ᠦᠬᠠᠶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠣᠷᠣᠨ ᠤ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/11/1
  ᠪᠣᠭᠤᠮᠲᠠ ᠶᠢᠨ ᠬᠠᠮᠢᠶᠠᠷᠤᠯᠲᠠ ᠶᠢᠨ ᠴᠢᠳᠠᠮᠵᠢ ᠶᠢ ᠪᠦᠲᠦᠮᠵᠢᠲᠡᠶ ᠳᠡᠭᠡᠭᠰᠢᠯᠡᠭᠦᠯᠬᠦ᠂ ᠪᠣᠭᠤᠮᠲᠠ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠬᠤ᠂ ᠪᠥᠬᠦ ᠣᠷᠣᠨ ᠤ ᠪᠣᠭᠤᠮᠲᠠ ᠶᠢᠨ ᠰᠢᠰᠲ᠋ᠧᠮ ᠤᠨ ᠺᠠᠳ᠋ᠷ ᠠᠵᠢᠯᠲᠠᠨ ᠤ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠠᠴᠠ 2022 ᠣᠨ ᠤ 10 ᠳ᠋ᠤᠭᠠᠷ ᠰᠠᠷ᠎ᠠ ᠶᠢᠨ 28 ᠤ ᠡᠳᠦᠷ ᠰᠦᠯᠵᠢᠶᠡᠨ ᠳᠡᠭᠡᠷᠡᠬᠢ ᠨᠢᠭᠡᠳᠦᠭᠡᠷ ᠬᠤᠭᠤᠴᠠᠭᠠᠨ ᠤ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠥᠷᠨᠢᠭᠦᠯᠪᠡ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠶᠢᠨ ᠰᠠᠯᠠᠭ᠎ᠠ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠠᠯᠠ ᠶᠢᠨ ᠭᠠᠳᠠᠭᠠᠳᠤ ᠠᠵᠤ ᠠᠬᠤᠶ ᠶᠢᠨ ᠰᠠᠯᠠᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ᠲᠣᠪᠴᠢᠶ᠎ᠠ ᠶᠢᠨ ᠪᠠᠶᠢᠭᠤᠯᠭ᠎ᠠ ᠳᠤ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠬᠤᠷᠠᠯ ᠳᠤ ᠣᠷᠣᠯᠴᠠᠪᠠ᠃ 
乌海市商务局参加全区口岸业务线上培训会.png 
   ᠪᠣᠭᠤᠮᠲᠠ ᠶᠢᠨ ᠱᠤᠭᠤᠮ ᠳᠡᠭᠡᠷᠡᠬᠢ ᠬᠤᠷᠠᠯ     ᠬᠤᠷᠠᠯ ᠠᠴᠠ ᠬᠥᠬᠡᠬᠤᠲᠠ ᠶᠢᠨ ᠪᠣᠭᠤᠮᠲᠠ ᠶᠢᠨ ᠬᠠᠮᠢᠶ᠎ᠠ ᠪᠦᠬᠦᠢ ᠭᠠᠵᠠᠷ ᠠᠯᠪᠠᠨ ᠭᠡᠷ ᠢ ᠣᠷᠢᠵᠦ ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠣᠭᠤᠮᠲᠠ ᠶᠢᠨ ᠲᠤᠭ᠎ᠠ ᠪᠦᠷᠢᠳᠬᠡᠯ ︵ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠪᠠᠷᠠᠭᠠᠨ ᠤ ᠦᠷᠳᠡᠭ︶ ᠪᠣᠯᠤᠨ ᠪᠣᠭᠤᠮᠲᠠ ᠶᠢᠨ ᠲᠤᠭ᠎ᠠ ᠪᠦᠷᠢᠳᠬᠡᠯ ︵ᠪᠣᠭᠤᠮᠲᠠ ᠶᠢᠨ ᠲᠣᠭᠤᠷᠢᠭ ᠤᠨ ᠠᠷᠠᠯᠵᠢᠶᠠᠨ ᠤ ᠦᠷᠳᠡᠭ᠂ ᠪᠦᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠦᠷᠳᠡᠭ︶ ᠤᠨ ᠢᠯᠭᠠᠭ᠎ᠠ ᠪᠠ ᠬᠠᠷᠢᠯᠴᠠᠭ᠎ᠠ᠂ ᠲᠤᠭ᠎ᠠ ᠪᠠᠷᠢᠮᠲᠠ ᠶᠢᠨ ᠪᠦᠷᠢᠳᠬᠡᠯ ᠤᠨ ᠭᠦᠨᠵᠡᠭᠡᠢ ᠬᠡᠷᠡᠭᠯᠡᠯᠲᠡ ᠶᠢᠨ ᠵᠠᠳᠠᠯᠤᠯᠲᠠ ᠵᠡᠷᠭᠡ ᠠᠭᠤᠯᠭ᠎ᠠ ᠶᠢ ᠲᠠᠶᠢᠯᠪᠣᠷᠢᠯᠠᠪᠠ᠃ ᠡᠭᠦᠨ ᠤ ᠬᠠᠮᠲᠤ ᠪᠥᠬᠦ ᠣᠷᠣᠨ ᠤ ᠪᠣᠭᠤᠮᠲᠠ ᠶᠢᠨ ᠭᠠᠶᠢᠯᠢ ᠵᠢᠴᠢ ᠡᠯ᠎ᠡ ᠪᠣᠭᠤᠮᠲᠠ ᠶᠢᠨ ᠭᠠᠶᠢᠯᠢ ᠲᠠᠲᠠᠪᠤᠷᠢ ᠶᠢᠨ ᠪᠠᠶᠢᠳᠠᠯ᠂ RECP ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠵᠡᠭᠦᠯᠬᠦ ᠬᠠᠷᠠᠭᠠᠯᠵᠠᠯ ᠳᠡᠮᠵᠢᠯᠭᠡ ᠶᠢᠨ ᠠᠷᠭ᠎ᠠ ᠬᠡᠮᠵᠢᠶ᠎ᠡ ᠵᠡᠷᠭᠡ ᠲᠥᠷᠥ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠪᠠ᠃    ᠬᠤᠷᠠᠯ ᠳᠤ ᠣᠷᠣᠯᠴᠠᠭᠰᠠᠨ ᠺᠠᠳ᠋ᠷ ᠠᠵᠢᠯᠳᠠᠨ ᠲᠤᠰ ᠤᠳᠠᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠳᠡᠭᠡᠳᠦ ᠬᠡᠮᠵᠢᠶ᠎ᠡ ᠪᠠᠷ ᠨᠤᠲᠠᠯᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠤᠰ ᠲᠦᠷᠦᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠠᠯᠢ ᠴᠢᠳᠠᠬᠤ ᠪᠠᠷ ᠪᠠᠶᠢᠩᠭᠤᠵᠢᠭᠤᠯᠤᠨ ᠡᠷᠬᠢᠯᠡᠵᠦ᠂ ᠠᠵᠢᠯᠳᠠᠨ ᠤ ᠴᠢᠳᠠᠪᠤᠷᠢ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠰᠠᠨᠠᠭᠤᠯᠭ᠎ᠠ ᠳᠤᠷᠠᠳᠪᠠ᠃ 
 
ᠢᠷᠡᠯᠲᠡ᠄ ᠦᠬᠠᠶ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号