ᠦᠷᠯᠦᠭᠡ ᠦᠳᠡᠰᠢ ᠶᠢ ᠲᠠᠮᠡᠴᠠᠨ ︽ᠬᠢᠵᠢᠭ ᠢ ᠡᠰᠡᠷᠬᠦᠴᠡᠨ︾ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠬᠦᠴᠦᠨ ᠵᠣᠷᠢᠭᠳᠡᠢ  ᠪᠠᠷ ᠬᠠᠷᠢᠭᠤᠴᠠᠯᠭ᠎ᠠ ᠡᠭᠦᠷᠭᠡᠯᠡᠪᠡ
ᠨᠡᠶᠢᠲᠡᠯᠡᠭᠰᠡᠨ ᠴᠠᠭ᠄
2022/10/29
    9 ᠰᠠᠷ᠎ᠠ ᠶᠢᠨ 28 ᠤ ᠡᠳᠦᠷ᠂ ᠨᠢᠭᠡᠨ ᠤᠳᠠᠭᠠᠨ ᠤ ᠳᠠᠭᠤᠨ ᠦᠭᠡᠶ ︽ᠬᠢᠵᠢᠭ ᠤᠨ ᠳᠠᠶᠢᠨ︾ ᠬᠥᠬᠡᠬᠤᠲᠠ ᠶᠢᠨ ᠨᠠᠮ ᠵᠢᠮ ᠪᠠᠶᠢᠳᠠᠯ ᠢ ᠡᠪᠳᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠣᠯ ᠬᠠᠮᠳᠣ  ᠶᠢᠨ ᠶᠠᠪᠣᠳᠠᠯ ᠮᠥᠨ᠂ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠦᠬᠦ ᠨᠠᠮ ᠤᠨ ᠭᠡᠰᠢᠭᠦᠨ ᠺᠠᠳ᠋ᠷᠴᠤᠳ ᠪᠦᠬᠦ ᠬᠦᠴᠦᠨ ᠢᠶᠠᠷ ᠢᠶᠠᠨ ᠪᠠᠶᠢᠯᠳᠤᠭᠠᠨ ᠳᠤ ᠣᠷᠣᠯᠴᠠᠵᠤ᠂ ᠦᠷᠭᠦᠯᠵᠢᠯᠡᠨ ᠡᠷᠡᠯᠬᠡᠭᠯᠡᠨ ᠪᠠᠶᠢᠯᠳᠤᠵᠤ᠂ ᠡᠨᠡ ᠬᠦ ᠭᠡᠨᠡᠳᠲᠡ ᠶᠢᠨ ᠬᠢᠵᠢᠭ ᠢ ᠡᠰᠡᠷᠭᠦᠴᠡᠬᠦ ᠲᠡᠮᠡᠴᠡᠯ ᠳᠤ ᠪᠦᠬᠦ ᠬᠦᠴᠦᠨ ᠢᠶᠠᠷ ᠢᠶᠠᠨ ᠣᠷᠣᠯᠴᠠᠭᠰᠠᠨ ᠪᠠᠶᠢᠨ᠎ᠠ᠃ 
披星戴月同“抗疫” 商务力量勇担当1.png 
         ᠨᠡᠶᠢᠭᠡᠮ ᠲᠣᠭᠤᠷᠢᠭ ᠪᠣᠯ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠭᠤᠣᠯ ᠳᠠᠶᠢᠨ ᠤ ᠲᠠᠯᠠᠪᠤᠷ ᠪᠣᠯᠤᠨ᠎ᠠ᠂ ︽ᠲᠦᠷᠭᠡᠨ ᠰᠢᠢᠳᠪᠦᠷᠢᠯᠡᠬᠦ︾᠂︽ᠤᠨᠢᠨ ᠳᠡᠭᠡᠷ᠎ᠡ ᠨᠢ ᠬᠢᠵᠢᠭ ᠢ ᠰᠡᠷᠭᠡᠶᠢᠯᠡᠬᠦ︾ ᠦᠨᠳᠦᠰᠦᠨ ᠨᠢᠭᠡᠴᠡ ᠪᠠ ᠭᠤᠣᠯ ᠭᠠᠷᠳᠠᠴᠠ ᠪᠣᠯᠤᠨ᠎ᠠ᠃ ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠃ ᠮᠠᠨ ᠤ ᠲᠣᠪᠴᠢᠶ᠎ᠠ ᠠᠴᠠ ᠭᠡᠷ ᠲᠤ ᠪᠠᠨ ᠪᠠᠶᠢᠭᠰᠠᠨ ᠨᠠᠮ ᠤᠨ ᠭᠡᠰᠢᠭᠦᠨ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠪᠠᠶᠢᠯᠳᠤᠭᠠᠨ ᠳᠤ ᠣᠷᠣᠯᠴᠠᠬᠤ ᠪᠠᠷ ᠭᠤᠶᠤᠴᠢᠯᠠᠵᠤ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠦᠳᠲᠡᠷ ᠲᠦᠷᠭᠡᠨ ᠢᠶᠠᠷ ᠨᠡᠷ᠎ᠡ ᠮᠡᠳᠡᠭᠦᠯᠵᠦ᠂ ᠲᠤᠬᠠᠶ ᠶᠢᠨ ᠭᠠᠵᠠᠷ ᠤᠨ ᠪᠡᠶ᠎ᠡ ᠶᠢᠨ ᠭᠠᠷᠤᠯ ᠢᠶᠠᠨ ᠬᠤᠪᠢᠷᠠᠭᠤᠯᠵᠤ ︽ᠠᠰᠠᠷ ᠤᠨ ᠲᠠᠷᠤᠭ᠎ᠠ︾ ᠪᠤᠯᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠬᠦ ᠶᠢ ᠪᠠᠴᠢᠮ ᠲᠤᠰᠠᠯᠠᠪᠠ᠃ 
披星戴月同“抗疫” 商务力量勇担当2.png 
         ᠨᠢᠭᠡ ᠬᠤᠲᠠ ᠶᠢ ᠰᠠᠬᠢᠨ ᠬᠠᠮᠠᠭᠠᠯᠠᠪᠠᠯ᠂ ᠨᠢᠭᠡ ᠬᠤᠲᠠ ᠶᠢᠨ ᠬᠥᠮᠦᠨ ᠢ ᠠᠮᠤᠷ ᠲᠦᠪᠰᠢᠨ ᠪᠠᠶᠢᠯᠭᠠᠵᠦ ᠴᠢᠳᠠᠨ᠎ᠡ᠃ ᠣᠶᠢᠷ᠎ᠠ ᠶᠢᠨ ᠡᠳᠦᠷ ᠤᠳ ᠲᠤ ᠬᠤᠳᠠᠯᠳᠤᠭᠠᠨ ᠤ ᠶᠠᠪᠤᠳᠠᠯ ᠤᠨ ᠠᠵᠢᠯᠲᠠᠳ ᠡᠳᠦᠷ ᠪᠦᠷᠢ ᠡᠷᠲᠡ ᠭᠠᠷᠴᠤ ᠣᠷᠣᠶ ᠳᠤ ᠪᠠᠨ ᠬᠠᠷᠢᠵᠤ᠂ ᠦᠷᠯᠦᠭᠡ ᠦᠳᠡᠰᠢ ᠶᠢ ᠲᠡᠮᠡᠴᠡᠵᠦ ᠪᠠᠶᠢᠨ᠎ᠡ᠂ ᠭᠡᠲᠡᠯ᠎ᠡ ᠲᠡᠳᠡ ᠬᠠᠷᠢᠨ ︽ᠬᠡᠳᠦᠶ ᠵᠦᠳᠡᠷᠡᠵᠦ ᠬᠡᠳᠦᠶ ᠶᠠᠳᠠᠷᠠᠭᠰᠠᠨ ᠴᠤ ᠬᠢᠵᠢᠭ ᠢ ᠡᠰᠡᠷᠭᠦᠴᠡᠬᠦ ᠳᠤ ᠵᠢᠭᠠᠬᠠᠨ ᠬᠤᠪᠢ ᠨᠡᠮᠡᠷᠢ ᠦᠵᠡᠭᠦᠯᠪᠡᠯ ᠳᠠᠷᠤᠶ ᠦᠨ᠎ᠡ ᠦᠷᠳᠡᠭ ᠲᠠᠢ︾ ᠭᠡᠵᠦ ᠬᠡᠯᠡᠳᠡᠭ᠃ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠮᠳᠠ᠂ ᠤᠯᠠᠨ ᠢᠶᠠᠷ ᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠦᠯᠢᠴᠡᠩᠭᠦᠢ ᠪᠠᠷ ᠬᠠᠪᠰᠤᠷᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠡ ᠵᠠᠩᠭᠢ ᠶᠢ ᠳᠠᠩᠰᠠᠯᠠᠬᠤ ᠪᠠ ᠺᠣᠳ᠋ ᠰᠢᠷᠪᠢᠬᠦ ᠶᠢ ᠲᠡᠭᠦᠯᠳᠡᠷᠵᠢᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠵᠤ᠂ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠠᠮᠢᠳᠤᠷᠠᠯ ᠤᠨ ᠡᠳ᠋ ᠪᠣᠳᠠᠰ ᠲᠤᠬᠢᠷᠠᠭᠤᠯᠤᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠢ ᠰᠡᠷᠭᠡᠶᠢᠯᠡᠬᠦ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃ 
披星戴月同“抗疫” 商务力量勇担当3.png 
          ᠨᠢᠭᠡ ᠪᠦᠯᠦᠭ ᠬᠥᠮᠦᠨ᠂ ᠨᠢᠭᠡ ᠬᠤᠲᠠ᠂ ᠲᠤᠭ᠎ᠠ ᠲᠣᠮᠰᠢ ᠥᠬᠡᠶ ᠣᠯᠠᠨ ︽ᠥᠴᠦᠬᠡᠨ ᠪᠢ︾ ᠬᠤᠷᠠᠨ ᠴᠤᠭᠯᠠᠷᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠬᠢᠵᠢᠭ ᠢ ᠰᠡᠷᠭᠡᠶᠢᠯᠡᠬᠦ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃ 
 
ᠢᠷᠡᠯᠲᠡ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号