ᠬᠥᠯᠥᠨ ᠪᠤᠶᠢᠷ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠵᠦ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠡ
ᠨᠡᠶᠢᠲᠡᠯᠡᠭᠰᠡᠨ ᠴᠠᠭ᠄
2022/10/31
   ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠨᠡᠯᠢᠶᠡᠳ ᠶᠡᠭᠡ ᠪᠠᠶᠢᠨ᠎ᠠ᠂ ᠬᠥᠯᠥᠨ ᠪᠤᠶᠢᠷ ᠬᠤᠳᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ᠂ ᠤᠨᠢᠨ ᠳᠡᠭᠡᠷ᠎ᠡ ᠨᠢ ᠯᠠᠪᠳᠠᠭᠤᠨ ᠪᠠᠲᠤᠲᠠᠢ ᠬᠢᠭᠰᠡᠨ ᠤᠷᠢᠲᠠᠯ ᠳᠣᠣᠷ᠎ᠠ᠂ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠨ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠨᠢᠭᠲᠠ ᠪᠠᠶᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠪᠴᠢ ᠶᠢ ᠴᠢᠩᠭᠠᠷᠠᠭᠤᠯᠵᠤ᠂ ᠨᠡᠶᠢᠭᠡᠮ ᠤᠨ ᠬᠡᠪᠴᠢᠶᠡᠨ ᠤ ᠬᠢᠵᠢᠭ ᠤᠨ ᠪᠠᠶᠢᠳᠠᠯ ᠪᠢᠲᠡᠭᠦᠦ ᠲᠣᠭᠤᠷᠢᠭ ᠲᠡᠰᠢ ︽ᠭᠡᠳᠡᠷᠭᠦ ᠣᠷᠣᠬᠤ︾ ᠶᠢ ᠡᠷᠡᠰ ᠰᠡᠷᠭᠡᠶᠢᠯᠡᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃   2022 ᠣᠨ ᠤ 1 — 9 ᠰᠠᠷ᠎ᠠ ᠳᠤ᠂ ᠬᠥᠯᠥᠨ ᠪᠤᠶᠢᠷ ᠬᠤᠲᠠ ᠶᠢᠨ ᠡᠯ᠎ᠡ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1203.41 ᠲᠦᠮᠡᠨ ᠲᠣᠨ ᠳᠤ ᠬᠥᠷᠪᠡ᠃ ᠡᠭᠦᠨ ᠳᠤ ᠣᠷᠣᠰ ᠲᠤ ᠣᠷᠣᠭᠤᠯᠵᠦ ᠭᠠᠷᠭᠠᠬᠤ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 1183.6 ᠲᠦᠮᠡᠨ ᠲᠣᠨ᠂ ᠮᠣᠩᠭᠤᠯ ᠳᠤ ᠣᠷᠣᠭᠤᠯᠵᠦ ᠭᠠᠷᠭᠠᠬᠤ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 19.81 ᠲᠦᠮᠡᠨ ᠲᠣᠨ ᠪᠣᠯᠣᠨ᠎ᠠ᠃ ᠣᠳᠣᠬᠠᠨ ᠳᠤ ᠮᠠᠨᠵᠤᠤᠷ ᠪᠣᠭᠤᠮᠲᠠ ᠶᠢᠨ ᠡᠳᠦᠷ ᠤᠨ ᠪᠠᠷᠠᠭ᠎ᠠ ᠶᠢᠨ ᠬᠡᠮᠵᠢᠶ᠎ᠡ 5 ᠲᠦᠮᠡᠨ ᠲᠣᠨ ᠣᠷᠴᠢᠮ᠂ ᠡᠪᠣᠳᠡᠭ ᠪᠣᠭᠤᠮᠲᠠ ᠶᠢᠨ ᠡᠳᠦᠷ ᠤᠨ ᠪᠠᠷᠠᠭ᠎ᠠ ᠶᠢᠨ ᠬᠡᠮᠵᠢᠶ᠎ᠡ 2000 ᠲᠣᠨ ᠣᠷᠴᠢᠮ ᠪᠠᠶᠢᠨ᠎ᠠ᠃   ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠲᠡᠭ ᠪᠣᠯᠭᠠᠬᠤ︾ ᠶᠡᠷᠦᠩᠬᠡᠶ ᠴᠢᠭᠯᠡᠯᠲᠡ ᠶᠢ ᠪᠠᠷᠢᠮᠲᠠᠯᠠᠵᠤ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠭᠤᠶᠢᠪᠢᠰᠢ ᠥᠬᠡᠶ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠨᠡᠭᠡᠭᠡᠬᠦ ᠶᠣᠰᠣᠲᠠᠶ ᠶᠢ ᠨᠢ ᠪᠦᠬᠦᠨ ᠢ ᠨᠡᠭᠡᠭᠡᠵᠦ᠂ ᠨᠡᠭᠡᠭᠡᠵᠦ ᠳᠡᠶᠢᠯᠬᠦ ᠶᠢ ᠨᠢ ᠪᠦᠬᠦᠨ ᠢ ᠨᠡᠭᠡᠭᠡᠬᠦ︾ ᠵᠠᠷᠴᠢᠮ ᠶᠣᠰᠣᠭᠠᠷ᠂ ᠪᠣᠭᠤᠮᠲᠠ ᠶᠢᠨ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠾᠧᠢ ᠱᠠᠨ ᠳᠧᠦ᠂ ᠠᠷᠤ ᠬᠠᠰᠢᠶᠠᠲᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠡᠷᠲᠡᠬᠡᠨ ᠪᠡᠶᠡᠯᠡᠭᠦᠯᠦᠨ᠎ᠡ᠃ 
 
ᠢᠷᠡᠯᠲᠡ᠄ ᠬᠥᠯᠥᠨ ᠪᠤᠶᠢᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号