠡᠤ ᠴᠢᠩ ᠬᠤᠸᠠ ᠰᠢᠯᠢᠩᠬᠤᠳᠠ ᠶᠢᠨ ᠳ᠋ᠠ ᠱᠢ ᠵᠢᠶᠧ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/10/24
    10 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠡᠤ ᠴᠢᠩ ᠬᠤᠸᠠ ᠰᠢᠯᠢᠩᠬᠤᠳᠠ ᠶᠢᠨ ᠳ᠋ᠠ ᠱᠢ ᠵᠢᠶᠧ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ᠂ ᠠᠶᠢᠮᠠᠭ᠂ ᠬᠤᠲᠠ ᠬᠤᠶᠠᠷ ᠱᠠᠲᠤᠨ ᠤ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠲᠤᠰᠬᠠᠶ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃ 
10.24盟委委员、行署副盟长吴庆华深入锡市大世界批发市场督导生活物资保供、疫情防控工作.wps.png 
      ᠦ᠋ ᠴᠢᠩ ᠬᠤᠸᠠ ᠰᠢᠯᠢᠩᠬᠤᠳᠠ ᠶᠢᠨ ᠳ᠋ᠠ ᠱᠢ ᠵᠢᠶᠧ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠣᠳᠣᠬᠠᠨ ᠤ ᠠᠮᠢᠳᠤᠷᠠᠯ ᠤᠨ ᠡᠳ᠋ ᠪᠣᠳᠠᠰ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠬᠥᠮᠥᠷᠭᠡ ᠶᠢᠨ ᠬᠠᠳᠠᠭᠠᠯᠠᠮᠵᠢ᠂ ᠠᠵᠢᠯᠲᠠᠨ ᠤ ᠬᠠᠮᠢᠶᠠᠷᠤᠯᠲᠠ᠂ ᠪᠡᠯᠡᠳᠬᠡᠯ ᠲᠠᠯᠠᠪᠤᠷ ᠤᠨ ᠪᠡᠯᠡᠳᠭᠡᠭᠰᠡᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠠᠷᠠᠳ ᠣᠯᠠᠨ ᠤ ᠠᠮᠢᠳᠤᠷᠠᠯ ᠤᠨ ᠡᠳ᠋ ᠪᠣᠳᠠᠰ ᠢ ᠳᠣᠭᠢᠷᠠᠭᠤᠯᠤᠨ ᠬᠦᠷᠭᠡᠬᠦ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠰᠢᠯᠢᠩᠬᠤᠳᠠ ᠶᠢᠨ ᠳ᠋ᠠ ᠱᠢ ᠵᠢᠶᠧ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠨᠢ ᠪᠦᠬᠦ ᠬᠤᠲᠠ ᠶᠢᠨ ᠠᠮᠢᠳᠤᠷᠠᠯ ᠤᠨ ᠡᠳ᠋ ᠪᠣᠳᠠᠰ ᠤᠨ ᠴᠢᠬᠤᠯᠠ ᠲᠥᠪᠯᠡᠷᠡᠭᠦᠯᠦᠨ ᠲᠠᠷᠬᠠᠭᠠᠬᠤ ᠲᠥᠪ ᠪᠣᠯᠤᠭᠰᠠᠨ ᠤ ᠬᠤᠪᠢ ᠳᠤ᠂ ᠠᠮᠢᠳᠤᠷᠠᠯ ᠤᠨ ᠡᠳ᠋ ᠪᠣᠳᠠᠰ ᠢ ᠳᠠᠮᠵᠢᠭᠤᠯᠤᠨ ᠲᠡᠭᠡᠭᠡᠪᠦᠷᠢᠯᠡᠬᠦ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠠᠶᠢᠮᠠᠭ᠂ ᠬᠤᠲᠠ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠳ᠋ᠠ ᠱᠢ ᠵᠢᠶᠧ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠢᠯᠣᠭᠤᠳᠤᠨ ᠬᠠᠪᠰᠤᠷᠴᠤ ᠪᠠᠶᠢᠭᠠᠳ ᠠᠮᠢᠳᠤᠷᠠᠯ ᠤᠨ ᠡᠳ᠋ ᠪᠣᠳᠠᠰ ᠢ ᠡᠮᠬᠢ ᠵᠢᠷᠤᠮ ᠲᠠᠢ ᠪᠠᠷ ᠬᠠᠩᠭᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠠᠮᠢᠳᠤᠷᠠᠯ ᠤᠨ ᠡᠳ᠋ ᠪᠣᠳᠠᠰ ᠢ ᠣᠷᠣᠭᠤᠯᠬᠤ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠡᠯ᠎ᠡ ᠲᠦᠷᠦᠯ ᠤᠨ ᠡᠳ᠋ ᠪᠣᠳᠠᠰ ᠢ ᠡᠳᠦᠷ ᠪᠦᠷᠢ ᠡᠮᠬᠢ ᠵᠢᠷᠤᠮ ᠲᠠᠢ ᠪᠠᠷ ᠡᠯ᠎ᠡ ᠬᠠᠩᠭᠠᠯᠭ᠎ᠠ ᠶᠢ ᠪᠠᠲᠤᠯᠠᠬᠤ ᠬᠤᠳᠠᠯᠳᠤᠭᠠᠨ ᠤ ᠡᠷᠦᠭᠡ ᠳᠤ ᠲᠥᠪᠯᠡᠷᠡᠭᠦᠯᠦᠨ ᠲᠠᠷᠬᠠᠭᠠᠵᠤ᠂ ᠠᠷᠠᠳ ᠤᠯᠠᠨ ᠤ ᠡᠳᠦᠷ ᠲᠤᠳᠤᠮ ᠤᠨ ᠬᠡᠷᠡᠭᠴᠡᠭᠡ ᠶᠢ ᠪᠦᠲᠦᠮᠵᠢᠲᠡᠢ ᠬᠠᠩᠭᠠᠬᠤ ᠭᠡᠷᠡᠭᠳᠡᠢ︔ ᠬᠤᠶᠠᠷ ᠲᠤ᠂ ᠰᠢᠯᠢᠩᠬᠤᠳᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠡᠯᠡᠳᠬᠡᠯ ᠲᠠᠯᠠᠪᠤᠷ ᠤᠨ ᠡᠮᠦᠨᠡᠬᠢ ᠬᠤᠭᠤᠴᠠᠭᠠᠨ ᠤ ᠪᠡᠯᠡᠳᠬᠡᠨ ᠪᠠᠶᠢᠭᠤᠯᠬᠤ ᠠᠵᠢᠯ ᠢ ᠲᠦᠷᠭᠡᠳᠬᠡᠵᠦ᠂ ᠤᠰᠤ ᠴᠠᠬᠢᠯᠭᠠᠨ ᠳᠤᠯᠠᠭᠠᠯᠠᠭ᠎ᠠ ᠵᠢᠴᠢ ᠵᠠᠮ᠂ ᠢᠳᠡᠰᠢᠨ ᠨᠣᠭᠤᠭ᠎ᠠ ᠵᠢᠮᠢᠰ ᠬᠠᠳᠠᠭᠠᠯᠠᠬᠤ ᠲᠠᠯᠠᠪᠤᠷ ᠵᠡᠷᠭᠡ ᠬᠠᠮᠢᠶ᠎ᠠ ᠪᠥᠬᠦᠶ ᠢᠵᠢ ᠪᠥᠷᠢᠳᠦᠭᠦᠯᠬᠦ ᠪᠡᠯᠡᠳᠬᠡᠮᠵᠢ ᠶᠢ ᠲᠦᠷᠭᠡᠬᠡᠨ ᠲᠡᠭᠦᠯᠳᠡᠷᠵᠢᠭᠦᠯᠵᠦ᠂ ᠬᠡᠷᠡᠭᠴᠡᠭᠡ ᠲᠠᠢ ᠦᠶ᠎ᠡ ᠳᠤ ᠲᠡᠷᠡ ᠳᠠᠷᠤᠶ ᠳᠤ ᠨᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ︔ ᠭᠤᠷᠪᠠ ᠳᠤ᠂ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠲᠤ ᠣᠷᠣᠬᠤ ᠪᠣᠭᠤᠮᠲᠠ ᠶᠢ ᠰᠠᠶᠢᠲᠤᠷ ᠡᠵᠡᠮᠳᠡᠵᠦ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠲᠡᠷᠭᠡ ᠬᠥᠰᠬᠡ ᠠᠴᠠ ᠪᠤᠰᠤᠳ ᠢ ᠴᠥᠮ ᠬᠤᠷᠢᠭᠯᠠᠵᠦ᠂ ᠵᠠᠬ᠎ᠠ ᠳᠡᠯᠭᠡᠭᠦᠷ ᠲᠠᠬᠢ ᠬᠥᠮᠦᠰ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂ ᠬᠥᠮᠦᠰ ᠤᠨ ᠡᠳᠦᠷ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠡᠶᠢᠳᠠᠪᠣᠷᠢᠵᠢᠭᠤᠯᠬᠤ ᠭᠡᠷᠡᠭᠳᠡᠢ ᠭᠡᠪᠡ᠃     ᠲᠠᠷᠠᠭᠠᠴᠢ ᠶᠢᠨ ᠠᠯᠬᠤᠮ ᠳᠤ᠂ ᠠᠶᠢᠮᠠᠭ᠂ ᠬᠤᠲᠠ ᠬᠤᠶᠠᠷ ᠱᠠᠲᠤᠨ ᠤ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠲᠤᠰᠬᠠᠶ ᠠᠩᠭᠢ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠣᠯᠠᠨ ᠠᠷᠭ᠎ᠠ ᠵᠠᠮ ᠢᠶᠠᠷ ᠴᠢᠩᠭᠠᠳᠬᠠᠨ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠬᠤᠳᠠᠯᠳᠤᠨ ᠠᠪᠬᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠳᠤᠯᠠᠬᠤ ᠬᠡᠷᠡᠭᠳᠡᠢ ᠭᠡᠪᠡ᠃ 
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号