ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠶ ᠠᠩᠭᠢ ᠶᠢᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/15
    2022 ᠣᠨ ᠤ 11 ᠰᠠᠷ᠎ᠠ ᠶᠢᠨ 13 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠶ ᠠᠩᠭᠢ ᠶᠢᠨ ᠸᠢᠳᠢᠣ᠋ ᠬᠤᠷᠠᠯ ᠬᠤᠷᠠᠯᠳᠤᠭᠤᠯᠵᠤ᠂ ᠬᠢᠵᠢᠭ ᠤᠨ ᠣᠷᠴᠢᠨ ᠨᠥᠬᠦᠴᠡᠯ ᠳᠣᠤᠷᠠᠬᠢ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠵᠠᠶ᠃ ᠬᠤᠷᠠᠯ ᠠᠴᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠤᠨ ᠲᠦᠷᠦᠭᠦᠦ ᠭᠤᠷᠪᠠᠨ ᠤᠯᠠᠷᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠪᠡᠯᠡ ᠶᠢᠨ ᠠᠵᠢᠯᠯᠠᠭᠠᠨ ᠤ ᠪᠠᠶᠢᠳᠠᠯ ᠵᠢᠴᠢ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠣᠷᠴᠢᠨ ᠲᠣᠭᠤᠷᠢᠨ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠣᠨᠣᠰᠴᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠠᠷᠠᠯᠵᠢᠶ᠎ᠠ ᠶᠢ ᠠᠬᠢᠭᠤᠯᠬᠤ ᠬᠤᠷᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ︵ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ︶᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠨᠢᠭᠡᠴᠢ ᠲᠣᠰ ᠲᠣᠰ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠤᠷᠠᠬᠢ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠣ᠋ ᠶᠢᠩ ᠹᠧᠩ ᠨᠥᠬᠦᠷ ᠲᠠᠷᠠᠭᠠᠴᠢ ᠶᠢᠨ ᠠᠯᠬᠤᠮ ᠳᠤ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠦᠴᠢᠷᠳᠡᠯ ᠢ ᠢᠯᠠᠨ ᠳᠠᠪᠠᠵᠤ ᠬᠤᠬᠢᠷᠠᠯ ᠢ ᠪᠠᠭᠠᠰᠬᠠᠬᠤ ᠲᠠᠯ᠎ᠠ ᠪᠠᠷ ᠠᠵᠢᠯ ᠤᠨ ᠲᠣᠬᠢᠷᠠᠭᠤᠯᠤᠯᠲᠠ ᠬᠢᠭᠰᠡᠨ ᠪᠥᠭᠡᠳ ᠢᠷᠡᠬᠦ ᠵᠢᠯ ᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠢ ᠵᠠᠷᠯᠠᠨ ᠮᠡᠳᠡᠭᠳᠡᠪᠡ᠃ 
自治区商务厅牵头召开自治区稳外贸稳外资工作专班视频会议.png 
  
 
ᠢᠷᠡᠯᠲᠡ᠄ ᠭᠠᠳᠠᠭᠠᠳᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号