ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠨᠥᠬᠦᠷ ᠨᠡᠷ ᠬᠥᠬᠡᠬᠤᠲᠠ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/11/20
    11 ᠳ᠋ᠤᠭᠡᠷ ᠰᠠᠷ᠎ᠠ ᠶᠢᠨ 19 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠨᠥᠬᠦᠷ ᠬᠥᠬᠡᠬᠤᠲᠠ ᠳᠤ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠸᠠᠩ ᠪᠦᠦ ᠫᠢᠩ ᠵᠡᠷᠭᠡ ᠬᠠᠮᠢᠶ᠎ᠠ ᠪᠥᠬᠦᠶ ᠠᠵᠢᠯᠲᠠᠨ ᠪᠠᠷ᠎ᠠ ᠪᠣᠯᠪᠠ᠃ 
11.20自治区商务厅党组书记、厅长张鸿福同志一行在呼和浩特市就市场保供稳价等开展调研工作.png 
      ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠤᠷᠢᠳ ᠬᠤᠵᠢᠳ ᠢᠦᠶ ᠱᠧᠨ ᠰᠢᠨ᠎ᠡ ᠰᠣᠷᠭᠤᠭ ᠢᠳᠡᠭᠡᠨ ᠤ ᠬᠡᠲᠦ ᠳᠡᠯᠭᠡᠭᠦᠷ᠂ ᠭᠦᠸᠧ ᠲᠦᠩ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠥᠩ ᠶᠢᠩ ᠠᠮᠤ ᠲᠣᠰᠣᠨ ᠤ ᠵᠠᠬ᠎ᠠ ᠳᠡᠯᠭᠡᠭᠦᠷ ᠵᠡᠷᠭᠡ ᠶᠢ ᠰᠤᠷᠪᠤᠯᠵᠢᠯᠠᠵᠤ᠂ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠪᠠ ᠣᠨᠴᠠ ᠵᠠᠷᠢᠮ ᠬᠤᠳᠠᠯᠳᠤᠭᠠᠴᠢᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠶᠢᠷ᠎ᠠ ᠶᠢᠨ ᠬᠤᠭᠤᠴᠠᠭᠠᠨ ᠤ ᠬᠥᠬᠡᠬᠤᠲᠠ ᠶᠢᠨ ᠢᠳᠡᠰᠢᠨ ᠨᠣᠭᠤᠭ᠎ᠠ᠂ ᠮᠢᠬᠠᠨ ᠤ ᠵᠦᠢᠯ᠂ ᠠᠮᠤ ᠪᠤᠳᠠᠭ᠎ᠠ ᠭᠤᠯᠢᠷ ᠲᠣᠰᠣ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠦᠨ᠎ᠡ ᠬᠠᠩᠰᠢ᠂ ᠪᠥᠭᠡᠮ ᠢᠶᠠᠷ ᠵᠢᠵᠢᠭᠯᠡᠨ ᠬᠤᠳᠠᠯᠳᠤᠬᠤ᠂ ᠪᠠᠷᠠᠭᠠᠨ ᠤ ᠭᠦᠢᠯᠭᠡᠭᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠠᠪᠤᠭᠰᠠᠨ ᠠᠷᠭ᠎ᠠ ᠬᠡᠮᠵᠢᠶ᠎ᠡ ᠵᠢᠴᠢ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠭᠦᠨᠵᠡᠭᠡᠶ ᠣᠶᠢᠯᠠᠭᠠᠪᠠ᠃ ᠡᠭᠦᠨ ᠤ ᠬᠠᠮᠲᠤ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠣᠷᠣᠯᠠᠭᠤᠯᠭ᠎ᠠ ᠶᠢᠨ ᠪᠠᠶᠢᠳᠠᠯ ᠢ ᠨᠢᠭᠲᠠ ᠠᠩᠬᠠᠷᠴᠤ᠂ ᠠᠵᠤ ᠠᠬᠤᠶᠢᠯᠠᠯ ᠢ ᠢᠳᠡᠪᠬᠢᠲᠡᠶ ᠵᠢᠯᠣᠭᠤᠳᠤᠨ ᠪᠠᠷᠠᠭᠠᠨ ᠤ ᠲᠡᠭᠡᠭᠡᠪᠦᠷᠢ ᠶᠢᠨ ᠨᠥᠭᠡᠴᠡ ᠶᠢ ᠰᠠᠶᠢᠲᠤᠷ ᠬᠢᠵᠦ᠂ ᠭᠦᠢᠯᠭᠡᠭᠡᠨ ᠤ ᠭᠤᠭᠴᠤᠭ᠎ᠠ ᠶᠢ ᠪᠠᠭᠠᠰᠬᠠᠵᠤ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠ ᠭᠡᠯᠬᠢᠶᠡᠵᠢᠭᠰᠡᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠭᠤᠤᠯ ᠠᠷᠭ᠎ᠠ ᠵᠠᠮ ᠤᠨ ᠦᠨ᠎ᠡ ᠬᠠᠩᠰᠢ ᠶᠢ ᠪᠠᠲᠤᠯᠠᠵᠤ ᠬᠠᠩᠭᠠᠯᠭ᠎ᠠ ᠶᠢ ᠲᠣᠭᠲᠠᠪᠤᠷᠢᠵᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠣᠷᠣᠨ ᠤ ᠲᠥᠪ ᠤᠨ ᠠᠷᠠᠳ ᠣᠯᠠᠨ ᠳᠤ ᠠᠮᠤᠷ ᠲᠦᠪᠰᠢᠨ᠂ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠷᠠᠭ᠎ᠠ ᠬᠤᠳᠠᠯᠳᠤᠨ ᠠᠪᠬᠤ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃     ᠳᠠᠷᠠᠭ᠎ᠠ ᠨᠢ᠂ ᠵᠠᠩ ᠬᠤᠩ ᠹᠦ᠋ ᠨᠥᠬᠦᠷ ᠪᠠᠰᠠ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠭᠠᠭᠠᠴᠢᠯᠠᠨ ᠬᠤᠯᠪᠤᠭᠠᠯᠠᠭᠰᠠᠨ ᠠᠯᠳᠠᠨ ᠨᠠᠶᠢᠭᠡᠮ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠵᠢᠶᠠ ᠶᠤᠸᠠᠨ ᠪᠠᠭ᠎ᠠ ᠲᠣᠭᠤᠷᠢᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠲᠣᠭᠤᠷᠢᠭ ᠤᠨ ᠬᠢᠵᠢᠭ ᠢ ᠰᠡᠷᠭᠡᠶᠢᠯᠡᠬᠦ ᠠᠵᠢᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠪᠠ᠃ ᠵᠠᠩ ᠬᠤᠩ ᠹᠦ᠋ ᠨᠥᠬᠦᠷ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠪᠠᠭ᠎ᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠬᠤᠷᠢᠳᠤᠭᠠᠷ ᠵᠤᠷᠪᠤᠰ ᠰᠢᠯᠢᠳᠡᠭ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ᠳᠣᠷᠣᠭᠰᠢ ᠪᠠᠭᠤᠵᠤ ᠢᠷᠡᠭᠰᠡᠨ ᠺᠠᠳ᠋ᠷᠴᠤᠳ ︽ᠡᠮᠨᠡᠯᠭᠡ ᠳᠤ ᠣᠷᠣᠬᠤ︾᠂ ︽ᠬᠦᠷᠢᠶᠡᠨ ᠳᠤ ᠣᠷᠣᠬᠤ︾᠂ ︽ᠲᠠᠯᠠᠪᠠᠢ ᠳᠤ ᠣᠷᠣᠬᠤ︾ ᠶᠢ ᠡᠷᠡᠰ ᠪᠡᠶᠡᠯᠡᠭᠦᠯᠵᠦ᠂ ︽ᠲᠠᠪᠤᠨ ᠡᠬᠡ ᠲᠠᠩᠰᠠ︾ ᠶᠢ ᠣᠨᠣᠪᠴᠢᠲᠠᠢ ᠡᠮᠬᠢᠯᠡᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠲᠣᠰ ᠡᠭᠡᠯᠵᠢ ᠶᠢᠨ ᠬᠢᠵᠢᠭ ᠤᠨ ᠪᠠᠶᠢᠳᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠮᠤᠭ ᠤᠨ ᠲᠡᠷᠢᠭᠦᠨ ᠳᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠰᠠᠭᠤᠭᠠᠯᠢ ᠲᠣᠭᠤᠷᠢᠭ ᠢ ᠬᠠᠪᠰᠤᠷᠤᠨ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠵᠦ᠂ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠢᠵᠢᠭ ᠢ ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠵᠠᠶ᠂ ᠲᠠᠷᠠᠭᠠᠴᠢ ᠶᠢᠨ ᠠᠯᠬᠤᠮ ᠳᠤ ᠬᠤᠳᠠᠯᠳᠤᠭᠠᠨ ᠤ ᠶᠠᠪᠤᠳᠠᠯ ᠤᠨ ᠲᠢᠩᠬᠢᠮ ᠰᠠᠭᠤᠭᠠᠯᠢ ᠲᠣᠭᠤᠷᠢᠭ ᠤᠨ ᠬᠢᠵᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ ᠳᠡᠮᠵᠢᠵᠦ᠂ ᠣᠷᠣᠨ ᠤ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠠᠭᠠᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠭᠡᠵᠡᠢ᠃     ᠡᠴᠦᠰ ᠲᠤ᠂ ᠵᠠᠩ ᠬᠤᠩ ᠹᠦ᠋ ᠨᠥᠬᠦᠷ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠣᠷᠣᠭᠰᠢ ᠪᠠᠭᠤᠭᠰᠠᠨ ᠺᠠᠳ᠋ᠷ ᠪᠣᠯᠤᠨ ᠨᠡᠶᠢᠭᠡᠮ ᠲᠣᠭᠤᠷᠢᠭ ᠤᠨ ᠺᠠᠳ᠋ᠷ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠥᠮᠦᠰ ᠲᠤ ᠣᠯᠠᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠵᠠᠪᠠᠯ ᠰᠠᠶᠢᠲᠤᠷ ᠬᠢᠬᠦ ᠶᠢ ᠬᠦᠰᠡᠵᠦ ᠪᠠᠶᠢᠨ᠎ᠠ ᠬᠡᠵᠡᠢ᠃ 
 
ᠢᠷᠡᠯᠲᠡ᠄ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号