11 ᠰᠠᠷ᠎ᠠ ᠶᠢᠨ 11 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ | ᠳᠡᠳ᠋ ᠳᠠᠷᠤᠭ᠎ᠠ ᠡᠤ ᠴᠢᠩ ᠬᠤᠸᠠ ᠨᠠᠷ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ | ᠭᠦᠨᠵᠡᠭᠡᠶᠢᠷᠡᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠪᠠᠶᠢᠴᠠᠭᠠᠨ | ᠰᠣᠳᠣᠯᠪᠠ᠃ ᠲᠡᠳᠡᠨᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠬᠤᠳᠠᠯᠳᠤᠭᠠᠨ ᠤ ᠶᠠᠪᠤᠳᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ︾᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠭᠠᠳᠠᠭᠠᠳᠤ | ᠠᠷᠠᠯᠵᠢᠶᠠᠨ ᠤ ᠭᠠᠳᠠᠭᠠᠳᠤ ᠪᠠᠯᠠ ᠪᠠ ᠪᠥᠬᠦ ᠠᠶᠢᠮᠠᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠠᠵᠢᠯᠯᠠᠭᠠᠨ ᠤ ᠪᠠᠶᠢᠳᠠᠯ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠪᠥᠬᠦ ᠲᠠᠯ᠎ᠠ ᠶᠢᠨ ᠬᠠᠷᠢᠭᠤ | ᠮᠡᠳᠡᠭᠦᠯᠦᠯᠲᠡ ᠬᠢᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠡᠤ ᠴᠢᠩ ᠬᠤᠸᠠ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠡᠨᠡ ᠵᠢᠯ ᠠᠴᠠ ᠨᠠᠰᠢᠬᠢ ᠠᠵᠢᠯ ᠤᠨ ᠠᠮᠵᠢᠯᠲᠠ ᠪᠦᠲᠦᠮᠵᠢ ᠶᠢ | ᠭᠦᠢᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠪᠣᠳᠠᠲᠠᠶ | ᠱᠠᠭᠠᠷᠳᠠᠯᠭ᠎ᠠ ᠳᠤᠷᠠᠳᠪᠠ᠃ ᠲᠡᠷᠡ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ | ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ | ᠠᠳᠬᠤᠬᠤ ᠬᠡᠷᠡᠭᠲᠡᠢ ᠭᠡᠵᠡᠢ᠃ ᠨᠢᠭᠡ ᠳᠤ᠂ ᠬᠠᠷᠠᠯᠲᠠ ᠪᠠᠨ ᠪᠠᠲᠤ ᠰᠠᠬᠢᠵᠤ᠂ ᠲᠡᠷᠢᠭᠦᠨ ᠢ ᠲᠠᠮᠡᠴᠡᠨ ᠰᠢᠯᠢᠳᠡᠭ ᠢ | ᠡᠬᠦᠳᠴᠦ᠂ ᠬᠢᠵᠢᠭ ᠢ ᠰᠡᠷᠭᠡᠶᠢᠯᠡᠨ ᠡᠵᠡᠮᠳᠡᠵᠦ᠂ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ | ᠰᠠᠬᠢᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ | ᠪᠡᠭᠡᠵᠢᠩ ᠤᠨ ︽ᠡᠪᠬᠡᠮᠡᠯ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ 2023 ᠣᠨ ᠤ ︽ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠣᠨ︾ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ | ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ ᠦᠭᠬᠦ ᠭᠡᠷᠡᠭᠳᠡᠢ᠃ | ᠭᠤᠷᠪᠠ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ | ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠪᠦᠬᠦ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠦᠴᠦᠷᠬᠡᠭ | ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠰᠡᠨ ᠪᠠᠶᠢᠨ᠎ᠡ᠃ | |